ᠰᠤᠷᠭᠠᠨ ᠬᠥᠮᠦᠵᠢᠯ ᠤᠨ ᠶᠠᠮᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠶᠠᠮᠤᠨ ᠪᠠ ᠣᠷᠣᠨ ᠤ ᠵᠦᠪᠳᠡᠯᠴᠡᠭᠡᠷ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/17
      5 ᠰᠠᠷ᠎ᠠ ᠶᠢᠨ 15 ᠤ ᠡᠳᠦᠷ᠂ ᠰᠤᠷᠭᠠᠨ ᠬᠥᠮᠦᠵᠢᠯ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠳᠤ ᠶᠠᠮᠤᠨ ᠪᠠ ᠣᠷᠣᠨ ᠤ ᠵᠦᠪᠳᠡᠯᠴᠡᠭᠡᠷ ᠤᠨ ᠬᠤᠷᠠᠯ ᠢ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ ᠥᠪᠥᠷ ᠮᠣᠩᠭᠤᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠲᠤᠬᠠᠢ ᠬᠠᠮᠲᠤ ᠳᠤ ᠪᠠᠨ ᠠᠷᠭ᠎ᠠ ᠰᠦᠪᠡᠭᠴᠢᠯᠡᠵᠦ᠂ ᠥᠪᠥᠷ ᠮᠣᠩᠭᠤᠯ ᠤᠨ ᠤᠯᠤᠰ ᠢᠶᠠᠨ ᠬᠦᠴᠦᠷᠬᠡᠭᠵᠢᠭᠦᠯᠬᠦ ᠪᠥᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠥᠪᠯᠡᠷᠡᠭᠦᠯᠦᠨ ᠠᠬᠢᠭᠤᠯᠬᠤ᠂ ᠣᠷᠣᠨ ᠢᠶᠠᠨ ᠬᠦᠴᠦᠷᠭᠡᠭᠵᠢᠭᠦᠯᠬᠦ ᠲᠥᠯᠦᠪᠯᠡᠭᠡ ᠶᠢᠨ ᠰᠢᠨ᠎ᠡ ᠬᠥᠳᠡᠯᠭᠡᠬᠦ ᠬᠦᠴᠦᠨ ᠢ ᠬᠥᠲᠦᠯᠦᠨ ᠵᠢᠯᠣᠭᠤᠳᠬᠤ ᠳᠤ ᠬᠦᠴᠦᠨ ᠨᠡᠮᠡᠷᠢᠯᠡᠪᠡ᠃ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤᠸᠠᠢ ᠶᠢᠨ ᠫᠧᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠰᠠᠶᠢᠳ ᠦ᠋ ᠶᠠᠨ᠂ ᠸᠠᠩ ᠭᠤᠸᠠᠩ ᠶᠠᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠪᠠ᠃ ᠡᠦ ᠶᠠᠨ᠂ ᠪᠣᠣ ᠰᠢᠶᠠᠨ ᠬᠤᠸᠠ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃

1.webp.jpg

2.webp.jpg

      ᠬᠤᠸᠠᠢ ᠶᠢᠨ ᠫᠧᠩ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ

ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠲᠠᠢ

ᠨᠢᠭᠲᠠ ᠤᠶᠠᠯᠳᠤᠭᠤᠯᠤᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂

ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠰᠠᠶᠢᠨ ᠰᠠᠶᠢᠬᠠᠨ ᠬᠠᠨᠳᠤᠰᠢ ᠲᠠᠢ ᠪᠣᠯᠪᠠ᠃ ᠰᠤᠷᠭᠠᠨ

ᠬᠥᠮᠦᠵᠢᠯ ᠤᠨ ᠶᠠᠮᠤᠨ ᠥᠪᠥᠷ ᠮᠣᠩᠭᠤᠯ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ

ᠬᠠᠮᠲᠤ ᠳᠤ  ᠪᠠᠨ ᠰᠠᠶᠢᠲᠤᠷ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ

ᠪᠥᠲᠦᠭᠡᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ

ᠴᠡᠴᠡᠭᠯᠡᠨ ᠬᠥᠭᠵᠢᠬᠦ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ

ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ

ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠨ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ

ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠢᠯᠡᠷᠡᠭᠦᠯᠦᠨ᠂ ᠤᠯᠤᠰ ᠤᠨ

ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ          

ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ

ᠦᠢᠯᠡᠴᠢᠯᠡᠬᠦ ᠴᠢᠳᠠᠪᠤᠷᠢ ᠶᠢ ᠴᠢᠩᠭᠠᠳᠬᠠᠵᠤ᠂ ᠣᠨᠴᠠᠯᠢᠭᠲᠤ ᠳᠠᠪᠠᠭᠤᠯᠢᠭ ᠰᠢᠨᠵᠢᠯᠡᠭᠡᠨ ᠤ ᠰᠠᠯᠠᠭᠠᠨ ᠤ

ᠬᠥᠭᠵᠢᠯᠲᠡ ᠶᠢ ᠠᠬᠢᠭᠤᠯᠤᠨ᠂ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠬᠠᠮᠲᠤ ᠳᠤ ᠪᠠᠨ ᠡᠭᠦᠳᠦᠨ

ᠪᠠᠶᠢᠭᠤᠯᠵᠤ᠂ ᠰᠦᠨ ᠤ ᠦᠢᠯᠡᠰ᠂ ᠬᠤᠪᠣᠷ ᠰᠢᠷᠣᠢ ᠵᠡᠷᠭᠡ ᠠᠵᠤ ᠦᠢᠯᠡᠰ ᠢ ᠲᠤᠯᠭᠠᠭᠤᠷᠢᠯᠠᠨ  ᠳᠠᠭᠠᠭᠤᠯᠬᠤ

ᠲᠠᠯ᠎ᠠ ᠪᠠᠷ ᠰᠢᠪᠲᠤᠯᠤᠯᠲᠠ ᠲᠠᠢ ᠪᠣᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ

ᠠᠭᠤᠰᠤᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠰᠤᠷᠭᠠᠭᠤᠯᠢ ᠡᠷᠬᠢᠯᠡᠬᠦ ᠴᠢᠳᠠᠮᠵᠢ ᠶᠢᠨ ᠬᠢᠷᠢ

ᠲᠦᠪᠰᠢᠨ ᠥᠨᠳᠦᠷ᠂  ᠠᠵᠤ ᠦᠢᠯᠡᠳᠪᠦᠷᠢ ᠪᠠ ᠰᠤᠷᠭᠠᠨ ᠬᠥᠮᠥᠵᠢᠯ ᠤᠨ ᠠᠭᠤᠰᠤᠯᠴᠠᠭᠠᠨ  ᠤ ᠴᠢᠨᠠᠷ ᠴᠢᠨᠰᠠᠭ᠎ᠠ

ᠥᠨᠳᠦᠷ︾ ᠢᠶᠠᠷ ᠤᠳᠤᠷᠢᠳᠤᠮᠵᠢ ᠪᠣᠯᠭᠠᠭᠰᠠᠨ ︽ᠰᠢᠨ᠎ᠡ ᠬᠤᠣᠰ ᠥᠨᠳᠥᠷ︾ ᠤᠨ ᠪᠠᠶᠢᠭᠤᠯᠤᠯᠲᠠ ᠶᠢᠨ ᠰᠢᠨ᠎ᠡ ᠶᠢ

ᠡᠭᠦᠳᠦᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ

ᠪᠠᠶᠢᠭᠤᠯᠤᠯᠲᠠ ᠳᠤ ᠭᠤᠣᠯᠳᠠᠯᠭ᠎ᠠ ᠪᠠᠨ ᠬᠠᠨᠳᠤᠭᠤᠯᠵᠤ᠂ ᠥᠨᠳᠥᠷ ᠬᠢᠷᠢ ᠲᠦᠪᠰᠢᠨ ᠪᠦᠬᠦᠢ ᠰᠤᠷᠭᠠᠨ

ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠰᠠᠭᠤᠷᠢ

ᠴᠡᠭ ᠢ ᠪᠠᠬᠢᠵᠢᠭᠦᠯᠵᠦ᠂ ᠪᠠᠷᠠᠯᠠᠯᠲᠤ ᠴᠢᠨᠠᠷ ᠲᠠᠢ ᠪᠠᠶᠢᠷᠢᠰᠢᠭᠤᠯᠤᠯᠲᠠ ᠶᠢ ᠴᠢᠩᠭᠠᠳᠬᠠᠨ᠂ ᠬᠥᠮᠦᠨ ᠠᠮᠠ ᠶᠢᠨ

ᠬᠤᠪᠢᠷᠠᠯᠲᠠ ᠲᠠᠢ ᠵᠣᠬᠢᠴᠠᠭᠰᠠᠨ ᠬᠠᠩᠭᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ

ᠲᠣᠭᠠᠵᠢᠭᠤᠯᠤᠯᠲᠠ ᠪᠠᠷ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠤᠪᠢᠶᠠᠯᠴᠠᠨ ᠡᠳ᠋ᠯᠡᠬᠦ ᠶᠢ

