ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠵᠢᠴᠢ ᠨᠢᠭᠡᠳᠦᠭᠡᠷ ᠤᠯᠠᠷᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/8
      4 ᠳ᠋ᠦ᠋ᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠥᠷᠭᠡᠳᠬᠡᠭᠰᠡᠨ ᠬᠤᠷᠠᠯ ᠵᠢᠴᠢ ᠨᠢᠭᠡᠳᠦᠭᠡᠷ ᠤᠯᠠᠷᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭ᠎ᠠ ᠠᠯᠬᠤᠮ ᠤᠨ ᠠᠵᠢᠯ ᠢ ᠲᠣᠬᠢᠷᠠᠭᠤᠯᠤᠨ           ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ ᠤᠨ ᠬᠠᠷᠢᠭᠤᠴᠠᠯᠭᠠᠲᠠᠨ ᠨᠢᠭᠡᠳᠦᠭᠡᠷ ᠤᠯᠠᠷᠢᠯ ᠤᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠤᠭᠰᠠᠨ ᠪᠠᠶᠢᠳᠠᠯ ᠵᠢᠴᠢ ᠪᠠᠯᠠ ᠮᠥᠩᠭᠦ ᠪᠠ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢᠭᠡᠳ ᠨᠢᠭᠡ ᠪᠠᠷ ᠬᠠᠷᠢᠭᠤ ᠮᠡᠳᠡᠭᠦᠯᠵᠦ᠂ ᠰᠤᠷᠭᠠᠨ ᠬᠥᠮᠥᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠳ ᠨᠢᠭᠡᠳ ᠨᠢᠭᠡ ᠪᠠᠷ ᠠᠬᠤᠢ ᠲᠠᠯᠠᠪᠠᠢ ᠳᠤ ᠦᠨᠡᠯᠡᠪᠡ᠃

1a4e8116c723b96a1ebdf2659ead3175.jpg

      ᠬᠤᠷᠠᠯ ᠠᠴᠠ᠂ ᠡᠯ᠎ᠡ ᠭᠠᠵᠠᠷ ᠳᠠᠰᠤᠭ ᠤᠨ ᠬᠢᠨ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ

ᠦᠷᠭᠦᠯᠵᠢᠯᠡᠨ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠨ᠂ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ

ᠪᠠᠷᠢᠮᠵᠢᠶᠠᠯᠠᠨ ᠬᠠᠷᠢᠴᠠᠭᠤᠯᠵᠤ᠂ ᠵᠢᠯ ᠤᠨ ᠭᠤᠤᠯᠳᠠᠯᠭ᠎ᠠ ᠲᠠᠢ ᠠᠵᠢᠯ ᠪᠣᠯᠤᠨ ᠰᠤᠷᠭᠠᠨ ᠬᠥᠮᠦᠵᠢᠯ ᠤᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠠᠵᠢᠯᠯᠠᠭᠠᠨ ᠤ ᠲᠥᠯᠥᠪᠯᠡᠭᠡ ᠶᠢᠨ ᠡᠯ᠎ᠡ ᠵᠦᠢᠯ ᠤᠨ ᠡᠭᠦᠷᠭᠡ ᠶᠢ

ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠲᠣᠰ ᠬᠦᠷᠢᠶᠡᠨ ᠳᠠᠬᠢ ᠲᠥᠷᠥ ᠶᠢᠨ

ᠪᠣᠳᠣᠯᠭ᠎ᠠ ᠶᠢᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ ᠶᠢ ᠪᠥᠬᠦ ᠲᠠᠯ᠎ᠠ ᠪᠠᠷ ᠡᠮᠬᠢᠯᠡᠵᠦ᠂ ᠡᠬᠢᠯᠡᠯᠲᠡ ᠪᠣᠯ

