ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠵᠤ ᠤᠭ ᠰᠠᠨᠠᠭ᠎ᠠ ᠶᠢ ᠦᠷᠭᠦᠯᠵᠢᠯᠡᠨ ᠵᠠᠯᠭᠠᠮᠵᠢᠯᠠᠰᠤᠭᠠᠢ — ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ︽ᠰᠦᠭ ᠢ ᠱᠤᠭᠤᠬᠤ · 2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/4/8
      4 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ           ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠠᠵᠢᠯ ᠤᠨ ᠲᠣᠪᠴᠢᠶ᠎ᠠ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠵᠣᠬᠢᠶᠠᠨ ᠪᠠᠶᠢᠭᠤᠯᠤᠭᠰᠠᠨ ︽ᠰᠦᠭ ᠢ ᠱᠤᠭᠤᠬᠤ · 2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠲᠠᠬᠢᠬᠤ︾ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠪᠥᠷ ᠮᠣᠩᠭᠤᠯ ᠤᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠶᠠᠪᠤᠭᠳᠠᠭᠤᠯᠵᠤ᠂ 1500 ᠰᠢᠬᠠᠮ ᠡᠯ᠎ᠡ ᠡᠲᠡᠭᠡᠳ  ᠤᠨ ᠲᠥᠯᠦᠭᠡᠯᠡᠭᠴᠢ ᠦᠷᠡᠭᠳᠡᠭᠰᠡᠨ ᠪᠠᠭᠠᠲᠤᠷᠴᠤᠳ ᠢᠶᠠᠨ ᠲᠤᠶᠢᠯ ᠢᠶᠠᠷ ᠳᠤᠷᠠᠰᠤᠨ ᠰᠠᠨᠠᠭᠠᠯᠵᠠᠵᠤ᠂ ᠡᠮᠭᠡᠨᠢᠨ ᠭᠠᠰᠢᠭᠤᠳᠠᠵᠤ ᠪᠠᠶᠢᠭ᠎ᠠ ᠰᠡᠳᠬᠢᠯ ᠢᠶᠠᠨ ᠢᠯᠡᠳᠭᠡᠪᠡ ᠃

1.jpg

      ᠬᠠᠩᠰᠢ ᠶᠢᠨ ᠡᠳᠦᠷ ᠴᠡᠴᠡᠭ ᠳᠡᠯᠭᠡᠷᠡᠨ ᠲᠡᠭᠷᠢ ᠴᠡᠯᠮᠡᠶᠢᠵᠦ᠂ ᠥᠪᠥᠷ ᠮᠣᠩᠭᠤᠯ ᠤᠨ ᠬᠤᠪᠢᠰᠬᠠᠯᠲᠤ

ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠲᠥᠪ ᠬᠢᠴᠢᠶᠡᠩᠭᠦᠢ ᠬᠠᠷᠠᠭᠳᠠᠨ᠎ᠠ᠃ ᠰᠡᠬᠦ᠋ᠢᠨ

