2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/17
     5 ᠰᠠᠷ᠎ᠠ ᠶᠢᠨ 16 ᠤ ᠡᠳᠦᠷ᠂ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠡᠷᠬᠢᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠶᠠᠩ ᠵᠢᠶᠧ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ 2024 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ  ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠪᠠ᠃   

1.webp.jpg

      ᠬᠤᠷᠠᠯ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠤᠨ ᠶᠠᠮᠤᠨ ᠪᠣᠯᠤᠨ

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠤ ᠪᠠᠶᠢᠷᠢᠯᠠᠭᠤᠯᠤᠯᠲᠠ ᠱᠠᠭᠠᠷᠳᠠᠯᠭ᠎ᠠ

ᠶᠣᠰᠣᠭᠠᠷ᠂ ᠮᠠᠨ ᠤ ᠣᠷᠣᠨ ᠤ 2024 ᠣᠨ ᠤ ᠡᠩ  ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ

ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠠᠮᠤᠷ

ᠲᠦᠪᠰᠢᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ          

ᠰᠢᠯᠭᠠᠯᠲᠠ︾ ᠶᠢᠨ ᠬᠠᠷᠠᠯᠲᠠ ᠪᠠ ᠡᠭᠦᠷᠭᠡ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠬᠢᠨ ᠭᠦᠨᠵᠡᠭᠡᠶᠢᠷᠡᠭᠦᠯᠬᠦ ᠶᠢ          

ᠠᠬᠢᠭᠤᠯᠤᠨ᠎ᠠ᠃ ᠰᠢᠯᠭᠠᠯᠲᠠ ᠪᠠᠷ ᠰᠤᠷᠤᠭᠴᠢ ᠡᠯᠰᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ

ᠲᠠᠨᠢᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠ ᠯᠠᠪᠳᠠᠭᠤᠨ

ᠪᠠᠲᠤᠲᠠᠢ ᠨᠠᠷᠢᠨ ᠨᠢᠮᠪᠠᠢ ᠠᠵᠢᠯ ᠤᠨ ᠰᠤᠷᠲᠠᠯ ᠢᠶᠠᠷ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ

ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠵᠢᠯ ᠤᠨ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ ᠬᠤᠶᠠᠷ ᠲᠤ᠂

ᠭᠤᠣᠯᠳᠠᠯᠭ᠎ᠠ ᠲᠠᠢ ᠭᠤᠭᠴᠤᠭ᠎ᠠ ᠶᠢ ᠠᠳᠬᠤᠵᠤ᠂ ᠠᠮᠤᠷ ᠲᠦᠪᠰᠢᠨ ᠤ ᠴᠢᠳᠠᠪᠤᠷᠢ ᠶᠢ ᠳᠠᠬᠢᠨ ᠳᠡᠭᠡᠭᠰᠢᠯᠡᠭᠦᠯᠬᠦ ᠶᠢ

ᠠᠬᠢᠭᠤᠯᠤᠨ᠎ᠠ᠃ ᠰᠢᠯᠭᠠᠯᠲᠠ ᠶᠢᠨ ᠰᠡᠳᠦᠪ ᠰᠢᠯᠭᠠᠯᠲᠠ ᠶᠢᠨ ᠬᠠᠭᠤᠳᠠᠰᠤᠨ ᠤ ᠠᠮᠤᠷ ᠲᠦᠪᠰᠢᠨ᠂ ᠰᠢᠯᠭᠠᠯᠲᠠ ᠶᠢᠨ 

ᠲᠠᠯᠠᠪᠠᠢ ᠶᠢᠨ ᠠᠮᠤᠷ ᠲᠦᠪᠰᠢᠨ᠂ ᠰᠢᠯᠭᠠᠯᠲᠠ ᠶᠢᠨ ᠶᠠᠪᠤᠳᠠᠯ ᠤᠨ ᠠᠵᠢᠯ ᠤᠨ ᠠᠮᠤᠷ ᠲᠦᠪᠰᠢᠨ᠂ ᠰᠢᠯᠭᠠᠯᠲᠠ ᠠᠴᠠ

ᠡᠮᠦᠨᠡᠬᠢ ᠠᠮᠤᠷ ᠲᠦᠪᠰᠢᠨ ᠤ ᠬᠢᠨᠠᠨ ᠪᠠᠶᠢᠴᠠᠭᠠᠯᠲᠠ ᠵᠡᠷᠭᠡ ᠶᠢ ᠪᠣᠳᠠᠲᠠ᠊ ᠠᠳᠬᠤᠬᠤ ᠬᠡᠷᠡᠭᠲᠡᠢ᠃ ᠭᠤᠷᠪᠠ ᠳᠤ᠂

