ᠵᠢᠷᠭᠤᠳᠤᠭᠠᠷ ᠬᠤᠭᠤᠴᠠᠭᠠᠨ ᠤ ᠳᠤᠮᠳᠠᠳᠤ ᠶᠢᠨ ᠰᠣᠩᠭᠤᠳᠠᠭ ᠵᠣᠬᠢᠶᠠᠯ ᠢ ᠣᠩᠰᠢᠵᠤ ᠪᠢᠴᠢᠵᠦ ᠲᠠᠶᠢᠯᠪᠤᠷᠢᠯᠠᠬᠤ ᠤᠷᠤᠯᠳᠤᠭᠠᠨ ᠤ ᠮᠡᠳᠡᠭᠳᠡᠯ
ᠨᠡᠶᠢᠲᠡᠯᠡᠭᠰᠡᠨ ᠴᠠᠭ᠄
2024/5/16
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ᠂ ᠰᠣᠶᠣᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠶᠢᠨ ᠰᠢᠯᠢᠳᠡᠭ ᠦᠭᠡ ᠬᠡᠯᠡ ᠰᠣᠶᠣᠯ ᠢ ᠤᠯᠠᠮᠵᠢᠯᠠᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠨᠣᠮ ᠤᠩᠰᠢᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ︽ᠰᠣᠩᠭᠤᠳᠠᠭ ᠵᠣᠬᠢᠶᠠᠯ ᠢᠶᠠᠷ ᠳᠤᠮᠳᠠᠳᠤ ᠪᠠᠨ ᠭᠡᠶᠢᠭᠦᠯᠬᠦ︾ ᠭᠤᠣᠯ ᠰᠡᠳᠦᠪᠲᠦ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠠᠴᠠ ᠵᠢᠷᠭᠤᠳᠤᠭᠠᠷ ᠬᠤᠭᠤᠴᠠᠭᠠᠨ ᠤ ᠳᠤᠮᠳᠠᠳᠤ ᠶᠢᠨ ᠰᠣᠩᠭᠤᠳᠠᠭ ᠵᠣᠬᠢᠶᠠᠯ ᠢ ᠣᠩᠰᠢᠵᠤ ᠪᠢᠴᠢᠵᠦ ᠶᠠᠷᠢᠬᠤ ᠤᠷᠤᠯᠳᠤᠭᠠᠨ ︵ᠳᠣᠷᠣᠭᠰᠢ ᠤᠷᠤᠯᠳᠤᠭᠠᠨ ᠭᠡᠵᠦ ᠳᠦᠭᠦᠮᠴᠢᠯᠡᠨ᠎ᠡ︶ ᠢ ᠡᠷᠬᠢᠯᠡᠬᠦ ᠪᠠᠷ ᠪᠣᠯᠪᠠ᠃ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠣᠰᠣᠭᠠᠷ ᠮᠠᠨ ᠤ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠳᠦᠭᠡ ᠤᠷᠤᠯᠳᠤᠭᠠᠨ ᠤ ᠪᠣᠳᠠᠲᠠᠢ  ᠵᠦᠢᠯ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠤᠷᠤᠯᠳᠤᠭᠠᠨ ᠤ ᠵᠣᠷᠢᠯᠲᠠ      ᠳᠤᠮᠳᠠᠳᠤ ᠶᠢᠨ ᠰᠢᠯᠢᠳᠡᠭ ᠰᠣᠶᠣᠯ ᠤᠨ ᠠᠭᠤᠯᠤᠭᠳᠠᠬᠤᠨ ᠢ ᠣᠶᠢᠯᠠᠭᠠᠵᠤ᠂ ᠰᠣᠶᠣᠯ ᠤᠨ ᠦᠵᠡᠯ ᠰᠠᠨᠠᠭᠠᠨ ᠤ ᠦᠢᠯᠡᠳᠦᠯᠭᠡ ᠶᠢ ᠪᠠᠶᠠᠯᠢᠭᠵᠢᠭᠤᠯᠤᠨ᠂ ᠦᠭᠡ ᠬᠡᠯᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠪᠠᠷ ᠤᠷᠮᠠᠰᠢᠭᠤᠯᠤᠨ᠎ᠠ᠃      ᠬᠤᠶᠠᠷ᠂ ᠤᠷᠤᠯᠳᠤᠭᠠᠨ ᠤ ᠭᠤᠣᠯ ᠰᠡᠳᠦᠪ      ᠰᠣᠩᠭᠤᠳᠠᠭ ᠵᠣᠬᠢᠶᠠᠯ ᠢᠶᠠᠷ ᠳᠤᠮᠳᠠᠳᠤ ᠪᠠᠨ ᠭᠡᠶᠢᠭᠦᠯᠵᠦ᠂ ᠰᠣᠶᠤᠯ ᠤᠨ ᠥᠪ ᠢ ᠦᠷᠭᠦᠯᠵᠢᠯᠡᠭᠦᠯᠦᠶ᠎ᠡ      ᠭᠤᠷᠪᠠ᠂ ᠤᠷᠤᠯᠳᠤᠭᠠᠨ ᠤ ᠲᠥᠷᠥᠯ      ᠲᠤᠰ ᠬᠤᠭᠤᠴᠠᠭᠠᠨ ᠤ ᠤᠷᠤᠯᠳᠤᠭᠠᠨ ᠢ ︽ᠳᠤᠮᠳᠠᠳᠤ ᠢᠶᠠᠨ ᠤᠶᠠᠩᠭᠠᠯᠠᠨᠠᠮ︾ ᠭᠡᠬᠦ ᠰᠣᠩᠭᠤᠳᠠᠭ ᠵᠣᠬᠢᠶᠠᠯ ᠢ ᠤᠩᠰᠢᠬᠤ ᠤᠷᠤᠯᠳᠤᠭᠠᠨ ︵ᠤᠩᠰᠢᠬᠤ ᠤᠷᠤᠯᠳᠤᠭᠠᠨ ᠭᠡᠵᠦ ᠳᠦᠭᠦᠮᠴᠢᠯᠡᠨ᠎ᠡ︶᠂ ︽ᠳᠤᠮᠳᠠᠳᠤ ᠢᠶᠠᠨ ᠰᠢᠯᠦᠭᠯᠡᠨᠡᠮ︾ ᠭᠡᠬᠦ ᠰᠢᠯᠦᠭ ᠳᠠᠭᠤᠯᠠᠯ ᠢᠶᠠᠷ ᠲᠠᠶᠢᠯᠪᠤᠷᠢᠯᠠᠬᠤ ᠤᠷᠤᠯᠳᠤᠭᠠᠨ ︵ᠲᠠᠶᠢᠯᠪᠤᠷᠢᠯᠠᠬᠤ ᠤᠷᠤᠯᠳᠤᠭᠠᠨ ᠭᠡᠵᠦ ᠳᠦᠭᠦᠮᠴᠢᠯᠡᠨ᠎ᠡ︶᠂ ︽ᠳᠤᠮᠳᠠᠳᠤ ᠢᠶᠠᠨ ᠪᠢᠴᠢᠭᠯᠡᠨᠡᠮ︾ ᠭᠡᠬᠦ ᠬᠢᠲᠠᠳ ᠦᠰᠦᠭ ᠤᠨ ᠤᠷᠠᠨ ᠪᠢᠴᠢᠯᠭᠡ ᠶᠢᠨ ᠤᠷᠤᠯᠳᠤᠭᠠᠨ ︵ᠪᠢᠴᠢᠬᠦ ᠤᠷᠤᠯᠳᠤᠭᠠᠨ ᠭᠡᠵᠦ ᠳᠦᠭᠦᠮᠴᠢᠯᠡᠨ᠎ᠡ︶᠂ ︽ᠳᠤᠮᠳᠠᠳᠤ ᠢᠶᠠᠨ ᠰᠡᠶᠢᠯᠦᠨᠡᠮ︾ ᠭᠡᠬᠦ ᠪᠠᠭᠰᠢ ᠰᠤᠷᠤᠭᠴᠢ ᠶᠢᠨ ᠰᠡᠶᠢᠯᠬᠦ ᠤᠷᠤᠯᠳᠤᠭᠠᠨ ︵ᠰᠡᠶᠢᠯᠬᠦ ᠤᠷᠤᠯᠳᠤᠭᠠᠨ ᠭᠡᠵᠦ ᠳᠦᠭᠦᠮᠴᠢᠯᠡᠨ᠎ᠡ︶ ᠵᠡᠷᠭᠡ ᠲᠥᠷᠪᠡᠨ ᠤᠷᠤᠯᠳᠤᠭᠠᠨ ᠤ ᠲᠥᠷᠦᠯ ᠬᠤᠪᠢᠶᠠᠪᠠ᠃      ᠳᠥᠷᠪᠡ᠂ ᠤᠷᠤᠯᠳᠤᠭᠠᠨ ᠤ ᠲᠥᠷᠦᠯ ᠤᠨ ᠵᠣᠬᠢᠶᠠᠨ ᠪᠠᠶᠢᠭᠤᠯᠤᠯᠲᠠ      ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠣᠩᠰᠢᠬᠤ ᠤᠷᠤᠯᠳᠤᠭᠠᠨ ᠤ ᠠᠩᠬᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠨᠠᠶᠢᠳᠠᠵᠤ ᠳᠠᠭᠠᠭᠠᠴᠢᠯᠠᠨ ᠡᠷᠬᠢᠯᠡᠨ᠎ᠡ᠃ ᠬᠤᠶᠠᠳᠠᠬᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠢᠴᠢ ᠦᠵᠡᠭᠦᠯᠭᠡ ᠶᠢ ᠰᠤᠷᠭᠠᠨ ᠬᠥᠮᠦᠵᠢᠯ ᠤᠨ ᠶᠠᠮᠤᠨ ᠤ ᠲᠣᠭᠲᠠᠭᠠᠭᠰᠠᠨ ᠬᠤᠪᠢᠶᠠᠷᠢ ᠤᠷᠤᠯᠳᠤᠭᠠᠨ ᠤ ᠵᠦᠢᠯ ᠢ ᠭᠦᠢᠴᠡᠳᠬᠡᠬᠦ ᠺᠣᠮᠢᠰ ᠠᠴᠠ ᠵᠣᠬᠢᠶᠠᠨ ᠪᠠᠶᠢᠭᠤᠯᠤᠨ᠎ᠠ᠃ ᠮᠠᠨ ᠤ ᠣᠷᠣᠨ ᠤ ᠠᠩᠬᠠᠨ ᠤ ᠤᠷᠤᠯᠳᠤᠭᠠᠨ ᠢ ᠡᠯ᠎ᠡ ᠠᠶᠢᠮᠠᠭ ᠬᠤᠲᠠ᠂ ᠳᠡᠭᠡᠳᠦ ᠰᠤᠷᠭᠠᠭᠤᠯᠢ ᠶᠢᠨ ᠰᠢᠯᠭᠠᠷᠠᠭᠤᠯᠬᠤ ᠤᠷᠤᠯᠳᠤᠭᠠᠨ ᠤ ᠰᠠᠭᠤᠷᠢᠨ ᠳᠡᠭᠡᠷ᠎ᠡ ᠶᠠᠪᠤᠭᠳᠠᠭᠤᠯᠤᠨ᠎ᠠ᠃      ᠲᠠᠶᠢᠯᠪᠤᠷᠢᠯᠠᠬᠤ ᠤᠷᠤᠯᠳᠤᠭᠠᠨ᠂ ᠪᠢᠴᠢᠬᠦ ᠤᠷᠤᠯᠳᠤᠭᠠᠨ᠂ ᠰᠡᠶᠢᠯᠬᠦ ᠤᠷᠤᠯᠳᠤᠭᠠᠨ ᠳᠤ ᠣᠷᠣᠯᠴᠠᠭᠰᠠᠳ ᠰᠢᠭᠤᠳ ᠤᠷᠤᠯᠳᠤᠭᠠᠨ ᠤ ᠠᠯᠪᠠᠨ ᠤ ᠰᠦᠯᠵᠢᠶ᠎ᠡ ᠳᠤ ᠣᠷᠣᠵᠤ᠂ ᠥᠪᠡᠰᠦᠪᠡᠨ ᠨᠡᠷ᠎ᠡ ᠮᠡᠳᠡᠭᠦᠯᠦᠨ᠂ ᠮᠡᠳᠡᠯᠭᠡ ᠶᠢᠨ ᠰᠢᠯᠭᠠᠨ ᠦᠨᠡᠯᠡᠯᠲᠡ ᠳᠤ ᠬᠢᠷᠢ ᠲᠡᠩᠴᠡᠭᠰᠡᠨ ᠤ ᠳᠠᠷᠠᠭ᠎ᠠ᠂ ᠱᠠᠭᠠᠷᠳᠠᠯᠭ᠎ᠠ ᠶᠣᠰᠣᠭᠠᠷ ᠤᠷᠤᠯᠳᠤᠭᠠᠨ ᠳᠤ ᠣᠷᠣᠯᠴᠠᠬᠤ ᠪᠦᠲᠦᠭᠡᠯ ᠢᠶᠠᠨ ᠳᠠᠮᠵᠢᠭᠤᠯᠤᠨ᠎ᠠ᠃      ᠲᠠᠪᠤ᠂ ᠤᠷᠤᠯᠳᠤᠭᠠᠨ ᠤ ᠳᠡᠰ ᠳᠠᠷᠠᠭᠠᠯᠠᠯ ᠤᠨ ᠲᠣᠬᠢᠷᠠᠭᠤᠯᠤᠯᠲᠠ      ᠤᠷᠤᠯᠳᠤᠭᠠᠨ ᠤ ᠳᠡᠰ ᠳᠠᠷᠠᠭᠠᠯᠠᠯ ᠳᠤ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ᠂ ᠰᠢᠢᠳᠪᠦᠷᠢᠲᠦ ᠤᠷᠤᠯᠳᠤᠭᠠᠨ ᠵᠢᠴᠢ ᠦᠵᠡᠭᠦᠯᠭᠡ ᠶᠢ ᠪᠠᠭᠲᠠᠭᠠᠨ᠎ᠠ᠃      ᠵᠢᠷᠭᠤᠭ᠎ᠠ᠂ ᠱᠠᠩᠨᠠᠯ ᠤᠨ ᠵᠦᠢᠯ ᠤᠨ ᠲᠣᠬᠢᠷᠠᠭᠤᠯᠤᠯᠲᠠ      ᠡᠯ᠎ᠡ ᠤᠷᠤᠯᠳᠤᠭᠠᠨ ᠤ ᠵᠦᠢᠯ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠱᠠᠩᠨᠠᠯ ᠢ ᠲᠣᠬᠢᠷᠠᠭᠤᠯᠵᠤ᠂  ᠵᠢᠯᠣᠭᠤᠳᠤᠭᠰᠠᠨ ᠪᠠᠭᠰᠢ ᠳᠤ ᠵᠣᠷᠢᠭᠤᠯᠤᠨ ᠰᠢᠯᠢᠳᠡᠭ ᠵᠢᠯᠣᠭᠤᠳᠤᠭᠰᠠᠨ ᠪᠠᠭᠰᠢ ᠶᠢᠨ ᠱᠠᠩᠨᠠᠯ ᠢ ᠲᠣᠬᠢᠷᠠᠭᠤᠯᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ︵ᠦᠭᠡ ᠬᠡᠯᠡ ᠦᠰᠦᠭ ᠪᠢᠴᠢᠭ ᠤᠨ ᠠᠵᠢᠯ︶ ᠤᠨ ᠰᠠᠯᠠᠭ᠎ᠠ ᠮᠥᠴᠢᠷ᠂ ᠠᠵᠢᠯᠲᠠᠨ᠂ ᠰᠤᠷᠭᠠᠭᠤᠯᠢ ᠵᠢᠴᠢ ᠬᠠᠮᠢᠶ᠎ᠠ ᠪᠦᠬᠦᠢ ᠤᠷᠤᠯᠳᠤᠭᠠᠨ ᠢ ᠵᠣᠬᠢᠶᠠᠨ ᠪᠠᠶᠢᠭᠤᠯᠬᠤ ᠨᠢᠭᠡᠴᠢ ᠪᠠ ᠬᠤᠪᠢ ᠬᠥᠮᠦᠨ ᠳᠤ ᠬᠠᠨᠳᠤᠭᠤᠯᠤᠨ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ︵ᠪᠦᠯᠬᠦᠮ᠂ ᠬᠤᠪᠢ ᠬᠥᠮᠦᠨ︶  ᠢ ᠲᠣᠬᠢᠷᠠᠭᠤᠯᠤᠨ᠂ ᠤᠷᠤᠯᠳᠤᠭᠠᠨ ᠢ ᠵᠣᠬᠢᠶᠠᠨ ᠪᠠᠶᠢᠭᠤᠯᠬᠤ ᠺᠣᠮᠢᠰ ᠠᠴᠠ ᠨᠢᠭᠡᠳᠦᠯᠲᠡᠢ ᠦᠨᠡᠮᠯᠡᠯ ︵ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ ᠳᠤ ᠦᠨᠡᠮᠯᠡᠯ ᠣᠯᠭᠤᠵᠤ᠂ ᠪᠤᠰᠤᠳ ᠱᠠᠩᠨᠠᠯ ᠨᠢ ᠤᠷᠤᠯᠳᠤᠭᠠᠨ ᠤ ᠠᠯᠪᠠᠨ ᠤ ᠰᠦᠯᠵᠢᠶᠡᠨ ᠠᠴᠠ ᠥᠪᠡᠰᠦᠪᠡᠨ ᠡᠯᠧᠺᠲᠷᠣᠨ ᠦᠨᠡᠮᠯᠡᠯ ᠢ ᠪᠠᠭᠤᠯᠭᠠᠨ᠎ᠠ︶ ᠣᠯᠭᠤᠨ᠎ᠠ᠃      ᠮᠠᠨ ᠤ ᠣᠷᠣᠨ ᠤ ᠣᠩᠰᠢᠬᠤ ᠤᠷᠤᠯᠳᠤᠭᠠᠨ ᠤ ᠠᠩᠬᠠᠨ ᠤ ᠤᠷᠤᠯᠳᠤᠭᠠᠨ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠵᠣᠬᠢᠬᠤ ᠱᠠᠩᠨᠠᠯ ᠢ ᠲᠣᠬᠢᠷᠠᠭᠤᠯᠤᠨ᠎ᠠ᠃      ᠳᠣᠯᠤᠭ᠎ᠠ᠂ ᠤᠷᠤᠯᠳᠤᠭᠠᠨ ᠤ ᠲᠠᠪᠴᠠᠩ      ᠤᠷᠤᠯᠳᠤᠭᠠᠨ ᠤ ᠠᠯᠪᠠᠨ ᠰᠦᠯᠵᠢᠶ᠎ᠡ᠄ https://jdsxj.eduyun.cn᠃ ᠤᠷᠤᠯᠳᠤᠭᠠᠨ ᠳᠤ ᠣᠷᠣᠯᠴᠠᠭᠰᠠᠳ ᠠᠯᠪᠠᠨ ᠰᠦᠯᠵᠢᠶᠡᠨ ᠳᠤ ᠨᠡᠷ᠎ᠡ  ᠮᠡᠳᠡᠭᠦᠯᠦᠨ ᠤᠷᠤᠯᠳᠤᠭᠠᠨ ᠳᠤ ᠣᠷᠣᠯᠴᠠᠵᠤ᠂ ᠪᠦᠲᠦᠭᠡᠯ ᠢᠶᠠᠨ ᠳᠡᠭᠡᠭᠰᠢ ᠳᠠᠮᠵᠢᠭᠤᠯᠤᠨ᠂ ᠤᠷᠤᠯᠳᠤᠭᠠᠨ ᠤ ᠮᠡᠳᠡᠭᠳᠡᠯ ᠪᠠ ᠨᠡᠷᠡᠰ ᠤᠨ ᠢᠯᠡ ᠨᠡᠶᠢᠲᠡᠯᠡᠯ᠂ ᠦᠨᠡᠮᠯᠡᠯ ᠢ ᠪᠠᠭᠤᠯᠭᠠᠬᠤ ᠵᠡᠷᠭᠡ ᠶᠢ ᠪᠠᠶᠢᠴᠠᠭᠠᠨ ᠦᠵᠡᠵᠦ ᠪᠣᠯᠤᠨ᠎ᠠ᠃ ᠡᠯ᠎ᠡ ᠤᠷᠤᠯᠳᠤᠭᠠᠨ ᠤ ᠳᠡᠰ ᠳᠠᠷᠠᠭᠠᠯᠠᠯ ᠤᠨ ᠪᠣᠳᠠᠲᠠᠢ ᠱᠠᠭᠠᠷᠳᠠᠯᠭ᠎ᠠ᠂ ᠠᠵᠢᠯ ᠤᠨ ᠲᠣᠬᠢᠷᠠᠭᠤᠯᠤᠯᠲᠠ ᠵᠡᠷᠭᠡ ᠶᠠᠪᠤᠳᠠᠯ ᠢ ᠴᠥᠮ ᠤᠷᠤᠯᠳᠤᠭᠠᠨ ᠤ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠨᠡᠶᠢᠲᠡᠯᠡᠪᠡ᠃ ᠡᠭᠦᠨ ᠤ ᠬᠠᠮᠲᠤ᠂ ᠳᠤᠮᠳᠠᠳᠤ ᠶᠢᠨ ᠰᠣᠩᠭᠤᠳᠠᠭ ᠵᠣᠬᠢᠶᠠᠯ ᠢ ᠤᠩᠰᠢᠬᠤ ᠢᠨᠵᠧᠨᠧᠷᠢᠩ ᠤᠨ ᠸᠢᠴᠠᠲ ᠤᠨ ᠨᠡᠶᠢᠲᠡ ᠶᠢᠨ ᠳ᠋ᠤᠭᠠᠷ ︵zhjdsdgc︶᠂  ᠳ᠋ᠧᠦ ᠶᠢᠨ ᠤᠨ ᠳ᠋ᠤᠭᠠᠷ᠂ ᠸᠢᠳᠢᠣ᠋ ᠶᠢᠨ ᠳ᠋ᠤᠭᠠᠷ ᠪᠠ ᠳᠤᠮᠳᠠᠳᠤ ᠤᠯᠤᠰ ᠤᠨ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠳ᠋ᠤᠭᠠᠷ ᠵᠡᠷᠭᠡ ᠪᠠᠷ ᠳᠠᠮᠵᠢᠭᠤᠯᠤᠨ ᠤᠷᠤᠯᠳᠤᠭᠠᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠣᠯᠵᠤ ᠪᠣᠯᠤᠨ᠎ᠠ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map