ᠰᠦᠨᠳᠡᠷᠯᠡᠭᠰᠡᠨ ᠳᠤᠷᠠᠰᠬᠠᠯ ᠤᠨ ᠬᠥᠰᠢᠶᠡᠨ ᠳᠡᠭᠡᠷᠡᠬᠢ ︽ᠠᠷᠠᠳ ᠤᠨ ᠪᠠᠭᠠᠲᠤᠷᠴᠤᠳ ᠥᠨᠢᠳᠡ ᠪᠠᠯᠠᠷᠠᠰᠢ          

ᠦᠭᠡᠢ︾ ᠭᠡᠬᠦ ᠨᠠᠢᠮᠠᠨ ᠦᠰᠦᠭ ᠣᠨᠴᠠ ᠶᠢᠨ ᠰᠦᠷᠯᠢᠭ ᠬᠠᠷᠠᠭᠳᠠᠨ᠎ᠠ᠃ ᠦᠳᠡ ᠶᠢᠨ ᠡᠮᠦᠨᠡᠬᠢ 10᠄ 30

ᠮᠢᠨᠦ᠋ᠲ ᠲᠤ᠂ ᠠᠷᠠᠳ  ᠤᠨ ᠴᠠᠭᠳᠠᠭ᠎ᠠ᠂ ᠴᠡᠷᠢᠭ ᠠᠴᠠ ᠬᠠᠯᠠᠭᠳᠠᠭᠰᠠᠳ᠂ ᠡᠷᠦᠬᠡ ᠶᠢᠨ ᠴᠡᠷᠢᠭ᠂ ᠶᠡᠭᠡ ᠳᠡᠭᠡᠳᠦ

ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ᠂ ᠨᠡᠶᠢᠭᠡᠮ ᠤᠨ ᠡᠯ᠎ᠡ ᠡᠲᠡᠭᠡᠳ ᠪᠣᠯᠤᠨ ᠬᠤᠳᠠ ᠶᠢᠨ

ᠠᠷᠠᠳ ᠤᠨ ᠲᠥᠯᠥᠭᠡᠯᠡᠭᠴᠢᠳ ᠵᠡᠷᠭᠡ1500 ᠰᠢᠬᠠᠮ ᠬᠥᠮᠦᠨ ᠲᠡᠷᠢ ᠲᠡᠭᠰᠢ ᠵᠢᠭᠰᠠᠵᠤ᠂ ᠬᠤᠪᠢᠰᠬᠠᠯᠲᠤ

ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢ ᠭᠦᠨ ᠰᠡᠳᠬᠢᠯᠭᠡ ᠪᠠᠷ ᠪᠠᠷᠠᠯᠠᠪᠠ᠃ ᠤᠯᠤᠰ ᠤᠨ

ᠰᠦᠯᠳᠡ ᠳᠠᠭᠤᠨ ᠤ ᠠᠶᠠᠰ ᠢ ᠲᠠᠭᠠᠨ᠂ ᠪᠥᠭᠦᠳᠡᠭᠡᠷ ᠢᠶᠠᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ

ᠳᠠᠭᠤᠯᠠᠵᠤ᠂ ᠡᠬᠡ ᠤᠯᠤᠰ ᠢᠶᠠᠨ ᠬᠠᠶᠢᠷᠠᠯᠠᠵᠤ ᠦᠷᠡᠭᠳᠡᠭᠰᠡᠨ ᠪᠠᠭᠠᠲᠤᠷᠴᠤᠳ ᠢᠶᠠᠨ ᠬᠦᠨᠳᠦᠳᠬᠡᠨ ᠪᠢᠰᠢᠷᠡᠵᠦ ᠪᠠᠶᠢᠭ᠎ᠠ

ᠰᠡᠳᠬᠢᠯᠭᠡ ᠪᠠᠨ ᠢᠯᠡᠳᠬᠡᠪᠡ᠃

2.jpg

      ᠪᠠᠭᠠᠲᠤᠷᠴᠤᠳ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠦᠨᠡᠨᠴᠢ ᠰᠢᠳᠤᠷᠭᠤ ᠰᠡᠳᠬᠢᠯ ᠢᠶᠠᠨ

ᠦᠷᠭᠦᠯᠵᠢᠯᠡᠨ ᠪᠢᠴᠢᠭᠯᠡᠨᠡᠮ᠃ ᠭᠠᠭᠴᠠ ᠬᠦ ᠲᠡᠦᠬᠡ ᠪᠠᠨ ᠪᠠᠲᠤ ᠴᠡᠭᠡᠵᠢᠯᠡᠪᠡᠯ ᠰᠠᠶ᠋ᠢ ᠣᠳᠣ ᠶᠢᠨ ᠡᠩᠬᠡ ᠲᠠᠶᠢᠪᠤᠩ

