ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠡᠬᠢᠯᠡᠪᠡ
ᠨᠡᠶᠢᠲᠡᠯᠡᠭᠰᠡᠨ ᠴᠠᠭ᠄
2024/5/15
      5 ᠳ᠋ᠤᠭᠠᠷ ᠰᠠᠷ᠎ᠠ ᠶᠢᠨ 13 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ           ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢ ᠴᠦᠨ ᠶᠠᠨ ᠪᠠᠶᠠᠷ ᠤᠨ ᠦᠭᠡ ᠬᠡᠯᠡᠵᠡᠢ᠃

1.webp.jpg

      ᠡᠨᠡ ᠤᠳᠠᠭᠠᠨ ᠤ ᠠᠵᠢᠯᠯᠠᠭ᠎ᠠ ᠢ ︽ᠭᠠᠷ ᠤᠨ ᠡᠷᠳᠡᠮ᠂ ᠨᠠᠰᠤᠨ ᠤ ᠲᠦᠰᠢᠭ︾ ᠢᠶᠠᠷ ᠭᠤᠣᠯ ᠰᠡᠳᠦᠪ

ᠪᠣᠯᠭᠠᠨ ︽ᠠᠷᠪᠠᠨ ᠵᠢᠯ · ᠡᠷᠭᠢᠴᠡᠭᠦᠯᠦᠯ︾᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ

ᠰᠤᠷᠤᠯᠴᠠᠯᠭ᠎ᠠ︾᠂ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠬᠠᠤᠯᠢ

ᠴᠠᠭᠠᠵᠠ ᠬᠠᠤᠯᠢ ᠳᠦᠷᠢᠮ ᠵᠢᠴᠢ ᠴᠢᠬᠤᠯᠠ ᠦᠷ᠎ᠡ ᠪᠦᠲᠦᠭᠡᠯ ᠢ ᠤᠬᠠᠭᠤᠯᠤᠨ ᠲᠠᠶᠢᠯᠪᠤᠷᠢᠯᠠᠬᠤ︾᠂ ︽ᠠᠵᠢᠯ

ᠮᠡᠷᠭᠡᠵᠢᠯ ᠤᠨ ᠤᠷ᠎ᠠ ᠴᠢᠳᠠᠪᠤᠷᠢ ᠢ ᠪᠠᠳᠠᠷᠠᠭᠤᠯᠤᠨ ᠦᠯᠢᠭᠡᠷ ᠳᠠᠭᠤᠷᠢᠶᠠᠯ ᠠᠴᠠ ᠰᠤᠷᠤᠯᠴᠠᠬᠤ︾᠂ ︽ᠰᠤᠷᠭᠠᠭᠤᠯᠢ

ᠪᠠ ᠠᠵᠤ ᠠᠬᠤᠶᠢᠯᠠᠯ ᠬᠠᠮᠲᠤᠷᠠᠨ ᠠᠵᠢᠯ ᠣᠯᠭᠤᠯᠲᠠ ᠶᠢ ᠠᠬᠢᠭᠤᠯᠬᠤ︾ ᠵᠡᠷᠭᠡ 16 ᠵᠦᠢᠯ  ᠤᠨ ᠠᠵᠢᠯᠯᠠᠭᠠᠨ ᠤ

ᠠᠭᠤᠯᠭ᠎ᠠ ᠶᠢᠨ ᠲᠣᠭᠤᠷᠢᠨ ᠳᠤ ᠥᠷᠨᠢᠭᠦᠯᠪᠡ᠃ ᠭᠤᠶᠢᠳᠠ ᠰᠠᠶᠢᠬᠠᠨ ᠪᠥᠭᠡᠳ ᠣᠯᠠᠨ ᠬᠡᠯᠪᠡᠷᠢ ᠮᠠᠶ᠋ᠢᠭ ᠤᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ  ᠶᠢ ᠥᠷᠨᠢᠭᠦᠯᠬᠦ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ

ᠰᠤᠷᠭᠠᠭᠤᠯᠢ ᠶᠢᠨ ᠰᠤᠷᠤᠭᠴᠢᠳ ᠤᠨ ᠦᠵᠡᠯ ᠰᠠᠨᠠᠭᠠᠨ ᠤ ᠬᠡᠪ ᠪᠣᠯᠪᠠᠰᠤᠷᠠᠯ ᠢ ᠲᠠᠰᠤᠷᠠᠯᠲᠠ ᠥᠬᠡᠶ

ᠭᠦᠨᠵᠡᠭᠡᠶᠢᠷᠡᠭᠦᠯᠵᠦ᠂ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠤᠷ᠎ᠠ

ᠴᠢᠳᠠᠪᠤᠷᠢ  ᠶᠢ ᠣᠯᠠᠨ ᠲᠦᠮᠡᠨ ᠳᠤ ᠬᠠᠷᠠᠭᠤᠯᠵᠤ᠂ ᠨᠡᠶᠢᠭᠡᠮ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ

ᠮᠡᠳᠡᠷᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ

ᠥᠷᠭᠡᠳᠭᠡᠪᠡ᠃

 

2.webp.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠤᠨ ᠡᠯ᠎ᠡ

ᠰᠤᠷᠭᠠᠭᠤᠯᠢ ᠶᠢᠨ ᠬᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂

ᠪᠣᠳᠠᠲᠠᠢ ᠲᠠᠢ ᠤᠶᠠᠯᠳᠤᠭᠤᠯᠤᠨ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠠᠵᠢᠯᠯᠠᠭᠠᠨ ᠤ ᠠᠭᠤᠯᠭ᠎ᠠ ᠪᠠ

ᠠᠷᠭ᠎ᠠ ᠬᠡᠯᠪᠡᠷᠢ ᠶᠢᠨ ᠰᠢᠨ᠎ᠡ ᠶᠢ ᠡᠭᠦᠳᠦᠨ᠂ ᠳᠡᠯᠭᠡᠨ ᠦᠵᠡᠭᠦᠯᠬᠦ ᠪᠠ ᠤᠬᠠᠭᠤᠯᠬᠤ ᠦᠷ᠎ᠡ ᠪᠦ᠋ᠲᠦᠮᠵᠢ ᠶᠢ ᠴᠢᠷᠮᠠᠶᠢᠨ

ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠦᠢᠯ ᠤᠨ ᠪᠦᠲᠦᠮᠵᠢᠲᠡᠢ ᠡᠬᠢ ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ

ᠠᠰᠢᠭᠯᠠᠨ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠨ᠎ᠡ ᠴᠡᠨ᠎ᠡ ᠲᠠᠢ᠂ ᠢᠯᠭᠠᠮᠵᠢ ᠲᠠᠢ᠂

ᠨᠥᠯᠥᠭᠡᠯᠡᠬᠦ ᠬᠦᠴᠦᠨ ᠲᠠᠢ ᠰᠢᠷᠢᠰ ᠠᠵᠢᠯᠯᠠᠭ᠎ᠠ ᠶᠢ ᠲᠥᠯᠦᠪᠯᠡᠬᠦ ᠬᠡᠷᠡᠭᠲᠡᠢ᠃ ᠤᠬᠠᠭᠤᠯᠬᠤ ᠭᠤᠣᠯᠳᠠᠯᠭ᠎ᠠ ᠪᠠᠨ

ᠲᠣᠪᠤᠶᠢᠯᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠᠷ

ᠰᠤᠷᠤᠭᠴᠢ ᠪᠣᠯᠤᠨ ᠭᠡᠷ ᠤᠨ ᠠᠬᠠᠮᠠᠳ ᠲᠤ ᠠᠰᠢᠭ ᠬᠦᠷᠲᠡᠭᠡᠵᠦ᠂ ︽ᠭᠠᠷ ᠤᠨ ᠡᠷᠳᠡᠮ᠂ ᠨᠠᠰᠤᠨ ᠤ ᠲᠦᠰᠢᠭ︾ ᠢ

ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ

ᠴᠢᠩᠭᠠᠳᠬᠠᠵᠤ᠂ ᠠᠮᠤᠷ ᠲᠦᠪᠰᠢᠨ ᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠵᠢᠯ ᠮᠡᠷᠭᠡᠵᠢᠯ ᠤᠨ ᠰᠤᠷᠭᠠᠨ

