ᠪᠦᠬᠦ ᠪᠠᠭᠰᠢ ᠰᠤᠷᠤᠭᠴᠢ ᠭᠡᠷ ᠤᠨ ᠠᠬᠠᠮᠠᠳ ᠲᠤ — ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ⑧
ᠨᠡᠶᠢᠲᠡᠯᠡᠭᠰᠡᠨ ᠴᠠᠭ᠄
2024/4/29
      ᠢᠳᠡᠭᠡᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ      ᠬᠠᠪᠤᠷ ᠵᠤᠨ ᠤ ᠤᠯᠠᠷᠢᠯ ᠰᠣᠯᠢᠭᠳᠠᠬᠤ ᠦᠶ᠎ᠡ ᠳᠤ ᠠᠭᠠᠷ ᠤᠨ ᠳᠤᠯᠠᠭᠠᠨ ᠲᠣᠭᠲᠠᠪᠤᠷᠢ ᠦᠭᠡᠢ ᠪᠣᠯᠵᠤ᠂ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠮᠥᠷᠲᠡᠭᠡᠨ ᠠᠮᠠᠷᠠᠯᠲᠠ ᠶᠢᠨ ᠬᠤᠭᠤᠴᠠᠭᠠᠨ ᠳᠤ ᠬᠥᠮᠦᠰ ᠤᠨ ᠰᠢᠯᠵᠢᠯᠲᠡ ᠪᠠ ᠴᠤᠭᠯᠠᠷᠠᠯ ᠤᠨ ᠴᠢᠨᠠᠷᠲᠠᠢ ᠠᠵᠢᠯᠯᠠᠭ᠎ᠠ ᠣᠯᠠᠰᠢᠷᠠᠬᠤ ᠪᠣᠯᠬᠤᠷ᠂ ᠡᠯ᠎ᠡ ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠬᠤᠯᠪᠣᠭᠳᠠᠯ ᠪᠦᠬᠦᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠄      1. ᠬᠤᠪᠢ ᠬᠥᠮᠦᠨ ᠤ ᠡᠷᠡᠭᠦᠯ ᠬᠠᠮᠠᠭᠠᠯᠠᠯ ᠢ ᠠᠩᠬᠠᠷᠴᠤ᠂ ᠤᠰᠤ ᠢᠯᠡᠭᠦᠦ ᠤᠤᠭᠤᠵᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠨ᠂ ᠵᠣᠬᠢᠰᠲᠠᠢ ᠬᠥᠳᠡᠯᠭᠡᠭᠡᠨ ᠬᠢᠬᠦ ᠨᠢ ᠡᠬᠡᠯᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔      2. ᠭᠠᠳᠠᠭᠰᠢ ᠭᠠᠷᠴᠤ ᠬᠤᠭᠤᠯᠠᠯᠠᠬᠤ ᠳᠤ ᠪᠠᠨ ᠵᠢᠩᠬᠢᠨᠢ᠂ ᠡᠵᠡᠩᠨᠡᠯᠲᠡ ᠶᠢᠨ ᠦᠨᠡᠮᠯᠡᠯ ᠲᠠᠢ ᠬᠤᠭᠤᠯᠠᠨ ᠭᠡᠷ ᠢ ᠰᠣᠩᠭᠤᠵᠤ᠂ ᠵᠡᠭᠡᠯᠢ ᠭᠤᠳᠤᠮᠵᠢ ᠳᠠᠬᠢ ᠡᠵᠡᠩᠨᠡᠯᠲᠡ ᠶᠢᠨ ᠦᠨᠡᠮᠯᠡᠯ ᠦᠭᠡᠢ ᠬᠤᠳᠠᠯᠳᠤᠭᠠᠴᠢᠨ ᠤ ᠪᠣᠷᠤᠯᠠᠭᠤᠯᠵᠤ ᠪᠠᠶᠢᠭ᠎ᠠ ᠢᠳᠡᠭᠡᠨ ᠢ ᠬᠤᠳᠠᠯᠳᠤᠨ ᠠᠪᠬᠤ ᠦᠭᠡᠢ︔      3. ᠲᠦᠭᠦᠬᠡᠢ ᠤᠰᠤ ᠤᠤᠭᠤᠬᠤ ᠦᠭᠡᠢ᠂ ᠢᠷᠡᠯᠲᠡ ᠨᠢ ᠲᠣᠳᠣᠷᠬᠠᠢ ᠦᠭᠡᠢ ᠵᠢᠮᠢᠰ᠂ ᠬᠡᠭᠡᠷ᠎ᠡ ᠶᠢᠨ ᠵᠢᠮᠢᠰ ᠪᠠ ᠢᠳᠡᠭᠡᠨ ᠢ ᠢᠳᠡᠬᠦ ᠦᠭᠡᠢ᠂ ᠵᠡᠷᠯᠢᠭ ᠮᠥᠭᠦ ᠵᠡᠷᠭᠡ ᠲᠦᠭᠰᠢᠭᠦᠷᠢ ᠶᠡᠬᠡᠲᠡᠢ ᠢᠳᠡᠭᠡᠨ ᠢ ᠢᠳᠡᠬᠦ ᠦᠭᠡᠢ᠂ ᠦᠨᠡᠮᠯᠡᠯ ᠦᠭᠡᠢ ᠳᠡᠯᠭᠡᠭᠦᠷ ᠤᠨ ᠪᠣᠷᠤᠯᠠᠭᠤᠯᠵᠤ ᠪᠠᠶᠢᠭ᠎ᠠ ᠢᠳᠡᠭᠡᠨ ᠢ ᠬᠤᠳᠠᠯᠳᠤᠨ ᠠᠪᠬᠤ ᠦᠭᠡᠢ᠂ ᠢᠳᠡᠭᠡᠨ ᠳᠤ ᠬᠤᠣᠷᠳᠠᠭᠳᠠᠬᠤ ᠶᠢ ᠴᠢᠩᠭ᠎ᠠ ᠰᠡᠷᠭᠡᠶᠢᠯᠡᠨ᠎ᠡ︔      4. ᠬᠡᠦᠬᠡᠳ ᠢ ᠢᠳᠡᠵᠦ ᠤᠤᠭᠤᠬᠤ ᠰᠠᠶᠢᠨ ᠰᠠᠶᠢᠬᠠᠨ ᠳᠠᠳᠬᠠᠯ ᠲᠠᠢ ᠪᠣᠯᠭᠠᠵᠤ᠂ ᠬᠤᠭᠤᠯᠠ ᠢᠳᠡᠬᠦ ᠠᠴᠠ ᠡᠮᠦᠨ᠎ᠡ ᠪᠤᠶᠤ ᠭᠠᠳᠠᠭᠠᠯᠠᠭᠰᠠᠨ ᠤ ᠳᠠᠷᠠᠭ᠎ᠠ ᠭᠠᠷ ᠢᠶᠠᠨ ᠤᠬᠢᠶᠠᠬᠤ᠂ ᠭᠦᠢᠴᠡᠳ ᠵᠠᠵᠢᠯᠤᠨ ᠠᠭᠠᠵᠢᠮ ᠬᠤᠭᠤᠯᠠᠯᠠᠬᠤ᠂ ᠢᠳᠡᠰᠢ ᠭᠤᠯᠣᠬᠤ ᠦᠭᠡᠢ᠂ ᠢᠳᠡᠰᠢ ᠢᠯᠠᠭᠠᠬᠤ ᠦᠭᠡᠢ᠂ ᠵᠦᠢ ᠵᠣᠬᠢᠰᠲᠠᠢ ᠬᠤᠭᠤᠯᠠᠯᠠᠬᠤ ᠪᠣᠯᠭᠠᠵᠤ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ  ᠢ ᠨᠢ ᠠᠬᠢᠭᠤᠯᠤᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map