ᠲᠣᠭᠲᠠᠭᠤᠨ ᠪᠠᠶᠢᠳᠠᠯ ᠤᠨ ᠬᠢᠯᠪᠠᠷ ᠪᠤᠰᠤ ᠪᠠᠷ ᠢᠷᠡᠭᠰᠡᠨ ᠭᠡᠳᠡᠭ ᠢ ᠨᠡᠩ ᠢᠯᠡᠭᠦᠦ ᠣᠶᠢᠯᠠᠭᠠᠵᠤ ᠴᠢᠳᠠᠨ᠎ᠠ᠃ ᠪᠦᠬᠦ

ᠬᠥᠮᠦᠰ ᠲᠥᠪ ᠵᠣᠭᠰᠣᠵᠤ ᠨᠠᠮᠠᠨᠴᠢᠯᠠᠪᠠ᠃

3.jpg

      ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠪᠢᠰᠬᠠᠯᠲᠤ ᠤᠳᠤᠮᠰᠢᠯ ᠢ

ᠵᠠᠯᠭᠠᠮᠵᠢᠯᠠᠨᠠᠮ᠃ ᠰᠤᠷᠤᠭᠴᠢᠳ ᠤᠨ ᠲᠥᠯᠥᠭᠡᠯᠡᠭᠴᠢ ᠠᠷᠠᠳ ᠤᠨ ᠪᠠᠭᠠᠲᠤᠷᠴᠤᠳ ᠲᠤ ᠵᠣᠷᠢᠭ ᠢᠶᠠᠨ ᠢᠯᠡᠳᠭᠡᠵᠦ᠂

ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠬᠢᠵᠠᠭᠠᠯᠠᠰᠢ ᠦᠭᠡᠢ

ᠳᠤᠷᠠᠰᠤᠨ ᠰᠠᠨᠠᠭᠠᠯᠵᠠᠵᠤ ᠪᠠᠶᠢᠬᠤ  ᠪᠠᠨ ᠢᠯᠡᠳᠬᠡᠪᠡ᠃ ᠴᠡᠴᠡᠭ ᠬᠦᠷᠭᠡᠬᠦ ᠠᠶᠠᠰ ᠤᠨ ᠳᠤᠮᠳᠠ᠂ ᠤᠯᠠᠨ ᠢᠶᠠᠷ ᠢᠶᠠᠨ

ᠭᠠᠷ ᠲᠤ ᠪᠠᠨ ᠰᠣᠷᠭᠤᠭ ᠴᠡᠴᠡᠭ ᠠᠳᠬᠤᠨ ᠭᠦᠨ ᠰᠡᠳᠬᠢᠯᠭᠡ ᠲᠠᠢ ᠱᠠᠳᠤ ᠥᠭᠰᠥᠵᠦ᠂ ᠰᠣᠷᠭᠤᠭ ᠴᠡᠴᠡᠭ ᠢ

ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶᠡᠨ ᠳᠡᠭᠡᠷ᠎ᠡ ᠲᠠᠯᠪᠢᠨ ᠭᠠᠰᠢᠭᠤᠳᠠᠵᠤ

ᠪᠠᠶᠢᠭ᠎ᠠ ᠰᠡᠳᠬᠢᠯ ᠢᠶᠠᠨ ᠢᠯᠡᠳᠭᠡᠪᠡ᠃ ᠳᠠᠷᠠᠭ᠎ᠠ ᠨᠢ᠂ ᠤᠯᠠᠨ ᠢᠶᠠᠷ ᠢᠶᠠᠨ ᠦᠵᠡᠭᠦᠯᠭᠡ ᠶᠢᠨ ᠲᠢᠩᠬᠢᠮ ᠳᠤ ᠬᠦᠷᠴᠦ᠂

ᠬᠤᠪᠢᠰᠬᠠᠯ ᠤᠨ ᠦᠯᠢᠭᠡᠷ ᠢ ᠰᠣᠨᠣᠰᠪᠠ᠃

4.jpg

      ᠬᠥᠬᠡᠬᠤᠲᠠ ᠶᠢᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ

ᠨᠡᠶᠢᠭᠡᠮ ᠤᠨ ᠬᠥᠭᠵᠢᠯᠲᠡ ᠶᠢᠨ ᠲᠥᠪ ᠤᠨ ᠪᠠᠶᠢᠩᠭᠤ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠡᠤ ᠶᠠᠨ

