ᠪᠦᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ⑥
ᠨᠡᠶᠢᠲᠡᠯᠡᠭᠰᠡᠨ ᠴᠠᠭ᠄
2024/4/29
      ᠭᠠᠯ ᠰᠡᠷᠭᠡᠶᠢᠯᠡᠬᠦ ᠠᠮᠤᠷ ᠲᠦᠪᠰᠢᠨ      1. ᠬᠡᠦᠬᠡᠳ ᠲᠤ ᠭᠠᠯ ᠤᠨ ᠠᠶᠤᠯ ᠤᠨ ᠳᠠᠯᠳᠠ ᠭᠡᠮ ᠢ ᠲᠣᠳᠣᠷᠬᠠᠢ ᠶᠠᠷᠢᠵᠤ᠂ ᠬᠡᠦᠬᠡᠳ ᠢᠶᠠᠨ ᠭᠠᠯ ᠢᠶᠠᠷ ᠨᠠᠭᠠᠳᠴᠤ ᠪᠣᠯᠬᠤ ᠦᠭᠡᠢ᠂ ᠭᠡᠷ ᠲᠤ ᠪᠠᠨ ᠭᠠᠭᠴᠠᠭᠠᠷ ᠢᠶᠠᠨ ᠪᠠᠶᠢᠬᠤ ᠳᠤ  ᠪᠠᠨ ᠴᠦᠳᠡᠩ᠂ ᠨᠣᠴᠣᠭᠠᠭᠤᠷ ᠵᠡᠷᠭᠡ ᠪᠣᠳᠠᠰ ᠲᠠᠢ ᠣᠶᠢᠷᠠᠳᠴᠤ ᠪᠣᠯᠬᠤ ᠦᠭᠡᠢ ᠭᠡᠵᠦ ᠰᠤᠷᠭᠠᠨ᠎ᠠ︔      2. ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠤᠨ ᠠᠶᠤᠯ ᠢ ᠴᠢᠩᠭ᠎ᠠ ᠰᠡᠷᠭᠡᠶᠢᠯᠡᠵᠦ᠂ ᠭᠡᠷ ᠤᠨ ᠠᠬᠠᠮᠠᠳ ᠣᠯᠠᠨ ᠨᠡᠶᠢᠲᠡ ᠶᠢᠨ ᠡᠭᠦᠳᠡᠨ ᠲᠢᠩᠬᠢᠮ᠂ ᠵᠠᠶᠢᠯᠠᠭᠤᠯᠤᠨ ᠲᠠᠷᠬᠠᠭᠠᠬᠤ ᠵᠠᠮ᠂ ᠠᠰᠠᠷ ᠤᠨ ᠱᠠᠲᠤᠨ ᠤ ᠬᠤᠭᠤᠷᠤᠨᠳᠤ᠂ ᠳᠡᠭᠦᠵᠢᠯᠡᠭᠦᠷ ᠳᠠᠪᠬᠤᠷᠭ᠎ᠠ᠂ ᠠᠮᠤᠷ ᠲᠦᠪᠰᠢᠨ ᠭᠠᠷᠤᠴᠠ ᠵᠡᠷᠭᠡ ᠣᠯᠠᠨ ᠨᠡᠶᠢᠲᠡ ᠶᠢᠨ ᠣᠷᠣᠨ ᠪᠦᠰᠡ ᠳᠤ ᠴᠠᠬᠢᠯᠭᠠᠨ ᠴᠡᠨᠡᠭᠯᠡᠬᠦ ᠦᠭᠡᠢ ᠪᠠᠶᠢᠬᠤ ᠶᠢ ᠠᠩᠬᠠᠷᠴᠤ᠂ ᠳ᠋ᠢᠶᠠᠨ ᡂᠢ ᠶᠢ ᠭᠡᠷ ᠲᠤ ᠪᠠᠨ ᠠᠪᠠᠴᠢᠵᠤ ᠴᠠᠬᠢᠯᠭᠠᠨ ᠴᠡᠨᠡᠭᠯᠡᠵᠦ ᠪᠣᠯᠬᠤ ᠦᠭᠡᠢ︔      3. ᠬᠤᠪᠢ ᠪᠠᠷ ᠢᠶᠠᠨ ᠴᠠᠬᠢᠯᠭᠠᠨ ᠤᠲᠠᠰᠤ ᠲᠠᠲᠠᠬᠤ᠂ ᠳᠤᠷ᠎ᠠ ᠪᠠᠷ ᠢᠶᠠᠨ ᠤᠭᠯᠠᠭᠤᠷᠭ᠎ᠠ ᠤᠭᠰᠠᠷᠠᠬᠤ ᠵᠡᠷᠭᠡ ᠭᠠᠯ ᠰᠡᠷᠭᠡᠶᠢᠯᠡᠬᠦ ᠮᠡᠷᠭᠡᠵᠢᠯ ᠤᠨ ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦ ᠦᠭᠡᠢ ᠠᠷᠭ᠎ᠠ ᠮᠠᠶ᠋ᠢᠭ ᠢᠶᠠᠷ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ  ᠳᠤ ᠪᠠᠨ ᠴᠠᠬᠢᠯᠭᠠᠨ ᠴᠡᠨᠡᠭᠯᠡᠬᠦ ᠶᠢ ᠴᠢᠩᠭ᠎ᠠ           ᠬᠤᠷᠢᠭᠯᠠᠨ᠎ᠠ︔      4. ᠬᠡᠦᠬᠡᠳ ᠢ ᠬᠠᠪᠰᠤᠷᠤᠨ ᠭᠠᠯ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠪᠦᠬᠦᠢ ᠮᠡᠳᠡᠯᠭᠡ ᠶᠢ ᠣᠶᠢᠯᠠᠭᠠᠭᠤᠯᠵᠤ᠂ ᠬᠡᠦᠬᠡᠳ ᠲᠤ ᠪᠠᠨ ᠭᠠᠯ ᠭᠠᠷᠤᠭᠰᠠᠨ ᠢ ᠣᠯᠵᠤ ᠮᠡᠳᠡᠪᠡᠯ᠂ ᠡᠩ ᠲᠡᠷᠢᠭᠦᠨ ᠳᠤ ᠥᠪᠡᠷ ᠪᠡᠶ᠎ᠡ ᠶᠢᠨ ᠠᠮᠤᠷ ᠲᠦᠪᠰᠢᠨ ᠢ ᠪᠠᠲᠤᠯᠠᠭᠰᠠᠨ ᠤ ᠳᠠᠷᠠᠭ᠎ᠠ᠂ 119 ᠳᠤ ᠤᠲᠠᠰᠤᠳᠠᠨ ᠮᠡᠳᠡᠭᠦᠯᠬᠦ ᠬᠡᠷᠡᠭᠲᠡᠢ ᠭᠡᠵᠦ           ᠰᠠᠨᠠᠭᠤᠯᠤᠨ᠎ᠠ︔      5. ᠭᠠᠳᠠᠭᠰᠢ ᠭᠠᠷᠴᠤ ᠵᠤᠭᠠᠴᠠᠨ ᠨᠠᠭᠠᠳᠬᠤ ᠦᠶ᠎ᠡ ᠳᠤ᠂ ᠭᠡᠷ ᠤᠨ ᠢᠶᠠᠨ ᠤᠰᠤ᠂ ᠴᠠᠬᠢᠯᠭᠠᠨ᠂ ᠬᠡᠢ ᠶᠢᠨ ᠶᠡᠷᠦᠩᠬᠡᠢ ᠬᠠᠭᠠᠯᠲᠠ ᠶᠢ ᠬᠠᠭᠠᠵᠤ᠂ ᠨᠠᠷᠠᠪᠴᠢ᠂ ᠠᠰᠠᠷ ᠤᠨ ᠬᠤᠩᠬᠢᠯ  ᠳᠤ ᠲᠠᠯᠪᠢᠭᠰᠠᠨ ᠡᠯᠳᠡᠪ ᠪᠣᠳᠠᠰ ᠢ ᠴᠠᠭ ᠲᠤᠬᠠᠢ ᠳᠤ ᠨᠢ ᠴᠡᠪᠡᠷᠯᠡᠨ᠂ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠰᠠᠶᠢᠲᠤᠷ ᠬᠢᠨ᠎ᠡ︔      6᠂ ᠭᠡᠷ ᠤᠨ ᠠᠬᠠᠮᠠᠳ ᠬᠡᠦᠬᠡᠳ ᠲᠠᠢ ᠪᠠᠨ ᠬᠠᠪᠤᠷ ᠬᠥᠳᠡᠭᠡ ᠪᠠᠷ ᠵᠤᠭᠠᠴᠠᠬᠤ ᠣᠢᠶ᠎ᠠ  ᠳᠤ ᠭᠠᠯ ᠬᠡᠷᠡᠭᠯᠡᠬᠦ ᠠᠮᠤᠷ ᠲᠦᠪᠰᠢᠨ ᠢ ᠠᠩᠬᠠᠷᠬᠤ ᠬᠡᠷᠡᠭᠲᠡᠢ᠂ ᠣᠶᠢᠲᠤ ᠣᠷᠣᠨ ᠳᠤ ᠬᠡᠭᠡᠷ᠎ᠡ ᠲᠣᠭᠤᠭᠠᠯᠠᠬᠤ ᠦᠭᠡᠢ᠂ ᠮᠢᠬ᠎ᠠ ᠰᠢᠷᠠᠬᠤ ᠦᠭᠡᠢ︔ ᠬᠡᠭᠡᠷ᠎ᠡ ᠲᠣᠭᠤᠭᠠᠯᠠᠵᠤ ᠳᠠᠭᠤᠰᠤᠭᠰᠠᠨ  ᠤ ᠳᠠᠷᠠᠭ᠎ᠠ ᠦᠯᠡᠳᠡᠪᠦᠷᠢ ᠭᠠᠯ ᠢᠶᠠᠨ ᠪᠦᠷᠢᠮᠦᠰᠦᠨ ᠤᠨᠲᠠᠷᠠᠭᠠᠵᠤ᠂ ᠡᠷᠭᠢᠨ ᠲᠣᠭᠤᠷᠢᠨ ᠤ ᠡᠯᠳᠡᠪ ᠶᠠᠭᠤᠮ᠎ᠠ ᠶᠢ ᠰᠠᠶᠢᠲᠤᠷ ᠴᠡᠪᠡᠷᠯᠡᠭᠰᠡᠨ ᠤ ᠳᠠᠷᠠᠭ᠎ᠠ ᠰᠠᠯᠵᠤ᠂ ᠳᠠᠬᠢᠨ ᠨᠣᠴᠣᠬᠤ ᠶᠢ ᠰᠡᠷᠭᠡᠶᠢᠯᠡᠨ᠎ᠡ︔      7. ᠠᠭᠤᠯᠠᠨ ᠣᠢ ᠶᠢᠨ ᠲᠦᠢᠮᠡᠷ ᠢ ᠣᠯᠵᠤ ᠮᠡᠳᠡᠪᠡᠯ᠂ ᠣᠢ ᠶᠢᠨ ᠭᠠᠯ ᠰᠡᠷᠭᠡᠶᠢᠯᠡᠵᠦ ᠲᠦᠭᠰᠢᠭᠦᠷᠢ ᠮᠡᠳᠡᠭᠦᠯᠬᠦ ᠤᠲᠠᠰᠤ 12119 ᠳᠤ ᠴᠠᠭ ᠲᠤᠬᠠᠢ ᠳᠤ ᠨᠢ ᠤᠲᠠᠰᠤᠳᠠᠵᠤ᠂ ᠲᠦᠢᠮᠡᠷ ᠭᠠᠷᠤᠭᠰᠠᠨ ᠭᠠᠵᠠᠷ ᠢ ᠲᠣᠳᠣᠷᠬᠠᠢ ᠬᠡᠯᠡᠬᠦ ᠶᠢᠨ ᠬᠠᠮᠲᠤ ᠥᠪᠡᠷ ᠪᠡᠶ᠎ᠡ ᠶᠢᠨ ᠬᠠᠮᠠᠭᠠᠯᠠᠯᠲᠠ  ᠶᠢ ᠰᠠᠶᠢᠲᠤᠷ ᠬᠢᠵᠦ᠂ ᠠᠮᠤᠷ ᠲᠦᠪᠰᠢᠨ ᠭᠠᠵᠠᠷ ᠲᠤ ᠲᠦᠷᠭᠡᠨ ᠵᠠᠶᠢᠯᠠᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map