︽ᠤᠯᠤᠰ ᠤᠨ ᠣᠨᠴᠠᠭᠠᠶ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ          ᠣᠷᠣᠨ︾ ᠢᠶᠠᠷ ᠲᠠᠨᠢᠯᠴᠠᠭᠤᠯᠬᠤ ᠪᠠᠷ ᠪᠠᠶᠢᠭ᠎ᠠ ᠨᠡᠷᠡᠰ ᠤᠨ ᠲᠤᠬᠠᠶ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/4/9
      ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠤᠨ ︽ᠤᠯᠤᠰ ᠤᠨ ᠣᠨᠴᠠᠭᠠᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠢ ᠲᠠᠨᠢᠯᠴᠠᠭᠤᠯᠬᠤ ᠲᠤᠬᠠᠶ ᠮᠡᠳᠡᠭᠳᠡᠯ︾ ︵ᠰᠤᠷᠭᠠᠨ ᠰᠠᠭᠤᠷᠢ ᠲᠢᠩᠬᠢᠮ ᠪᠢᠴᠢᠭ ﹇2024﹈ 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠪᠥᠬᠦ ᠣᠷᠣᠨ ᠳᠤ ︽ᠤᠯᠤᠰ ᠤᠨ ᠣᠨᠴᠠᠭᠠᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ︾ ᠢ ᠮᠡᠳᠡᠭᠦᠯᠬᠦ ᠠᠵᠢᠯ ᠢ ᠥᠷᠨᠢᠭᠦᠯᠵᠦ᠂ ᠡᠯ᠎ᠡ ᠠᠶᠢᠮᠠᠭ ᠬᠤᠲᠠ ᠶᠢᠨ ᠬᠢᠨ ᠰᠣᠩᠭᠤᠨ ᠮᠡᠳᠡᠭᠦᠯᠬᠦ ᠵᠢᠴᠢ ᠥᠪᠡᠷᠲᠡᠭᠡᠨ ᠵᠠᠰᠠᠬᠤ ᠣᠷᠣᠨ ᠲᠤᠰᠬᠠᠶ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠬᠤ ᠪᠠᠷ ᠳᠡᠮᠵᠢᠨ᠂ ᠤᠯᠠᠭᠠᠨᠬᠠᠳᠠ ᠬᠤᠲᠠ᠂ ᠬᠥᠬᠡᠬᠤᠲᠠ ᠶᠢᠨ ᠦᠴᠦᠸᠠᠨ ᠰᠢᠶᠠᠨ ᠢ ᠰᠤᠷᠭᠠᠨ ᠬᠥᠮᠦᠵᠢᠯ ᠤᠨ ᠶᠠᠮᠤᠨ ᠤ ᠬᠢᠨᠠᠨ ᠲᠣᠭᠲᠠᠭᠠᠬᠤ ᠳᠤ ᠣᠷᠣᠯᠴᠠᠭᠤᠯᠬᠤ ᠪᠠᠷ ᠲᠠᠨᠢᠯᠴᠠᠭᠤᠯᠵᠤ᠂ ᠡᠳᠦᠭᠡ ᠢᠯᠡ ᠨᠡᠶᠢᠲᠡᠯᠡᠪᠡ᠃      ᠢᠯᠡ ᠨᠡᠶᠢᠲᠡᠯᠡᠬᠦ ᠴᠠᠭ 2024 ᠣᠨ ᠤ 4 ᠳ᠋ᠦ᠋ᠭᠡᠷ ᠰᠠᠷ᠎ᠠ ᠶᠢᠨ 8-4 ᠳ᠋ᠦ᠋ᠭᠡᠷ ᠰᠠᠷ᠎ᠠ  ᠶᠢᠨ 14 ᠤ ᠡᠳᠦᠷ᠂ ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ  ᠰᠠᠨᠠᠯ ᠲᠠᠢ ᠪᠣᠯ᠂ ᠴᠢᠬᠤᠯᠠ ᠪᠥᠬᠦᠶ ᠭᠡᠷᠡᠴᠢᠯᠡᠬᠦ ᠮᠠᠲ᠋ᠧᠷᠢᠶᠠᠯ ᠪᠠ ᠬᠦᠴᠦᠨ ᠪᠥᠬᠦᠶ ᠬᠠᠷᠢᠯᠴᠠᠬᠤ ᠠᠷᠭ᠎ᠠ ᠮᠠᠶ᠋ᠢᠭ ᠢ ᠪᠢᠴᠢᠭ ᠤᠨ ᠬᠡᠯᠪᠡᠷᠢ ᠪᠠᠷ ᠲᠤᠰᠬᠠᠬᠤ ᠶᠢᠨ ᠬᠠᠮᠲᠤ ᠬᠠᠩᠭᠠᠬᠤ ᠬᠡᠷᠡᠭᠲᠡᠶ᠃      ᠬᠠᠷᠢᠯᠴᠠᠬᠤ ᠬᠥᠮᠦᠨ᠄ ᠶᠢᠩ ᠴᠢ  ᠬᠠᠷᠢᠯᠴᠠᠬᠤ ᠤᠲᠠᠰᠤ᠄ 0471-2856613      ᠢᠮᠧᠯ᠄ jytjjcyq@126.com      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ             2024 ᠣᠨ ᠤ 4 ᠰᠠᠷ᠎ᠠ ᠶᠢᠨ 8 ᠤ ᠡᠳᠦᠷ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map