ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠱᠠᠩᠬᠠᠶ ᠬᠤᠲᠠ ᠳᠤ ᠬᠦᠷᠴᠦ ᠱᠠᠩᠬᠠᠶ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠬᠠᠮᠢᠶ᠎ᠠ ᠪᠥᠬᠦᠢ ᠠᠵᠢᠯ ᠢ ᠭᠦᠨᠵᠡᠭᠡᠶ ᠵᠣᠯᠭᠠᠭᠤᠯᠪᠠ
ᠨᠡᠶᠢᠲᠡᠯᠡᠭᠰᠡᠨ ᠴᠠᠭ᠄
2024/4/7
      ᠮᠠᠨ ᠤ ᠣᠷᠣᠨ ᠪᠣᠯᠤᠨ ᠱᠠᠩᠬᠠᠶ ᠬᠤᠲᠠ ᠶᠢᠨ ᠰᠤᠷᠭᠠᠨ ᠬᠥᠮᠦᠵᠢᠯ ᠤᠨ ᠭᠦᠨᠵᠡᠭᠡᠶ ᠬᠠᠮᠲᠤᠷᠠᠯᠴᠠᠭ᠎ᠠ ᠶᠢ ᠠᠬᠢᠭᠤᠯᠵᠤ᠂ ᠱᠠᠩᠬᠠᠶ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠪᠦᠯᠬᠦᠮ ᠳᠠᠭᠠᠭᠤᠯᠤᠨ ᠱᠠᠩᠬᠠᠶ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ ᠳᠤ ᠬᠦᠷᠴᠦ ᠱᠠᠩᠬᠠᠶ ᠥᠪᠥᠷ ᠮᠣᠩᠭᠤᠯ ᠤᠨ ᠬᠠᠮᠲᠤᠷᠠᠯᠴᠠᠭᠠᠨ ᠤ ᠬᠠᠮᠢᠶ᠎ᠠ ᠪᠥᠬᠦᠶ ᠠᠵᠢᠯ ᠢ ᠵᠣᠯᠭᠠᠭᠤᠯᠪᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠩ ᠲᠡᠷᠢᠭᠦᠨ ᠳᠤ ᠱᠠᠩᠬᠠᠶ ᠬᠤᠲᠠ ᠶᠢᠨ ᠯᠦ ᠸᠠᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ ᠮᠡᠳᠡᠭᠡ ᠵᠠᠩᠭᠢᠴᠢᠯᠠᠯᠲᠠ ᠶᠢᠨ ᠰᠤᠷᠭᠠᠨ ᠬᠥᠮᠦᠵᠢᠯ ᠤᠨ ᠬᠡᠷᠡᠭᠯᠡᠭᠡᠨ ᠤ ᠠᠬᠤᠶ ᠪᠠᠶᠢᠳᠠᠯ ᠢ ᠠᠬᠤᠢ ᠲᠠᠯᠠᠪᠠᠢ ᠳᠤ ᠲᠣᠭᠤᠷᠢᠨ ᠦᠵᠡᠵᠦ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ᠂ ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃

4d75bb5a05b2b50bc58caa9011c6f0c9.jpg

      ᠶᠠᠷᠢᠯᠴᠠᠬᠤ ᠬᠤᠷᠠᠯ ᠳᠡᠭᠡᠷ᠎ᠡ᠂ ᠱᠠᠩᠬᠠᠶ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ  ᠤᠨ ᠳᠡᠳ᠋

ᠡᠷᠬᠢᠯᠡᠭᠴᠢ ᠶᠧ ᠯᠢᠨ ᠯᠢᠨ ᠱᠠᠩᠬᠠᠶ ᠶᠢᠨ ᠰᠤᠷᠭᠠᠨ ᠬᠥᠮᠦᠵᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠤᠨ᠂

ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠪᠠᠶᠢᠳᠠᠯ ᠢ ᠡᠷᠭᠢᠴᠡᠭᠦᠯᠵᠦ᠂ ᠸᠠᠩ ᠮᠢᠨ ᠱᠠᠩᠬᠠᠶ

ᠬᠤᠲᠠ ᠶᠢᠨ ᠬᠢᠨ ᠣᠯᠠᠨ ᠵᠢᠯ ᠤᠨ ᠲᠤᠷᠰᠢ ᠥᠪᠥᠷ ᠮᠣᠩᠭᠤᠯ ᠤᠨ ᠰᠤᠷᠭᠠᠨ ᠬᠥᠮᠦᠵᠢᠯ ᠳᠤ ᠦᠵᠡᠭᠦᠯᠦᠭᠰᠡᠨ

ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠴᠢᠳᠠᠪᠤᠷᠢᠲᠠᠨ ᠬᠥᠮᠦᠵᠢᠭᠦᠯᠬᠦ᠂

ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠲᠠᠢ ᠡᠷᠳᠡᠮ ᠰᠢᠨᠵᠢᠯᠡᠭᠡᠨ᠂ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ᠂ ᠰᠤᠷᠭᠠᠨ ᠬᠥᠮᠦᠵᠢᠯ ᠢ ᠲᠣᠭᠠᠵᠢᠭᠤᠯᠤᠭᠰᠠᠨ ᠬᠡᠯᠪᠡᠷᠢ ᠲᠡᠶᠢᠰᠢ

ᠬᠤᠪᠢᠷᠠᠭᠤᠯᠬᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ

ᠵᠡᠷᠭᠡ ᠲᠠᠯ᠎ᠠ ᠶᠢᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ᠃

      ᠱᠠᠩᠬᠠᠢ ᠬᠤᠲᠠ ᠪᠣᠯ ᠥᠭᠡᠷᠡᠴᠢᠯᠡᠯᠲᠡ ᠨᠡᠭᠡᠭᠡᠯᠲᠡ ᠶᠢᠨ ᠬᠠᠮᠤᠭ ᠤᠨ ᠡᠮᠦᠨ᠎ᠡ ᠬᠤᠰᠢᠭᠤᠴᠢᠯᠠᠭᠴᠢ᠂

ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠬᠤᠷᠠᠮᠳᠤᠭᠤᠯᠤᠭᠰᠠᠨ ᠲᠡᠷᠢᠭᠦᠨ ᠤ

ᠣᠶᠢᠯᠠᠭᠠᠭᠳᠠᠬᠤᠨ ᠪᠣᠯᠤᠨ ᠪᠠᠶᠠᠯᠢᠭ ᠦᠢᠯᠡᠳᠦᠯᠭᠡ ᠨᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠴᠢᠨᠠᠷᠯᠢᠭ

ᠬᠥᠭᠵᠢᠯᠲᠡ ᠳᠤ ᠮᠠᠰᠢ ᠴᠢᠬᠤᠯᠠ ᠲᠣᠯᠢᠯᠠᠬᠤ ᠠᠴᠢ ᠬᠤᠯᠪᠣᠭᠳᠠᠯ ᠲᠠᠢ ᠶᠤᠮ᠃ 2021 ᠣᠨ ᠤ 12 ᠰᠠᠷ᠎ᠠ ᠳᠤ᠂

ᠱᠠᠩᠬᠠᠢ ᠬᠤᠳᠠ ᠶᠢᠨ ᠰᠤᠷᠭᠠᠨ ᠬᠥᠮᠦᠵᠢᠯ ᠤᠨ ᠵᠥᠪᠯᠡᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠱᠠᠩᠬᠠᠢ ᠥᠪᠥᠷ ᠮᠣᠩᠭᠤᠯ ᠤᠨ ᠰᠤᠷᠭᠠᠨ ᠬᠥᠮᠦᠵᠢᠯ ᠤᠨ

ᠬᠠᠮᠲᠤᠷᠠᠯᠴᠠᠭᠠᠨ ᠤ ᠴᠠᠬᠤᠪᠴᠢ ᠬᠡᠯᠡᠯᠴᠡᠭᠡᠷ ︵2021- 2025 ᠣᠨ︶︾ ᠲᠤ ᠭᠠᠷ ᠤᠨ ᠦᠰᠦᠭ ᠵᠢᠷᠤᠵᠤ᠂

ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠴᠢᠳᠠᠪᠤᠷᠢᠲᠠᠨ ᠬᠥᠮᠦᠵᠢᠭᠦᠯᠬᠦ᠂ ᠰᠢᠨᠵᠢᠯᠡᠭᠡᠨ ᠤ

ᠰᠠᠯᠠᠭᠠᠨ ᠤ ᠪᠠᠶᠢᠭᠤᠯᠤᠯᠲᠠ᠂ ᠬᠠᠮᠲᠤᠷᠠᠭᠰᠠᠨ ᠡᠷᠳᠡᠮ ᠰᠢᠨᠵᠢᠯᠡᠭᠡᠨ᠂ ᠰᠤᠷᠭᠠᠨ ᠬᠥᠮᠦᠵᠢᠯ ᠤᠨ ᠲᠣᠭᠠᠵᠢᠭᠤᠯᠤᠯᠲᠠ᠂

ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠦᠷᠭᠦᠯᠵᠢᠯᠡᠨ ᠥᠷᠭᠡᠨ ᠳᠡᠯᠭᠡᠷ

ᠬᠠᠮᠲᠤᠷᠠᠯᠴᠠᠭ᠎ᠠ ᠥᠷᠨᠢᠭᠦᠯᠵᠦ᠂ ᠠᠯᠢ ᠤᠯᠠᠨ ᠦᠷ᠎ᠡ ᠪᠦᠲᠦᠭᠡᠯ ᠣᠯᠵᠠᠢ᠃  ᠳᠠᠷᠠᠭ᠎ᠠ ᠠᠯᠬᠤᠮ ᠳᠤ᠂ ᠥᠪᠡᠷᠲᠡᠭᠡᠨ

ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠱᠠᠩᠬᠠᠶ ᠥᠪᠥᠷ ᠮᠣᠩᠭᠤᠯ ᠤᠨ ᠰᠤᠷᠭᠠᠨ ᠬᠥᠮᠦᠵᠢᠯ ᠤᠨ

ᠬᠠᠮᠲᠤᠷᠠᠯᠴᠠᠭᠠᠨ ᠤ ᠬᠡᠯᠡᠯᠴᠡᠭᠡᠷ ᠤᠨ ᠡᠭᠦᠷᠭᠡ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶ ᠨᠠᠶᠢᠳᠠᠪᠤᠷᠢᠵᠢᠭᠤᠯᠵᠤ᠂

ᠬᠤᠶᠠᠷ ᠭᠠᠵᠠᠷ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠠᠷᠢᠯᠴᠠᠨ ᠰᠤᠷᠪᠤᠯᠵᠢᠯᠠᠵᠤ ᠰᠣᠯᠢᠯᠴᠠᠬᠤ᠂ ᠰᠤᠷᠭᠠᠨ

ᠬᠥᠮᠦᠵᠢᠯ ᠵᠢᠭᠠᠨ ᠰᠤᠷᠭᠠᠯᠲᠠ᠂ ᠴᠢᠳᠠᠪᠤᠷᠢᠲᠠᠨ ᠬᠥᠮᠦᠵᠢᠭᠦᠯᠬᠦ᠂ ᠲᠣᠭᠠᠵᠢᠭᠰᠠᠨ ᠡᠬᠢ ᠪᠠᠶᠠᠯᠢᠭ ᠵᠡᠷᠭᠡ ᠣᠯᠠᠨ

ᠲᠠᠯ᠎ᠠ ᠪᠠᠷ ᠭᠦᠨᠵᠡᠭᠡᠶ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂

ᠬᠠᠮᠲᠤᠷᠠᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ ᠲᠥᠯᠥᠪᠵᠢᠭᠦᠯᠵᠦ᠂ ᠱᠠᠩᠬᠠᠶ ᠥᠪᠥᠷ

ᠮᠣᠩᠭᠤᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠰᠢᠨ᠎ᠡ ᠪᠠᠶᠢᠷᠢᠰᠢᠯᠠᠭᠤᠯᠤᠯᠲᠠ ᠶᠢ ᠬᠠᠮᠲᠤ ᠳᠤ ᠪᠠᠨ

ᠪᠠᠶᠢᠭᠤᠯᠤᠨ᠎ᠠ᠃

      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ

ᠭᠠᠵᠠᠷ ᠤᠨ ᠬᠠᠷᠢᠭᠤᠴᠠᠯᠭᠠᠲᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ

ᠲᠢᠩᠬᠢᠮ ᠵᠢᠴᠢ ᠱᠠᠩᠬᠠᠢ ᠬᠤᠳᠠ ᠶᠢᠨ ᠰᠤᠷᠭᠠᠨ ᠬᠥᠮᠦᠵᠢᠯ ᠤᠨ ᠵᠥᠪᠯᠡᠯ ᠤᠨ ᠬᠡᠰᠡᠭ ᠭᠠᠵᠠᠷ ᠲᠠᠰᠤᠭ ᠤᠨ

ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map