ᠰᠢᠢᠳᠪᠦᠷᠢᠲᠦ ᠳᠠᠶᠢᠯᠠᠯᠳᠤᠭᠠᠨ᠂ ᠡᠬᠢᠯᠡᠯᠲᠡ ᠪᠣᠯ ᠰᠢᠪᠲᠤᠯᠤᠯᠲᠠ ᠶᠢᠨ ᠣᠪᠣᠷ ᠢᠶᠠᠷ ᠡᠯ᠎ᠡ ᠲᠥᠷᠦᠯ ᠤᠨ ᠡᠭᠦᠷᠭᠡ ᠶᠢ

ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠬᠠᠮᠵᠢᠯᠴᠠᠨ ᠬᠠᠪᠰᠤᠷᠬᠤ ᠶᠢ ᠴᠢᠩᠭᠠᠳᠬᠠᠵᠤ᠂ ᠰᠠᠯᠠᠭ᠎ᠠ

ᠮᠥᠴᠢᠷ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠨ᠂ ᠭᠠᠳᠠᠭᠠᠳᠤ ᠬᠦᠴᠦᠨ  ᠢ ᠴᠢᠳᠠᠮᠠᠭᠠᠢ ᠠᠰᠢᠭᠯᠠᠵᠤ᠂

ᠠᠵᠢᠯ ᠤᠨ ᠬᠠᠮ ᠬᠦᠴᠦᠨ ᠢ ᠨᠢᠭᠲᠠᠷᠠᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠤᠷᠭᠠᠨ

ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠮᠲᠤ ᠳᠤ ᠪᠠᠨ ᠠᠬᠢᠭᠤᠯᠬᠤ ᠬᠡᠷᠡᠭᠲᠡᠶ᠃ ︽ᠰᠢᠨ᠎ᠡ ᠵᠠᠮ ᠢ ᠨᠡᠭᠡᠭᠡᠵᠦ᠂

ᠳᠤᠮᠳᠠ ᠲᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠬᠠᠨᠳᠤᠭᠤᠯᠵᠤ᠂ ︽ ᠲᠥᠪ ᠤᠨ ᠪᠠᠶᠢᠭᠤᠯᠭ᠎ᠠ

 ᠲᠠᠢ ᠬᠠᠷᠢᠯᠴᠠᠬᠤ︾ ᠬᠦᠴᠦᠯᠡᠴᠡ ᠪᠠᠨ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠬᠠᠮᠢᠶ᠎ᠠ ᠪᠥᠬᠦᠶ ᠲᠥᠷᠥ ᠶᠢᠨ

ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠵᠢᠭᠦᠯᠦᠨ᠂ ᠬᠥᠭᠵᠢᠭᠰᠡᠨ ᠭᠠᠵᠠᠷ ᠣᠷᠣᠨ ᠤ ᠲᠤᠷᠰᠢᠯᠭ᠎ᠠ ᠶᠢ ᠰᠤᠷᠤᠯᠴᠠᠨ

ᠲᠣᠯᠢᠯᠠᠵᠤ᠂ ᠠᠵᠢᠯ ᠤᠨ ᠰᠡᠳᠬᠢᠮᠵᠢ ᠪᠠᠨ ᠥᠷᠭᠡᠳᠬᠡᠵᠦ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠡᠯ᠎ᠡ

ᠬᠦᠷᠢᠶᠡᠨ ᠤ ᠲᠠᠰ ᠳᠡᠪᠰᠢᠬᠦ ᠶᠢ ᠥᠳᠲᠡᠷ ᠲᠦᠷᠭᠡᠨ ᠠᠬᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠪᠡᠯᠡ

ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠪᠦᠲᠦᠮᠵᠢᠲᠡᠢ ᠳᠡᠭᠡᠭᠰᠢᠯᠡᠭᠦᠯᠦᠨ᠂ ᠪᠡᠯᠡ ᠮᠥᠩᠭᠦ ᠲᠦᠷᠦᠯ ᠵᠦᠢᠯ ᠢ