ᠠᠬᠢᠭᠤᠯᠤᠨ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠪᠦᠬᠦ ᠣᠷᠣᠨ ᠪᠦᠰᠡ ᠳᠤ

ᠭᠦᠨᠵᠡᠭᠡᠶᠢᠷᠡᠭᠦᠯᠦᠨ ᠬᠡᠷᠡᠭᠯᠡᠬᠦ ᠶᠢ ᠲᠤᠷᠰᠢᠨ ᠠᠬᠢᠭᠤᠯᠵᠤ᠂ ᠰᠤᠷᠭᠠᠨ ᠬᠥᠮᠦᠵᠢᠯ ᠤᠨ ᠲᠣᠭᠠᠵᠢᠭᠤᠯᠤᠯᠲᠠ ᠨᠢ ᠰᠤᠷᠭᠠᠨ

ᠬᠥᠮᠦᠵᠢᠯ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠳᠠᠭᠠᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ

ᠣᠷᠣᠨ ᠢ ᠪᠦᠲᠦᠭᠡᠨ ᠪᠠᠶᠢᠭᠤᠯᠬᠤ  ᠶᠠᠪᠤᠴᠠ ᠳᠠᠬᠢ ᠳᠠᠪᠬᠤᠴᠠᠭ᠎ᠠ ᠨᠡᠮᠡᠯᠲᠡ ᠦᠢᠯᠡᠳᠦᠯ ᠢ ᠲᠠᠰᠤᠷᠠᠯᠲᠠ ᠦᠭᠡᠢ

ᠥᠷᠭᠡᠳᠬᠡᠬᠦ ᠬᠡᠷᠡᠭᠲᠡᠢ ᠭᠡᠪᠡ᠃

      ᠬᠤᠸᠠᠢ ᠶᠢᠨ ᠫᠧᠩ᠂ ᠲᠡᠭᠦᠰᠦᠭᠰᠡᠳ ᠰᠤᠷᠭᠠᠭᠤᠯᠢ ᠠᠴᠠ ᠰᠠᠯᠵᠤ ᠶᠠᠪᠤᠬᠤ ᠴᠠᠭ ᠠᠷᠠᠢ 2 ᠰᠠᠷ᠎ᠠ ᠬᠦᠷᠬᠦ

ᠦᠭᠡᠢ ᠪᠠᠶᠢᠭ᠎ᠠ ᠪᠣᠯᠬᠤᠷ ᠠᠵᠢᠯ ᠣᠯᠭᠤᠯᠲᠠ ᠶᠢ ᠠᠬᠢᠭᠤᠯᠬᠤ ᠡᠭᠦᠷᠭᠡ ᠲᠦᠢᠯ ᠤᠨ ᠪᠠᠴᠢᠮ ᠲᠤᠯᠭᠠᠮ ᠪᠣᠯᠤᠭᠠᠳ

ᠪᠠᠶᠢᠨ᠎ᠠ᠃ ᠥᠪᠥᠷ ᠮᠣᠩᠭᠤᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ

ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠦᠬᠦ ᠤᠯᠤᠰ ᠤᠨ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠸᠢᠳᠢᠣ᠋

ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠨᠡᠩ ᠶᠡᠭᠡ ᠡᠷᠴᠢᠮ ᠢᠶᠠᠷ ᠠᠵᠢᠯ ᠣᠯᠭᠤᠬᠤ ᠠᠷᠭ᠎ᠠ ᠵᠠᠮ ᠢ

ᠥᠷᠭᠡᠳᠬᠡᠵᠦ᠂ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ

ᠬᠢᠵᠦ᠂ ᠰᠢᠪᠠᠳᠠᠭᠤᠯᠤᠨ ᠪᠠᠶᠢᠴᠠᠭᠠᠬᠤ ᠶᠢ ᠴᠢᠩᠭ᠎ᠠ ᠠᠳᠬᠤᠨ᠂ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ

ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠶᠡᠭᠡ ᠳᠡᠭᠡᠳᠦ

ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠰᠤᠷᠭᠠᠭᠤᠯᠢ ᠶᠢᠨ

ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠭᠤᠣᠯ ᠵᠢᠭᠰᠠᠭᠠᠯ ᠤᠨ ᠭᠠᠵᠠᠷ ᠢ ᠪᠠᠲᠤ

ᠰᠠᠬᠢᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ

ᠠᠮᠤᠷ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ

ᠸᠠᠩ ᠯᠢ ᠰᠢᠶᠠ ᠰᠤᠷᠭᠠᠨ ᠬᠥᠮᠦᠵᠢᠯ ᠤᠨ ᠶᠠᠮᠤᠨ ᠤ ᠥᠪᠥᠷ ᠮᠣᠩᠭᠤᠯ ᠳᠤ ᠦᠵᠡᠭᠦᠯᠦᠭᠰᠡᠨ ᠬᠠᠯᠠᠮᠵᠢᠯᠠᠯ

ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠶᠠᠭ ᠶᠡᠷᠦᠩᠬᠡᠢ ᠱᠦᠵᠢ

ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ

ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠪᠡᠶᠡᠯᠡᠭᠦᠯᠵᠦ᠂

ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠳᠡᠮᠵᠢᠬᠦ ᠰᠠᠨᠠᠯ ᠢ

ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠠᠶᠢᠨ᠎ᠠ᠂ ᠶᠠᠮᠤᠨ ᠪᠠ ᠣᠷᠣᠨ ᠪᠠᠶᠢᠯᠳᠤᠬᠤ

ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠬᠡᠷ ᠳᠣᠭᠲᠠᠭᠰᠠᠨ ᠨᠢ ᠴᠠᠭ ᠲᠤ ᠪᠠᠨ ᠲᠣᠬᠢᠷᠠᠪᠠ᠃ ᠣᠳᠣ ᠥᠪᠥᠷ

ᠮᠣᠩᠭᠤᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠤᠪᠢᠷᠠᠯᠲᠠ ᠭᠠᠷᠴᠤ᠂ ᠡᠷᠬᠡᠪᠰᠢ ᠨᠠᠮ ᠤᠨ ᠲᠥᠪ

ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠨ᠂

ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠦᠨᠳᠦᠷᠴᠡ ᠠᠴᠠ ᠰᠤᠷᠭᠠᠨ ᠬᠥᠮᠦᠵᠢᠯ ᠤᠨ ᠥᠭᠡᠷᠡᠴᠢᠯᠡᠯᠲᠡ

ᠬᠢᠵᠦ ᠰᠢᠨ᠎ᠡ ᠶᠢ ᠡᠭᠦᠳᠬᠦ ᠠᠵᠢᠯ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ ᠰᠦᠨ ᠤ ᠦᠢᠯᠡᠰ᠂ ᠬᠤᠪᠣᠷ

ᠰᠢᠷᠣᠢ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠳᠡᠭᠡᠳᠦ ᠵᠡᠷᠭᠡ ᠶᠢᠨ ᠰᠤᠳᠤᠯᠭᠠᠨ ᠤ

ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠤᠨ᠂ ᠰᠤᠷᠭᠠᠨ ᠬᠥᠮᠦᠵᠢᠯ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠤᠷᠭᠠᠨ

ᠬᠥᠮᠦᠵᠢᠯ ᠳᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠣᠯᠭᠤᠬᠤ ᠬᠡᠷᠡᠭᠲᠡᠢ᠃ ᠥᠪᠥᠷ ᠮᠣᠩᠭᠤᠯ ᠤᠨ

ᠬᠠᠮᠤᠭ ᠤᠨ ᠶᠡᠭᠡ ᠳᠤᠲᠠᠭᠤᠳᠠᠯ ᠪᠣᠯ ᠴᠢᠳᠠᠪᠤᠷᠢᠲᠠᠨ ᠳᠤᠲᠠᠭᠳᠠᠵᠤ ᠪᠠᠶᠢᠭ᠎ᠠ ᠶᠠᠪᠤᠳᠠᠯ ᠮᠥᠨ᠂ ᠰᠤᠷᠭᠠᠨ

ᠬᠥᠮᠦᠵᠢᠯ ᠤᠨ ᠶᠠᠮᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠶᠡᠭᠡ ᠳᠡᠭᠡᠳᠦ ᠰᠤᠷᠭᠠᠭᠤᠯᠢ ᠶᠢᠨ ︽ᠬᠤᠣᠰ

ᠲᠡᠷᠢᠭᠦᠨ︾᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠰᠢᠨ᠎ᠡ ᠬᠤᠣᠰ ᠥᠨᠳᠦᠷ︾ ᠤᠨ ᠪᠠᠶᠢᠭᠤᠯᠤᠯᠲᠠ

ᠵᠡᠷᠭᠡ ᠲᠠᠯ᠎ᠠ ᠪᠠᠷ ᠨᠡᠩ ᠣᠯᠠᠨ ᠳᠡᠮᠵᠢᠯᠭᠡ ᠦᠵᠡᠭᠦᠯᠵᠦ᠂ ᠥᠪᠥᠷ ᠮᠣᠩᠭᠤᠯ ᠤᠨ ᠰᠢᠨ᠎ᠡ ᠵᠠᠮ ᠢ ᠨᠡᠭᠡᠭᠡᠵᠦ᠂ ᠳᠤᠮᠳᠠ

ᠲᠦᠪᠰᠢᠨ ᠳᠤ ᠣᠷᠣᠬᠤ ᠳᠤ ᠬᠦᠴᠦᠨ ᠨᠡᠮᠡᠷᠢᠯᠡᠨ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ

ᠪᠠᠶᠢᠭᠤᠯᠤᠯᠲᠠ ᠳᠤ ᠨᠡᠩ ᠣᠯᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map