ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠵᠢᠯᠣᠭᠤᠳᠬᠤ ᠵᠦᠪᠯᠡᠯ ᠤᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/7
      ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯ ᠪᠣᠯᠤᠨ ᠠᠵᠤ ᠦᠢᠯᠡᠰ ᠤᠨ ᠵᠣᠬᠢᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠵᠢᠯ ᠮᠡᠷᠭᠡᠵᠢᠯ  ᠤᠨ ᠰᠤᠷᠭᠠᠨ ᠬᠥᠮᠦᠵᠢᠯ ᠤᠨ 19 ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠵᠢᠯᠣᠭᠤᠳᠬᠤ ᠵᠦᠪᠯᠡᠯ ᠤᠨ ᠬᠤᠷᠠᠯ ᠢ ᠬᠤᠷᠠᠯᠳᠤᠭᠤᠯᠵᠤ᠂ 2023 ᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠦᠲᠦᠴᠡ ᠶᠢ ᠰᠢᠯᠢᠳᠡᠭᠵᠢᠭᠦᠯᠦᠭᠰᠡᠨ ᠪᠠᠶᠢᠳᠠᠯ ᠢ ᠳ᠋ᠦᠩᠨᠡᠭᠰᠡᠨ ᠤ ᠬᠠᠮᠲᠤ ᠬᠤᠶᠢᠰᠢᠳᠠ ᠶᠢᠨ ᠪᠥᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠤᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠪᠠ᠃      ᠬᠤᠷᠠᠯ ᠠᠴᠠ᠂ ᠮᠠᠨ ᠤ ᠣᠷᠣᠨ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ 18 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠡᠯᠬᠢᠶ᠎ᠡ ᠪᠦᠷᠢ ᠳᠤ 2 ᠶᠡᠭᠡ ᠳᠡᠭᠡᠳᠦ ᠰᠤᠷᠭᠠᠭᠤᠯᠢ ᠶᠢᠨ ᠭᠤᠤᠯᠳᠠᠯᠭ᠎ᠠ ᠲᠠᠢ ᠲᠤᠰᠬᠠᠶ ᠮᠡᠷᠭᠡᠵᠢᠯ ᠢ ᠲᠣᠬᠢᠷᠠᠭᠤᠯᠵᠤ ᠳᠡᠮᠵᠢᠬᠦ ᠵᠠᠷᠴᠢᠮ ᠶᠣᠰᠣᠭᠠᠷ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠪᠠ ᠰᠣᠷᠣᠭᠴᠢ ᠡᠯᠰᠡᠬᠦ ᠲᠥᠯᠥᠪᠯᠡᠭᠡ ᠶᠢ ᠲᠣᠬᠢᠷᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠴᠢᠩᠭ᠎ᠠ ᠠᠩᠬᠠᠷᠴᠤ ᠬᠥᠭᠵᠢᠯᠲᠡ ᠳᠤ ᠬᠦᠴᠦᠨ ᠨᠡᠮᠡᠷᠢᠯᠡᠨ᠂ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠦᠨ ᠪᠣᠯᠪᠠᠰᠤᠷᠠᠭᠤᠯᠤᠨ᠎ᠠ᠃ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭ᠎ᠠ ᠶᠢ ᠭᠦᠨᠵᠡᠭᠡᠶᠢᠷᠡᠭᠦᠯᠵᠦ᠂ ᠢᠳᠡᠪᠬᠢᠲᠡᠶ ᠪᠠᠷ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠥᠨᠳᠥᠷ ᠬᠢᠷᠢ ᠲᠦᠪᠰᠢᠨᠲᠦ ᠲᠤᠰᠬᠠᠶ ᠮᠡᠷᠭᠡᠵᠢᠯ᠂ ᠣᠨᠴᠠᠯᠢᠭᠲᠤ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠣᠨᠴᠠᠯᠢᠭᠲᠤ ᠨᠠᠷᠠᠲᠤ ᠲᠡᠮᠳᠡᠭᠲᠦ ᠶᠢᠨ ᠬᠥᠭᠵᠢᠯᠲᠡ ᠶᠢ ᠠᠬᠢᠭᠤᠯᠤᠨ᠎ᠠ᠃ 2023 ᠣᠨ ᠳᠤ 327 ᠳᠤᠰᠬᠠᠢ ᠮᠡᠷᠭᠡᠵᠢᠯ ᠢ ᠰᠢᠨ᠎ᠡ ᠪᠠᠷ  ᠨᠡᠮᠡᠨ᠂ 340 ᠳᠤᠰᠬᠠᠢ ᠮᠡᠷᠭᠡᠵᠢᠯ  ᠢ ᠬᠦᠴᠦᠨ ᠦᠭᠡᠢ ᠪᠣᠯᠭᠠᠵᠤ᠂ ᠪᠠᠶᠢᠭᠠᠯᠢ ᠲᠧᠭᠨᠢᠭ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠡᠵᠡᠯᠡᠬᠦ ᠬᠠᠷᠢᠴᠠᠯ 63 . 