 ᠲᠠᠭᠠᠨ᠂ ᠲᠦᠷᠦᠯ ᠵᠦᠢᠯ ᠡᠭᠦᠷᠭᠡ ᠶᠢ ᠳᠠᠭᠠᠵᠤ᠂ ᠵᠠᠷᠤᠳᠠᠯ ᠢ ᠨᠠᠶᠢᠳᠠᠪᠤᠷᠢᠵᠢᠭᠤᠯᠬᠤ ᠪᠠ ᠬᠡᠷᠡᠭᠯᠡᠬᠦ ᠬᠢᠷᠢ ᠪᠦᠲᠦᠮᠵᠢ ᠶᠢ

ᠰᠢᠪᠠᠳᠠᠭᠤᠯᠤᠨ ᠭᠦᠢᠴᠡᠳᠬᠡᠬᠦ ᠶᠢ ᠰᠠᠶᠢᠲᠤᠷ ᠠᠳᠬᠤᠵᠤ᠂ ᠪᠡᠯᠡ ᠮᠥᠩᠭᠦᠨ ᠤ ᠬᠡᠷᠡᠭᠯᠡᠯᠲᠡ ᠬᠠᠮᠢᠶᠠᠷᠤᠯᠲᠠ ᠶᠢ

ᠲᠦᠷᠦᠯ ᠵᠦᠢᠯ ᠢ ᠬᠡᠷᠡᠭᠵᠢᠭᠦᠯᠬᠦ ᠪᠦᠬᠦ ᠶᠠᠪᠤᠴᠠ  ᠳᠤ ᠲᠤᠭᠤᠰᠢᠯᠠᠭᠤᠯᠬᠤ ᠶᠢ ᠪᠠᠲᠤᠯᠠᠬᠤ ᠬᠡᠷᠡᠭᠲᠡᠢ᠃ ᠰᠤᠷᠲᠠᠯ ᠤᠨ

ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ

ᠭᠦᠨᠵᠡᠭᠡᠢ ᠴᠡᠭᠴᠡᠯᠡᠨ ᠵᠠᠰᠠᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠳᠡᠰᠪᠦᠷᠢ

ᠬᠠᠲᠠᠭᠤᠵᠢᠯᠲᠠᠢ︾ ᠬᠠᠳᠠᠨ ᠵᠣᠷᠢᠭ᠂ ︽ᠴᠤᠴᠠᠯᠲᠠ ᠦᠭᠡᠢ ᠤᠷᠤᠭᠰᠢᠯᠠᠬᠤ︾ ᠭᠠᠪᠰᠢᠭᠠᠢ ᠵᠣᠷᠢᠭ ᠢᠶᠠᠷ ᠴᠢᠷᠮᠠᠶᠢᠨ

ᠠᠵᠢᠯᠯᠠᠵᠤ᠂ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ

ᠴᠢᠬᠤᠯᠠᠴᠢᠯᠠᠪᠠ᠃

       ᠰᠤᠷᠭᠠᠨ ᠬᠥᠮᠥᠵᠢᠯ ᠤᠨ ᠲᠢᠩᠬᠢᠮ ᠤᠨ ᠤᠳᠤᠷᠢᠳᠬᠤ ᠪᠠᠭ ᠤᠨ ᠬᠡᠰᠢᠭᠦᠨ᠂ ᠨᠢᠭᠡᠳᠦᠭᠡᠷ ᠬᠤᠶᠠᠳᠤᠭᠠᠷ

ᠳᠡᠰ ᠤᠨ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ

ᠪᠠᠶᠢᠴᠠᠭᠠᠬᠤ ᠳᠤᠭᠤᠶᠢᠯᠠᠩ᠂ ᠰᠤᠷᠭᠠᠨ ᠬᠥᠮᠥᠵᠢᠯ ᠤᠨ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠳᠠᠰᠤᠭ ᠵᠢᠴᠢ

ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map