ᠬᠥᠮᠦᠵᠢᠯ ᠤᠨ ᠠᠵᠢᠯᠯᠠᠭᠠᠨ ᠤ ᠭᠠᠷᠠᠭ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠬᠠᠭᠤᠯᠭ᠎ᠠ ᠶᠢᠨ

ᠰᠠᠷ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ

ᠱᠠᠭᠠᠷᠳᠠᠪᠠ᠃

      ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠢ ᠳᠤ᠂ ᠬᠤᠷᠠᠯ ᠳᠤ ᠣᠷᠣᠯᠴᠠᠭᠰᠠᠳ ᠬᠠᠮᠲᠤ ᠳᠤ ᠪᠠᠨ ᠠᠵᠢᠯ

ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠤᠷ᠎ᠠ ᠴᠢᠳᠠᠪᠤᠷᠢ ᠶᠢᠨ ᠦᠵᠡᠭᠦᠯᠭᠡ ᠶᠢ

ᠲᠣᠭᠤᠷᠢᠨ ᠦᠵᠡᠪᠡ᠃ ᠮᠡᠷᠭᠡᠵᠢᠯ ᠤᠨ ᠦᠵᠡᠭᠦᠯᠭᠡ ᠳᠤ ᠡᠯᠧᠺᠲᠷᠣᠨ ᠡᠨᠧᠷᠭᠢ᠂ ᠴᠠᠬᠢᠭᠤᠷ ᠤᠨ ᠮᠠᠲ᠋ᠧᠷᠢᠶᠠᠯ

ᠦᠢᠯᠡᠳᠬᠦ᠂ ᠴᠠᠬᠢᠯᠭᠠᠨ ᠬᠦᠴᠦᠨ ᠤ ᠣᠶᠤᠨᠴᠢ ᠲᠣᠭᠤᠷᠢᠨ ᠪᠠᠶᠢᠴᠠᠭᠠᠬᠤ ᠵᠡᠷᠭᠡ ᠬᠢᠮᠡᠯ ᠣᠶᠤᠨᠴᠢ ᠮᠡᠷᠭᠡᠵᠢᠯ ᠤᠨ

ᠦᠵᠡᠭᠦᠯᠭᠡ᠂ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾᠂ ︽ᠣᠶᠤᠨᠴᠢ + ᠰᠤᠷᠭᠠᠨ ᠬᠥᠮᠦᠵᠢᠯ︾ ᠤᠨ

ᠪᠣᠬᠢᠷᠲᠤᠯ ᠦᠭᠡᠢ ᠬᠢᠮᠢ ᠶᠢᠨ ᠠᠵᠤ ᠦᠢᠯᠡᠳᠪᠦᠷᠢ ᠶᠢᠨ ᠤᠭᠰᠠᠷᠠᠭᠤᠯᠬᠤ ᠮᠠᠶ᠋ᠢᠭ ᠤᠨ ᠰᠢᠷᠡᠭᠡᠨ  ᠳᠡᠭᠡᠷᠡᠬᠢ ᠣᠶᠤᠨᠴᠢ