1 % ᠬᠦᠷᠴᠦ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠤᠰᠬᠠᠶ ᠮᠡᠷᠭᠡᠵᠢᠯ  ᠤᠨ ᠡᠵᠡᠯᠡᠬᠦ ᠬᠠᠷᠢᠴᠠᠯ 77 . 6 % ᠬᠥᠷᠪᠡ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠥᠬᠦ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠳᠤ ᠦᠢᠯᠡᠴᠢᠯᠡᠬᠦ  ᠯᠦᠭᠡ ᠪᠠᠷᠢᠮᠵᠢᠶᠠᠯᠠᠨ ᠬᠠᠷᠢᠴᠠᠭᠤᠯᠵᠤ᠂ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠠᠩᠬᠠᠷᠤᠯ ᠢᠶᠠᠨ ᠬᠠᠨᠳᠤᠭᠤᠯᠵᠤ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠵᠣᠬᠢᠴᠠᠯᠳᠤᠬᠤ᠂ ᠠᠵᠤ ᠦᠢᠯᠡᠰ ᠤᠨ ᠪᠦᠲᠦᠴᠡ ᠯᠦᠭᠡ ᠵᠣᠬᠢᠴᠠᠯᠳᠤᠬᠤ ᠶᠢ ᠠᠬᠢᠭᠤᠯᠬᠤ           ᠬᠡᠷᠡᠭᠲᠡᠶ᠃ ᠠᠵᠢᠯ ᠣᠯᠭᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠤᠷ᠎ᠠ ᠴᠢᠳᠠᠪᠤᠷᠢᠲᠤ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠪᠠᠶᠢᠴᠠᠭᠠᠨ ᠰᠣᠳᠤᠯᠬᠤ ᠶᠢ ᠥᠷᠨᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠲᠣᠬᠢᠷᠠᠭᠤᠯᠤᠯᠲᠠ᠂ ᠳᠠᠳᠤᠯᠭ᠎ᠠ ᠪᠣᠯᠪᠠᠰᠤᠷᠠᠯ᠂ ᠰᠤᠷᠤᠭᠴᠢᠳ  ᠤᠨ ᠠᠵᠢᠯ ᠣᠯᠭᠤᠯᠲᠠ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠨ ᠲᠤᠰᠬᠠᠶ ᠮᠡᠷᠭᠡᠵᠢᠯ ᠢ ᠲᠣᠬᠢᠷᠠᠭᠤᠯᠵᠤ᠂ ᠪᠠᠶᠢᠷᠢᠰᠢᠯᠠᠭᠤᠯᠬᠤ ᠪᠦᠲᠦᠴᠡ ᠶᠢ ᠰᠢᠯᠢᠳᠡᠭᠵᠢᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ᠂ ᠲᠠᠲᠠᠬᠤ ᠬᠦᠴᠦᠨ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠵᠠᠩᠭᠢᠯᠠᠭ᠎ᠠ ᠶᠢᠨ ᠰᠤᠷᠭᠠᠭᠤᠯᠢ ᠡᠷᠬᠢᠯᠡᠬᠦ ᠴᠢᠳᠠᠪᠤᠷᠢ ᠶᠢᠨ ᠳᠡᠭᠡᠭᠰᠢᠯᠡᠯᠲᠡ ᠶᠢ ᠬᠥᠭᠵᠢᠭᠡᠬᠦ ᠪᠠ ᠲᠠᠶᠢᠴᠢᠯᠠᠵᠥ᠂ ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠂ ᠨᠡᠩ ᠤᠯᠠᠨ ︽ᠬᠤᠶᠠᠷ ᠥᠨᠳᠥᠷ ᠬᠤᠶᠠᠷ ᠰᠢᠯᠢᠳᠡᠭ︾ ᠰᠤᠷᠭᠠᠭᠤᠯᠢ ᠶᠢ ᠪᠠᠶᠢᠭᠤᠯᠤᠨ᠂ ᠴᠢᠨᠠᠷᠯᠢᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠣᠯᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠴᠢᠳᠠᠪᠤᠷᠢ ᠶᠢ ᠴᠠᠭᠠᠰᠢᠲᠠ ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠪᠣᠯᠤᠨ ᠥᠨᠳᠥᠷ ᠬᠡᠪ ᠪᠣᠯᠪᠠᠰᠤᠷᠠᠯ ᠲᠠᠢ ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map