ᠴᠤᠤ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠬᠤᠪᠢᠰᠬᠠᠯᠲᠤ ᠤᠳᠤᠮᠰᠢᠯ ᠢ

ᠵᠠᠯᠭᠠᠮᠵᠢᠯᠠᠨ᠎ᠠ᠃ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠴᠤ᠂ ᠪᠦᠬᠦ ᠨᠡᠶᠢᠭᠡᠮ ᠤᠨ ᠡᠬᠡ ᠣᠷᠣᠨᠴᠢ

ᠦᠵᠡᠯ ᠤᠨ ᠵᠣᠷᠢᠭ ᠰᠠᠨᠠᠭᠠᠨ ᠤ ᠲᠤᠬᠠᠶ ᠣᠶᠢᠯᠠᠭᠠᠯᠲᠠ ᠶᠢ ᠳᠡᠭᠡᠭᠰᠢᠯᠡᠭᠦᠯᠪᠡ ᠭᠡᠵᠡᠢ᠃

5.jpg

      ᠬᠥᠬᠡᠬᠤᠲᠠ ᠶᠢᠨ ᠱᠢ ᠲᠧᠦ ᠰᠢᠶᠠᠩ ᠪᠠᠭ᠎ᠠ ᠰᠤᠷᠭᠠᠭᠤᠯᠢ ᠶᠢᠨ ᠰᠤᠷᠤᠭᠴᠢ ᠯᠢ ᠰᠢᠤᠸᠠᠨ ᠪᠠᠭᠠᠴᠤᠳ

ᠮᠠᠨᠳᠤᠪᠠᠯ ᠤᠯᠤᠰ ᠮᠠᠨᠳᠤᠨ᠎ᠠ᠂ ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ ᠪᠢᠳᠡ ᠦᠷᠡᠭᠳᠡᠭᠰᠡᠨ

ᠪᠠᠭᠠᠲᠤᠷᠴᠤᠳ ᠤᠨ ᠦᠬᠦᠬᠦ ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠴᠢᠷᠮᠠᠶᠢᠨ

ᠰᠤᠷᠤᠯᠴᠠᠵᠤ᠂ ᠬᠦᠰᠡᠯᠡᠩ ᠲᠠᠢ᠂ ᠬᠠᠷᠢᠭᠤᠴᠠᠯᠭ᠎ᠠ ᠡᠭᠦᠷᠭᠡᠯᠡᠯ ᠲᠠᠢ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ

ᠪᠣᠯᠬᠤ ᠪᠠᠷ ᠴᠢᠷᠮᠠᠶᠢᠨ᠎ᠠ ᠭᠡᠪᠡ᠃

6.jpg

      ᠬᠠᠯᠠᠭᠳᠠᠭᠰᠠᠨ ᠴᠡᠷᠢᠭ ᠸᠠᠩ ᠴᠢᠩ ᠱᠠᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ

ᠰᠠᠨᠠᠭᠠᠯᠵᠠᠵᠤ᠂ ᠪᠠᠭᠠᠲᠤᠷᠴᠤᠳ ᠲᠤ ᠢᠶᠠᠨ ᠬᠦᠨᠳᠦᠳᠬᠡᠯ ᠳᠡᠪᠰᠢᠭᠦᠯᠦᠨᠡᠮ᠂ ᠡᠨᠡ ᠨᠢ ᠨᠠᠳᠠ ᠳᠤ ᠠᠪᠴᠤ ᠬᠡᠯᠡᠪᠡᠯ

