ᠪᠦᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ⑦
ᠨᠡᠶᠢᠲᠡᠯᠡᠭᠰᠡᠨ ᠴᠠᠭ᠄
2024/4/29
      ᠰᠦᠯᠵᠢᠶᠡᠨ ᠤ ᠠᠮᠤᠷ ᠲᠦᠪᠰᠢᠨ      1. ᠬᠡᠦᠬᠡᠳ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠶᠢᠨ ᠲᠥᠯᠥᠭᠡ᠂ ᠭᠡᠷ ᠤᠨ ᠠᠬᠠᠮᠠᠳ ᠬᠡᠦᠬᠡᠳ ᠤᠨ ᠢᠶᠠᠨ ᠡᠳᠦᠷ ᠪᠦᠷᠢ ᠰᠦᠯᠵᠢᠶᠡᠨ ᠳᠤ ᠭᠠᠷᠬᠤ ᠴᠠᠭ ᠤᠨ ᠤᠷᠲᠤ ᠶᠢ ᠲᠣᠭᠲᠠᠭᠠᠵᠤ᠂ ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠲᠷᠣᠨ ᠪᠦᠲᠦᠭᠡᠭᠳᠡᠬᠦᠨ ᠢ ᠬᠡᠷᠡᠭᠯᠡᠬᠦ ᠴᠠᠭ ᠢ ᠵᠣᠬᠢᠰᠲᠠᠢ ᠲᠣᠬᠢᠷᠠᠭᠤᠯᠤᠨ᠂ ᠬᠡᠦᠬᠡᠳ ᠢ ᠬᠠᠪᠰᠤᠷᠤᠨ ᠵᠥᠪ ᠬᠡᠷᠡᠭᠯᠡᠭᠡᠨ ᠤ ᠦᠵᠡᠯᠲᠡ ᠪᠠ ᠠᠵᠢᠯᠯᠠᠭᠠᠨ ᠤ ᠳᠠᠳᠬᠠᠯ  ᠲᠠᠢ ᠪᠣᠯᠭᠠᠨ᠂ ᠬᠡᠦᠬᠡᠳ ᠤᠨ ᠢᠶᠠᠨ ᠲᠣᠭᠯᠠᠭᠠᠮ ᠳᠤ ᠳᠠᠩᠰᠠᠯᠠᠭᠤᠯᠵᠤ ᠵᠣᠭᠤᠰ  ᠳᠤᠰᠢᠶᠠᠵᠤ ᠪᠠᠶᠢᠬᠤ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤ ᠨᠢ ᠡᠵᠡᠮᠰᠢᠵᠦ᠂ ᠬᠡᠦᠬᠡᠳ ᠤᠨ ᠢᠶᠠᠨ ᠭᠤᠣᠯ ᠨᠡᠪᠲᠡᠷᠡᠭᠦᠯᠦᠭᠴᠢ ᠶᠢ ᠱᠠᠩᠨᠠᠬᠤ᠂ ᠲᠣᠭᠯᠠᠭᠠᠮ ᠲᠤ ᠵᠣᠭᠤᠰ ᠨᠡᠮᠡᠬᠦ ᠵᠡᠷᠭᠡ ᠠᠵᠢᠯᠯᠠᠭ᠎ᠠ ᠶᠢ ᠰᠡᠷᠭᠡᠶᠢᠯᠡᠨ᠎ᠡ︔      2. ᠬᠡᠦᠬᠡᠳ ᠲᠤ ᠪᠠᠨ ᠰᠦᠯᠵᠢᠶ᠎ᠡ ᠶᠢ ᠵᠥᠪ ᠬᠡᠷᠡᠭᠯᠡᠵᠦ᠂ ᠰᠦᠯᠵᠢᠶᠡᠨ ᠳᠤ ᠬᠤᠳᠠᠯ ᠬᠠᠭᠤᠷᠮᠠᠭ ᠮᠡᠳᠡᠭᠡ ᠵᠠᠩᠭᠢ ᠶᠢ ᠨᠡᠶᠢᠲᠡᠯᠡᠬᠦ ᠪᠤᠶᠤ  ᠳᠠᠮᠵᠢᠭᠤᠯᠵᠤ ᠪᠣᠯᠬᠤ ᠦᠭᠡᠢ︔ ᠡᠷᠡᠭᠦᠯ ᠪᠤᠰᠤ ᠰᠦᠯᠵᠢᠶ᠎ᠡ ᠶᠢ ᠦᠵᠡᠬᠦ ᠦᠭᠡᠢ᠂ ᠲᠠᠨᠢᠯ ᠪᠤᠰᠤ ᠰᠦᠯᠵᠢᠶᠡᠨ ᠳᠤ ᠳᠤᠷ᠎ᠠ ᠪᠠᠷ ᠢᠶᠠᠨ ᠳᠠᠩᠰᠠᠯᠠᠭᠤᠯᠬᠤ ᠦᠭᠡᠢ ᠭᠡᠵᠦ ᠰᠤᠷᠭᠠᠨ᠎ᠠ︔      3. ᠣᠳᠣᠬᠠᠨ ᠳᠤ ᠰᠦᠯᠵᠢᠶᠡᠨ ᠤ ᠮᠡᠬᠡᠯᠡᠯ ᠳᠠᠬᠢᠨ ᠳᠠᠪᠲᠠᠨ ᠡᠭᠦᠰᠴᠦ ᠪᠠᠶᠢᠨ᠎ᠠ᠂ ᠭᠡᠷ  ᠤᠨ ᠠᠬᠠᠮᠠᠳ ᠬᠡᠦᠬᠡᠳ ᠤᠨ ᠢᠶᠠᠨ ᠰᠦᠯᠵᠢᠶᠡᠨ ᠳᠤ ᠭᠠᠷᠬᠤ ᠶᠠᠪᠤᠴᠠ ᠶᠢ ᠨᠢᠭᠲᠠ ᠠᠩᠬᠠᠷᠴᠤ᠂ ᠬᠡᠦᠬᠡᠳ ᠲᠤ ᠪᠠᠨ ᠴᠢᠬᠤᠯᠠ ᠪᠦᠬᠦᠢ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠵᠢᠭᠠᠵᠤ ᠥᠭᠭᠦᠨ᠂ ᠬᠡᠦᠬᠡᠳ ᠲᠤ ︽ᠭᠤᠷᠪᠠᠨ ᠪᠣᠯᠬᠤ ᠦᠭᠡᠢ ᠨᠢᠭᠡ ᠢᠯᠡᠭᠦᠦ︾ ᠢ ᠪᠠᠲᠤ ᠴᠡᠭᠡᠵᠢᠯᠡᠭᠦᠯᠦᠨ᠎ᠡ᠂ ᠲᠤᠬᠠᠶᠢᠯᠠᠪᠠᠯ᠂ ᠦᠯᠦ ᠮᠡᠳᠡᠬᠦ ᠬᠤᠯᠪᠤᠭᠠᠰᠤ ᠶᠢ ᠳᠠᠷᠤᠵᠤ ᠪᠣᠯᠬᠤ ᠦᠭᠡᠢ᠂ ᠲᠠᠨᠢᠯ ᠪᠤᠰᠤ ᠤᠲᠠᠰᠤ ᠶᠢ ᠢᠲᠡᠭᠡᠵᠦ ᠪᠣᠯᠬᠤ ᠦᠭᠡᠢ᠂ ᠬᠤᠪᠢ ᠬᠥᠮᠦᠨ ᠤ ᠮᠡᠳᠡᠭᠡ ᠵᠠᠩᠭᠢ ᠪᠠᠨ ᠵᠠᠳᠠᠷᠠᠭᠤᠯᠵᠤ ᠪᠣᠯᠬᠤ ᠦᠭᠡᠢ᠂  ᠪᠣᠰᠤᠳ ᠤᠨ ᠳᠠᠩᠰᠠᠨ ᠳᠤ ᠵᠣᠭᠤᠰ ᠰᠢᠯᠵᠢᠭᠦᠯᠬᠦ ᠳᠤ ᠪᠠᠨ ᠢᠯᠡᠭᠦᠦ ᠬᠢᠨᠠᠨ ᠪᠠᠶᠢᠴᠠᠭᠠᠨ᠎ᠠ︔      