ᠦᠢᠯᠡᠳᠪᠦᠷᠢ ᠶᠢᠨ ᠦᠵᠡᠭᠦᠯᠭᠡ᠂ ᠧᠦ᠋ᠷᠣᠫᠡ ᠮᠠᠶ᠋ᠢᠭ ᠤᠨ ᠪᠣᠭᠤᠷᠰᠤᠭ ᠬᠢᠬᠦ᠂ ᠠᠷᠢᠬᠢ ᠨᠠᠶᠢᠷᠠᠬᠤ᠂ ᠴᠡᠴᠡᠭ

ᠰᠠᠭᠤᠯᠭᠠᠬᠤ᠂ ᠴᠠᠢ ᠶᠢᠨ ᠤᠷᠠᠯᠢᠭ᠂ ᠭᠠᠷ ᠤᠷᠠᠯᠠᠯ ᠤᠨ ᠦᠵᠡᠭᠦᠯᠭᠡ᠂ ᠪᠠᠰᠠ ᠮᠣᠷᠢᠨ ᠬᠤᠭᠤᠷ ᠦᠢᠯᠡᠳᠬᠦ ᠭᠠᠷ

ᠤᠷᠠᠯᠠᠯ᠂ ᠴᠠᠭᠠᠰᠤᠨ ᠬᠠᠶᠢᠴᠢᠯᠠᠮᠠᠯ ᠤᠨ ᠦᠢᠯᠡᠳᠬᠡᠯ᠂ ᠸᠠᠭᠠᠷ ᠤᠨ ᠤᠷᠠᠯᠢᠭ ᠤᠨ ᠦᠢᠯᠡᠳᠬᠡᠯ ᠵᠡᠷᠭᠡ ᠪᠣᠳᠠᠰ ᠤᠨ

ᠪᠤᠰᠤ ᠰᠣᠶᠣᠯ ᠤᠨ ᠥᠪ ᠦᠢᠯᠡᠳᠬᠦ ᠮᠡᠷᠭᠡᠵᠢᠯ ᠤᠨ ᠦᠵᠡᠭᠦᠯᠭᠡ ᠪᠣᠢ᠃

   

3.webp.jpg

4.png

      ᠲᠤᠰ ᠠᠵᠢᠯᠯᠠᠭ᠎ᠠ ᠳᠤ ᠪᠠᠰᠠ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ

ᠬᠡᠯᠲᠡᠰ ᠤᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠯᠢ ᠰᠢᠩ ᠵᠧᠦ ᠶᠢ ᠤᠷᠢᠵᠤ ︽ᠰᠢᠨ᠎ᠡ

ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ

ᠮᠡᠷᠭᠡᠵᠢᠯ ᠤᠨ ᠪᠠᠶᠢᠭᠤᠯᠤᠯᠲᠠ ᠪᠠ ᠴᠢᠳᠠᠪᠤᠷᠢᠲᠠᠨ ᠢ ᠬᠥᠮᠦᠵᠢᠭᠦᠯᠬᠦ︾ ᠭᠡᠬᠦ ᠲᠤᠰᠬᠠᠢ ᠰᠡᠳᠦᠪᠲᠦ ᠮᠡᠳᠡᠭᠦᠯᠦᠯᠲᠡ

ᠬᠢᠯᠭᠡᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ

ᠠᠯᠪᠠᠨ ᠭᠡᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ

ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ

ᠮᠠᠯᠵᠢᠬᠤ ᠣᠷᠣᠨ ᠤ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ

ᠵᠥᠪᠯᠡᠯ᠂ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ

ᠳᠤᠮᠳᠠᠳᠤ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠢᠶᠠᠨ ᠤ ᠬᠤᠯᠪᠣᠭᠳᠠᠯ ᠪᠦᠬᠦᠢ

ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠡᠰᠡᠭ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠣᠯᠤᠨ

ᠪᠠᠭᠰᠢ ᠰᠤᠷᠤᠭᠴᠢᠳ ᠤᠨ ᠲᠥᠯᠥᠭᠡᠯᠡᠭᠴᠢ 300 ᠰᠢᠬᠠᠮ ᠬᠥᠮᠦᠨ ᠠᠬᠤᠢ ᠲᠠᠯᠠᠪᠠᠢ ᠶᠢᠨ ᠠᠵᠢᠯᠯᠠᠭ᠎ᠠ ᠳᠤ

ᠣᠷᠣᠯᠴᠠᠪᠠ᠃ ᠰᠢᠯᠢᠳᠡᠭ ᠠᠵᠤ ᠠᠬᠤᠶᠢᠯᠠᠯ ᠤᠨ ᠲᠥᠯᠥᠭᠡᠯᠡᠭᠴᠢ ᠪᠣᠯᠤᠨ ᠰᠢᠯᠢᠳᠡᠭ ᠲᠡᠭᠦᠰᠦᠭᠰᠡᠳ ᠤᠨ

ᠲᠥᠯᠥᠭᠡᠯᠡᠭᠴᠢ ᠠᠬᠤᠢ ᠲᠠᠯᠠᠪᠠᠢ ᠳᠤ ᠦᠭᠡ ᠬᠡᠯᠡᠪᠡ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map