ᠨᠢᠭᠡ ᠤᠳᠠᠭᠠᠨ ᠤ ᠤᠶᠤᠨ ᠰᠠᠨᠠᠭᠠᠨ ᠤ ᠠᠷᠢᠭᠤᠳᠬᠠᠯ ᠪᠣᠯᠬᠤ ᠪᠥᠭᠡᠳ ᠪᠠᠰᠠ ᠴᠤ ᠢᠷᠡᠭᠡᠳᠦᠢ ᠵᠦᠭ ᠲᠡᠮᠡᠦᠯᠬᠦ

ᠤᠷᠢᠶᠠᠯᠠᠭ᠎ᠠ ᠪᠣᠯᠤᠨ᠎ᠠ᠃ ᠬᠠᠯᠠᠭᠳᠠᠭᠰᠠᠨ ᠴᠡᠷᠢᠭ ᠪᠣᠯᠤᠭᠰᠠᠨ ᠤ ᠬᠤᠪᠢ ᠳᠤ᠂ ᠪᠢ ᠦᠷᠡᠭᠳᠡᠭᠰᠡᠨ

ᠪᠠᠭᠠᠲᠤᠷᠴᠤᠳ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ

ᠪᠠᠲᠤᠳᠬᠠᠨ᠂ ᠠᠬᠠᠮᠠᠳ ᠬᠤᠪᠢᠰᠬᠠᠯᠴᠢ ᠶᠢᠨ ᠤᠯᠠ ᠮᠥᠷ ᠢ ᠲᠠᠭᠠᠨ ᠡᠷᠡᠮᠡᠬᠡᠶᠢᠯᠡᠨ ᠤᠷᠤᠭᠰᠢᠯᠠᠨ᠎ᠠ ᠭᠡᠪᠡ᠃

7.jpg

      ︽ᠰᠦᠭ ᠢ ᠱᠤᠭᠤᠬᠤ · 2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ  ᠢᠶᠠᠨ

ᠳᠠᠬᠢᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠢ ᠬᠤᠪᠢᠰᠬᠠᠯᠲᠤ ᠤᠯᠠᠮᠵᠢᠯᠠᠯ ᠢ

ᠵᠠᠯᠭᠠᠮᠵᠢᠯᠠᠵᠤ᠂ ᠬᠤᠪᠢᠰᠬᠠᠯᠲᠤ ᠤᠳᠤᠮᠰᠢᠯ ᠢ ᠦᠷᠭᠦᠯᠵᠢᠯᠡᠭᠦᠯᠦᠨ᠂ ᠡᠬᠡ ᠣᠷᠣᠨᠴᠢ ᠰᠡᠳᠬᠢᠯᠭᠡ ᠶᠢ ᠵᠤᠵᠠᠭᠠᠳᠬᠠᠬᠤ

 ᠶᠢᠨ ᠲᠥᠯᠦᠭᠡ ᠶᠤᠮ᠂ ᠥᠪᠥᠷ ᠮᠣᠩᠭᠤᠯ ᠤᠨ ᠡᠯ᠎ᠡ ᠭᠠᠵᠠᠷ ᠤᠨ ᠬᠢᠨ ᠴᠦ ᠵᠠᠯᠭᠠᠭ᠎ᠠ ᠪᠠᠷ ︽ᠰᠦᠭ ᠢ ᠱᠤᠭᠤᠬᠤ ·

2024 · ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠠᠬᠢᠬᠤ︾ ᠪᠠᠷ ᠭᠤᠣᠯ ᠰᠡᠳᠦᠪ

ᠪᠣᠯᠭᠠᠭᠰᠠᠨ ᠤᠯᠠᠨ ᠶᠠᠩᠵᠤ ᠬᠡᠯᠪᠡᠷᠢ ᠶᠢᠨ ᠲᠠᠬᠢᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠦᠷᠡᠭᠳᠡᠭᠰᠡᠨ

ᠪᠠᠭᠠᠲᠤᠷᠴᠤᠳ  ᠢ ᠬᠦᠨᠳᠦᠳᠬᠡᠨ ᠪᠢᠰᠢᠷᠡᠵᠦ ᠳᠤᠷᠠᠰᠤᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠨ ᠢᠯᠡᠳᠭᠡᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map