ᠥᠪᠡᠷᠲᠡᠭᠡᠨ ᠵᠠᠰᠠᠬᠤ ᠣᠷᠣᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/3
      4 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ 11 ᠰᠠᠯᠠᠭ᠎ᠠ ᠮᠥᠴᠢᠷ ᠬᠠᠮᠲᠤᠷᠠᠨ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ  ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠬᠤᠷᠠᠯ ᠢ ᠡᠷᠬᠢᠯᠡᠪᠡ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃ ᠬᠥᠯᠥᠨ ᠪᠤᠶᠢᠷ ᠬᠤᠲᠠ᠂ ᠲᠦᠩᠯᠢᠶᠣᠤ ᠬᠤᠲᠠ᠂ ᠣᠷᠳᠣᠰ ᠬᠤᠳᠠ᠂ ᠦᠬᠠᠢ ᠬᠤᠲᠠ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠭᠰᠠᠨ ᠠᠵᠢᠯ ᠤᠨ ᠲᠤᠰᠬᠠᠢ ᠬᠠᠷᠢᠭᠤ ᠮᠡᠳᠡᠭᠦᠯᠦᠯᠲᠡ ᠬᠢᠪᠡ᠃      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠬᠤ           ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠶ᠎ᠠ ᠭᠠᠵᠠᠷ  ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠠᠮᠤᠷ ᠲᠠᠶᠢᠪᠤᠭᠤᠨ ᠰᠤᠷᠭᠠᠭᠤᠯᠢ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠪᠣᠯᠤᠨ ᠰᠤᠷᠭᠠᠭᠤᠯᠢ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ᠂ ᠳᠠᠬᠢᠨ ᠪᠠᠶᠢᠴᠠᠭᠠᠵᠤ ᠳ᠋ᠦᠩᠨᠡᠬᠦ᠂ ᠬᠢᠨᠠᠨ ᠵᠢᠯᠣᠭᠤᠳᠴᠤ ᠬᠢᠨᠠᠨ ᠰᠢᠯᠭᠠᠬᠤ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠤᠳᠠᠭᠠᠨ ᠳᠠᠭᠠᠭᠠᠮᠠᠭᠠᠢ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ ᠤᠨ ᠳᠣᠷᠣᠮᠵᠢᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠠᠪᠤᠴᠠ ᠵᠡᠷᠭᠡ ᠶᠢ ᠲᠡᠭᠦᠯᠳᠡᠷᠵᠢᠭᠦᠯᠦᠨ᠂ ᠠᠰᠠᠭᠤᠳᠠᠯ ᠭᠠᠷᠪᠠᠯ ᠲᠦᠷᠭᠡᠨ ᠲᠤᠰᠬᠠᠵᠤ᠂ ᠥᠨᠳᠥᠷ ᠪᠦᠲᠦᠮᠵᠢᠲᠡᠢ ᠰᠢᠢᠳᠪᠦᠷᠢᠯᠡᠨ᠂ ᠲᠦᠷᠭᠡᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠰᠤᠷᠤᠭᠴᠢᠳ ᠤᠨ ᠳᠣᠷᠣᠮᠵᠢᠯᠠᠯ ᠤᠨ ᠬᠡᠷᠡᠭ ᠤᠨ ᠰᠦᠪᠡᠭᠴᠢ ᠪᠠ ᠴᠤᠬᠤᠶᠢᠯᠲᠠ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ︽ᠭᠦᠨᠵᠡᠭᠡᠢ ᠪᠥᠭᠡᠳ ᠪᠥᠬᠦ ᠲᠠᠯ᠎ᠠ︾ ᠶᠢᠨ ᠶᠡᠭᠡ ᠪᠠᠶᠢᠴᠠᠭᠠᠯᠲᠠ ᠶᠢ ᠥᠷᠨᠢᠭᠦᠯᠦᠨ᠂ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠡᠵᠡᠮᠳᠡᠬᠦ ᠶᠢ ᠪᠡᠶᠡᠯᠡᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠠᠮᠤᠷ ᠲᠦᠪᠰᠢᠨ  ᠤ ᠬᠠᠮᠢᠶᠠᠷᠤᠯᠲᠠ ᠶᠢ ᠨᠠᠷᠢᠯᠢᠭ ᠨᠠᠶᠢᠳᠠᠪᠤᠷᠢᠵᠢᠭᠤᠯᠵᠤ᠂ ︽ᠣᠷᠭᠢᠯ ᠴᠠᠭ ᠤᠨ ᠦᠢᠯᠡᠴᠢᠯᠡᠭᠡ︾ ᠪᠠ ︽ᠰᠤᠷᠤᠭᠴᠢ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠭᠠᠭᠤᠯᠢ ᠶᠢᠨ ᠳᠣᠲᠣᠭᠠᠳᠤ ᠶᠢ ᠴᠠᠭᠳᠠᠨ ᠪᠠᠶᠢᠴᠠᠭᠠᠬᠤ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠰᠤᠷᠤᠭᠴᠢᠳ ᠤᠨ ᠳᠣᠷᠣᠮᠵᠢᠯᠠᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠬᠠᠮᠢᠶᠠᠷᠤᠯᠲᠠ ᠨᠢ ᠵᠢᠷᠤᠮᠵᠢᠭᠤᠨ ᠪᠤᠰᠤ᠂ ᠠᠮᠤᠷ ᠲᠦᠪᠰᠢᠨ ᠤ ᠠᠰᠠᠭᠤᠳᠠᠯ ᠲᠣᠪᠤᠶᠢᠮ᠎ᠠ ᠭᠠᠵᠠᠷ ᠣᠷᠣᠨ᠂ ᠰᠤᠷᠭᠠᠭᠤᠯᠢ ᠪᠠ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠦᠢᠯᠡ ᠪᠠᠶᠢᠳᠠᠯ ᠤᠨ ᠬᠦᠨᠳᠦ ᠨᠣᠴᠢᠲᠠᠢ ᠶᠢᠨ ᠬᠡᠮᠵᠢᠶ᠎ᠡ ᠶᠢ ᠦᠨᠳᠦᠰᠦᠯᠡᠨ ᠬᠠᠷᠢᠭᠤᠴᠠᠯᠭ᠎ᠠ ᠲᠤᠯᠭᠠᠵᠤ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠳᠣᠷᠣᠮᠵᠢᠯᠠᠯ ᠢ ᠰᠡᠷᠭᠡᠶᠢᠯᠡᠬᠦ ᠰᠡᠷᠡᠮᠵᠢᠯᠡᠭᠦᠯᠬᠦ ᠬᠥᠮᠦᠵᠢᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ᠂ ᠮᠡᠳᠡᠯᠭᠡ ᠶᠢᠨ ᠤᠷᠤᠯᠳᠤᠭᠠᠨ᠂ ᠵᠢᠱᠢᠮᠡᠭ ᠰᠢᠭᠦᠬᠦ ᠲᠢᠩᠬᠢᠮ ᠵᠡᠷᠭᠡ ᠬᠡᠯᠪᠡᠷᠢ ᠶᠢ ᠠᠪᠴᠤ᠂ ᠤᠬᠠᠭᠤᠯᠭ᠎ᠠ ᠶᠢᠨ ᠴᠣᠩᠬᠤ᠂ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠥᠷᠲᠡᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠤᠩᠰᠢᠯᠭ᠎ᠠ ᠶᠢᠨ ᠲᠠᠰᠤᠭ ᠵᠡᠷᠭᠡ ᠵᠢᠭᠰᠠᠭᠠᠯ ᠤᠨ ᠭᠠᠵᠠᠷ ᠢ ᠠᠰᠢᠭᠯᠠᠵᠤ᠂ ᠪᠠᠶᠠᠯᠢᠭ ᠰᠠᠶᠢᠬᠠᠨ ᠬᠠᠤᠯᠢ ᠪᠠᠷ ᠵᠠᠰᠠᠬᠤ ᠬᠥᠮᠦᠵᠢᠯ ᠪᠠ ᠳᠣᠷᠣᠮᠵᠢᠯᠠᠯ ᠢ ᠰᠡᠷᠭᠡᠶᠢᠯᠡᠬᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠤᠯᠪᠣᠭᠠᠯᠠᠨ ᠬᠥᠳᠡᠯᠦᠯᠴᠡᠵᠦ ᠬᠠᠮᠲᠤ ᠳᠤ ᠪᠠᠨ ᠪᠤᠶᠢᠵᠢᠭᠤᠯᠬᠤ ᠶᠢ ᠶᠡᠭᠡ ᠪᠠᠷ ᠠᠬᠢᠭᠤᠯᠵᠤ᠂ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠤᠨ ᠬᠠᠮ ᠬᠦᠴᠦᠨ ᠢ ᠪᠦᠬᠦ ᠲᠠᠯ᠎ᠠ ᠪᠠᠷ ᠪᠣᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ᠂ ᠬᠠᠪᠤᠷ ᠤᠨ ᠤᠯᠠᠷᠢᠯ ᠤᠨ ᠤᠰᠤᠨ ᠳᠤ ᠠᠳᠡᠬᠦ ᠶᠢ ᠰᠡᠷᠭᠡᠶᠢᠯᠡᠬᠦ ᠠᠵᠢᠯ ᠵᠢᠴᠢ ᠬᠠᠩᠰᠢ ᠶᠢᠨ ᠡᠳᠦᠷ ᠪᠠ ︽5 · 1︾ ᠤ ᠠᠮᠠᠷᠠᠯᠲᠠ ᠶᠢᠨ ᠬᠤᠭᠤᠴᠠᠭᠠᠨ ᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ  ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠢᠭᠦᠬᠦ  ᠬᠤᠷᠢᠶ᠎ᠠ᠂ ᠪᠠᠶᠢᠴᠠᠭᠠᠬᠤ  ᠬᠤᠷᠢᠶ᠎ᠠ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map