ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠡᠰᠡᠭ ᠶᠡᠭᠡ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠣᠴᠢᠭᠤᠯᠤᠨ ᠠᠵᠢᠯ ᠤᠨ ᠪᠠᠶᠢᠷᠢ ᠶᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/30
      4 ᠳ᠋ᠦ᠋ᠭᠡᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡᠲᠦ ᠲᠣᠭᠤᠷᠢᠭ᠂ ᠬᠥᠬᠡᠬᠤᠲᠠ ᠶᠢᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠣᠮᠣ ᠠᠰᠠᠷ ᠲᠤ ᠬᠦᠷᠴᠦ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠪᠡ᠃

1.jpg

      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠥᠪᠥᠷ ᠮᠣᠩᠭᠤᠯ ᠤᠨ ᠳ᠋ᠠ ᠶᠣᠣ ᠵᠢᠶᠠ

ᠪᠢᠨ ᠤᠮᠳᠠᠭᠠᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠳ᠋ᠢᠶᠠᠨ ᠡᠨᠧᠷᠭᠢ ᠬᠠᠳᠠᠭᠠᠯᠠᠬᠤ ᠮᠡᠷᠭᠡᠵᠢᠯ ᠤᠨ

ᠬᠢᠵᠠᠭᠠᠷᠲᠤ ᠺᠣᠮᠫᠠᠨᠢ ᠳᠤ ᠬᠦᠷᠴᠦ ᠲᠤᠬᠠᠢ ᠶᠢᠨ ᠭᠠᠵᠠᠷ ᠲᠤ ᠨᠢ ᠰᠤᠷᠪᠤᠯᠵᠢᠯᠠᠵᠤ᠂ ᠠᠵᠤ ᠠᠬᠤᠶᠢᠯᠠᠯ ᠤᠨ ᠬᠡᠪᠴᠢᠶ᠎ᠡ᠂

ᠦᠢᠯᠡᠳᠪᠦᠷᠢᠯᠡᠯ ᠤᠨ ᠭᠤᠭᠴᠤᠭ᠎ᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠳᠠᠷᠠᠭ᠎ᠠ ᠨᠢ᠂ ᠬᠥᠬᠡᠬᠤᠲᠠ ᠶᠢᠨ

ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠥᠪᠥᠷ ᠮᠣᠩᠭᠤᠯ ᠤᠨ ᠵᠥᠩ

ᠭᠤᠸᠠᠨ ᠳᠣᠰᠬᠤᠨ ᠤ ᡁᠢ ᠺᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ

ᠺᠣᠮᠫᠠᠨᠢ᠂ ᠥᠪᠥᠷ ᠮᠣᠩᠭᠤᠯ ᠤᠨ ᠱᠤᠸᠠᠩ ᠵᠢᠶᠧ ᠰᠠᠢ ᠳ᠋ᠦ᠋ ᠴᠠᠬᠢᠯᠭᠠᠨ ᠤ ᠬᠢᠵᠠᠭᠠᠷᠲᠤ ᠺᠣᠮᠫᠠᠨᠢ᠂ ᠬᠥᠬᠡᠬᠤᠲᠠ ᠶᠢᠨ 

ᠲᠧ ᠯᠠᠢ ᠳ᠋ᠢᠶᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠪᠠᠩ ᠳ᠋ᠠ

ᠬᠠᠩᠭᠠᠯᠭ᠎ᠠ ᠶᠢᠨ ᠬᠡᠯᠬᠢᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 10

ᠠᠵᠤ ᠠᠬᠤᠶᠢᠯᠠᠯ  ᠲᠠᠢ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠣᠷᠣᠨ ᠤ ᠲᠥᠪ ᠤᠨ ᠭᠤᠣᠯᠳᠠᠯᠭ᠎ᠠ ᠲᠠᠢ ᠠᠵᠤ

ᠠᠬᠤᠶᠢᠯᠠᠯ ᠤᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠵᠤ᠂ ᠬᠥᠮᠦᠨ

ᠬᠡᠷᠡᠭᠯᠡᠬᠦ ᠨᠢᠭᠡᠴᠢ ᠶᠢᠨ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ᠂ ᠲᠤᠰᠬᠠᠢ ᠮᠡᠷᠭᠡᠵᠢᠯ

ᠲᠣᠬᠢᠷᠠᠭᠤᠯᠬᠤ ᠲᠤᠬᠠᠢ ᠰᠠᠨᠠᠯ ᠪᠠ ᠰᠠᠨᠠᠭᠤᠯᠭ᠎ᠠ ᠶᠢ ᠴᠤᠭᠯᠠᠭᠤᠯᠤᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠥᠭᠡᠷᠡᠴᠢᠯᠡᠯᠲᠡ  ᠶᠢ ᠤᠯᠠᠮ ᠨᠢᠭᠡ ᠠᠯᠬᠤᠮ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠶᠢ

ᠵᠢᠯᠣᠭᠤᠳᠤᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠰᠢᠨᠵᠢᠯᠡᠭᠡᠨ ᠤ ᠰᠠᠯᠠᠭᠠᠨ ᠤ

ᠲᠤᠰᠬᠠᠢ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ

ᠴᠢᠨᠠᠷᠯᠢᠭ ᠠᠵᠢᠯ ᠣᠯᠭᠤᠯᠲᠠ ᠪᠠ ᠬᠥᠬᠡᠬᠤᠲᠠ ᠶᠢᠨ ᠴᠢᠨᠠᠷᠯᠢᠭ ᠬᠥᠭᠵᠢᠯᠲᠡ ᠶᠢ ᠦᠨᠡᠨ ᠬᠦ ᠠᠬᠢᠭᠤᠯᠪᠠ᠃

   

2.jpg

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ

ᠪᠣᠯᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠨᠡᠩ ᠲᠣᠪᠤᠶᠢᠮ᠎ᠠ ᠪᠠᠶᠢᠷᠢᠨ ᠳᠤ

ᠲᠠᠯᠪᠢᠬᠤ ᠶᠢ ᠪᠠᠷᠢᠮᠲᠠᠯᠠᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ

ᠭᠦᠨᠵᠡᠭᠡᠶᠢᠷᠡᠭᠦᠯᠦᠨ᠂ ᠰᠤᠷᠤᠭᠴᠢ ᠡᠯᠰᠡᠬᠦ᠂ ᠴᠢᠳᠠᠪᠤᠷᠢᠲᠠᠨ ᠬᠥᠮᠦᠵᠢᠭᠦᠯᠬᠦ᠂ ᠠᠵᠢᠯ ᠣᠯᠭᠤᠯᠲᠠ ᠶᠢᠨ ᠬᠤᠯᠪᠣᠯᠳᠤᠨ

ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ︔ ︽ᠶᠡᠭᠡ ᠳᠡᠭᠡᠳᠦ ᠰᠤᠷᠭᠠᠭᠤᠯᠢ ᠶᠢᠨ ᠱᠦᠵᠢ ᠵᠠᠬᠢᠷᠤᠯ ᠤᠨ

ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠶᠢ ᠥᠷᠭᠡᠳᠬᠡᠨ ᠠᠵᠢᠯ ᠣᠯᠭᠤᠯᠲᠠ ᠶᠢ ᠠᠬᠢᠭᠤᠯᠬᠤ

ᠲᠤᠰᠬᠠᠢ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠢ ᠨᠠᠷᠢᠯᠢᠭ

ᠣᠨᠣᠴᠠᠲᠠᠢ ᠵᠣᠯᠭᠠᠭᠤᠯᠬᠤ ᠶᠢ ᠴᠢᠩᠭᠠᠳᠬᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠡᠩ ᠣᠯᠠᠨ ᠳᠠᠳᠤᠯᠭ᠎ᠠ

ᠬᠢᠬᠦ᠂ ᠦᠢᠯᠡᠳᠦᠯᠭᠡᠵᠢᠭᠦᠯᠬᠦ ᠠᠵᠠ ᠲᠣᠬᠢᠶᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ

ᠲᠡᠭᠦᠰᠦᠭᠰᠡᠳ ᠤᠨ ᠴᠢᠨᠠᠷᠯᠢᠭ ᠭᠦᠢᠴᠡᠳ ᠠᠵᠢᠯ ᠣᠯᠭᠤᠯᠲᠠ ᠶᠢ ᠪᠦᠬᠦ ᠲᠠᠯ᠎ᠠ ᠪᠠᠷ ᠠᠬᠢᠭᠤᠯᠤᠨ᠂ ᠥᠪᠡᠷᠲᠡᠭᠡᠨ

ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠪᠤᠷᠢᠲᠠᠨ ᠤ ᠣᠶᠤᠨ ᠤ ᠲᠤᠯᠭᠠᠭᠤᠷᠢᠯᠠᠯ

ᠬᠠᠩᠭᠠᠨ᠎ᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ᠂ ᠬᠥᠬᠡᠬᠤᠲᠠ ᠶᠢᠨ ᠳᠡᠳ᠋ ᠳᠠᠷᠤᠭ᠎ᠠ ᠵᠢᠶᠣᠤ

ᠾᠥᠩ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 12 ᠶᠡᠭᠡ ᠳᠡᠭᠡᠳᠦ ᠰᠤᠷᠭᠠᠭᠤᠯᠢ ᠶᠢᠨ ᠠᠵᠢᠯ

ᠣᠯᠭᠤᠯᠲᠠ ᠶᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠠᠵᠢᠯ ᠣᠯᠭᠤᠬᠤ ᠡᠭᠦᠷᠭᠡ ᠴᠢᠳᠠᠮᠵᠢᠲᠤ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠬᠥᠬᠡᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map