4. ᠴᠠᠭᠳᠠᠭ᠎ᠠ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠠᠵᠢᠯᠲᠠᠨ ᠢᠶᠠᠷ ᠬᠠᠭᠤᠷᠮᠠᠭᠯᠠᠬᠤ᠂ ᠰᠦᠯᠵᠢᠶᠡᠨ ᠳᠤ ᠬᠠᠭᠤᠷᠮᠠᠭ ᠠᠷᠠᠯᠵᠢᠶ᠎ᠠ ᠬᠢᠬᠦ᠂ ᠲᠣᠭᠯᠠᠭᠠᠮ ᠢᠶᠠᠷ ᠠᠰᠢᠭ ᠣᠯᠬᠤ᠂ ᠲᠥᠯᠦᠪᠦᠷᠢ ᠦᠭᠡᠢ ᠭᠠᠷ ᠤᠲᠠᠰᠤ ᠠᠪᠬᠤ᠂ ᠤᠯᠠᠭᠠᠨ ᠪᠠᠭᠯᠠᠭ᠎ᠠ ᠠᠪᠬᠤ᠂ ᠰᠦᠯᠵᠢᠶᠡᠨ ᠳᠤ ᠬᠤᠳᠠᠯᠳᠤᠨ ᠠᠪᠬᠤ ᠪᠤᠶᠤ ᠪᠠᠷᠠᠭ᠎ᠠ ᠪᠤᠴᠠᠭᠠᠬᠤ᠂ ᠰᠢᠤᠳᠠᠨ ᠤ ᠵᠦᠢᠯ ᠢ ᠭᠡᠭᠡᠬᠦ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠲᠠᠩᠰᠠᠨ ᠨᠣᠮᠧᠷ ᠢ ᠬᠠᠭᠠᠬᠤ ᠵᠡᠷᠭᠡ ᠬᠡᠯᠪᠡᠷᠢ ᠶᠢᠨ ᠮᠡᠬᠡᠯᠡᠯ ᠢ ᠰᠡᠷᠭᠡᠶᠢᠯᠡᠬᠦ ᠶᠢ ᠣᠨᠴᠠᠭᠠᠶᠢᠯᠠᠨ ᠠᠩᠬᠠᠷᠬᠤ ᠬᠡᠷᠡᠭᠲᠡᠢ᠃ ᠲᠠᠨᠢᠯ ᠪᠤᠰᠤ ᠬᠥᠮᠦᠨ ᠲᠠᠢ ᠬᠠᠷᠢᠯᠴᠠᠬᠤ ᠦᠶ᠎ᠡ ᠳᠤ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠮᠡᠬᠡᠯᠡᠭᠳᠡᠬᠦ ᠠᠴᠠ ᠰᠡᠷᠭᠡᠶᠢᠯᠡᠨ᠎ᠡ︔      5.  ᠬᠡᠦᠬᠡᠳ ᠢᠶᠠᠨ ᠰᠦᠯᠵᠢᠶᠡᠨ ᠳᠤ ᠨᠠᠶᠢᠵᠠᠯᠠᠵᠤ ᠪᠣᠯᠬᠤ ᠦᠭᠡᠢ᠂ ᠲᠠᠨᠢᠯ ᠪᠤᠰᠤ ᠬᠥᠮᠦᠨ ᠤ ᠬᠠᠷᠢᠯᠴᠠᠬᠤ ᠠᠷᠭ᠎ᠠ ᠮᠠᠶ᠋ᠢᠭ ᠢ ᠠᠪᠴᠤ ᠪᠣᠯᠬᠤ ᠦᠭᠡᠢ᠂ ᠨᠡᠩ ᠴᠤ ᠰᠦᠯᠵᠢᠶᠡᠨ ᠠᠨᠳᠠ ᠲᠠᠢ ᠳᠠᠯᠳᠠᠭᠤᠷ ᠠᠭᠤᠯᠵᠠᠵᠤ ᠪᠣᠯᠬᠤ ᠦᠭᠡᠢ ᠭᠡᠵᠦ ᠰᠤᠷᠭᠠᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map