ᠰᠢᠯᠭᠠᠭᠤᠯᠤᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠳᠠᠬᠢᠨ

ᠰᠢᠯᠢᠳᠡᠭᠵᠢᠭᠦᠯᠬᠦ ᠶᠢ ᠠᠬᠢᠭᠤᠯᠤᠨ᠎ᠠ᠃ ᠵᠠᠮ ᠬᠠᠷᠢᠯᠴᠠᠭ᠎ᠠ ᠶᠠᠪᠤᠵᠤ ᠰᠠᠭᠤᠬᠤ᠂ ᠳᠠᠭᠤ ᠱᠤᠤᠭᠢᠶᠠᠨ ᠢ ᠵᠠᠰᠠᠬᠤ᠂

ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ᠂ ᠬᠠᠯᠠᠭᠤᠨ ᠢ ᠰᠡᠷᠭᠡᠶᠢᠯᠡᠬᠦ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢ

ᠴᠢᠩᠭᠠᠳᠬᠠᠵᠤ᠂ ᠵᠡᠮᠳᠡᠭᠴᠦᠳ ᠵᠡᠷᠭᠡ ᠣᠨᠴᠠᠭᠠᠢ ᠰᠢᠯᠭᠠᠭᠤᠯᠤᠭᠰᠠᠳ ᠲᠤ ᠢᠳᠡᠪᠬᠢᠲᠡᠢ ᠮᠥᠷᠲᠡᠭᠡᠨ ᠵᠣᠬᠢᠰᠲᠠᠢ

ᠳᠥᠭᠦᠮ ᠦᠵᠡᠭᠦᠯᠬᠦ ᠬᠡᠷᠡᠭᠲᠡᠢ᠃ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠣᠨᠴᠠᠭᠠᠶᠢᠯᠠᠨ

ᠡᠯ᠎ᠡ ᠬᠤᠯᠪᠣᠭᠳᠠᠯ ᠪᠦᠬᠦᠢ ᠳᠤᠮᠳᠠᠳᠤ ᠰᠤᠷᠭᠠᠭᠤᠯᠢ ᠡᠷᠡᠮᠡᠯᠵᠡᠯ ᠲᠠᠭᠯᠠᠬᠤ ᠪᠣᠯᠪᠠᠰᠤᠷᠠᠯ ᠢ ᠴᠢᠩᠭᠠᠳᠬᠠᠵᠤ᠂

ᠰᠢᠯᠭᠠᠭᠤᠯᠤᠭᠴᠢ ᠶᠢ ᠵᠢᠯᠣᠭᠤᠳᠤᠨ ᠲᠠᠭᠯᠠᠬᠤ ᠶᠠᠪᠤᠴᠠ ᠪᠠ ᠲᠠᠭᠯᠠᠬᠤ ᠠᠷᠭ᠎ᠠ ᠶᠢ ᠪᠣᠯᠪᠠᠰᠤᠷᠠᠩᠭᠤᠢ ᠡᠵᠡᠮᠰᠢᠭᠦᠯᠬᠦ

ᠬᠡᠷᠡᠭᠲᠡᠢ᠃ ᠳᠥᠷᠪᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠰᠠᠶᠢᠨ ᠰᠠᠶᠢᠬᠠᠨ

ᠠᠭᠤᠷ ᠠᠮᠢᠰᠬᠤᠯ ᠢ ᠪᠣᠢ ᠪᠣᠯᠭᠠᠬᠤ ᠶᠢ ᠳᠠᠬᠢᠨ ᠴᠢᠩᠭᠠᠳᠬᠠᠨ᠎ᠠ᠃ ᠵᠥᠪ ᠲᠠᠯ᠎ᠠ ᠶᠢᠨ ᠤᠬᠠᠭᠤᠯᠭ᠎ᠠ

ᠵᠢᠯᠣᠭᠤᠳᠣᠯᠭ᠎ᠠ ᠶᠢ ᠴᠢᠩᠭᠠᠳᠬᠠᠵᠤ᠂ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ᠂

ᠣᠨᠣᠪᠴᠢᠲᠠᠢ᠂ ᠪᠦᠬᠦ ᠲᠠᠯ᠎ᠠ ᠪᠠᠷ ᠲᠠᠶᠢᠯᠪᠤᠷᠢᠯᠠᠵᠤ᠂ ᠰᠢᠯᠭᠠᠭᠤᠯᠤᠭᠰᠠᠳ ᠤᠨ ᠦᠨᠡᠨᠴᠢ ᠢᠲᠡᠭᠡᠮᠵᠢ ᠶᠢᠨ ᠬᠥᠮᠦᠵᠢᠯ ᠪᠠ

ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠡᠩ ᠤᠨ ᠳᠡᠭᠡᠳᠦ ᠰᠤᠷᠭᠠᠭᠤᠯᠢ ᠳᠤ

ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠬᠦ ᠪᠠ ᠬᠠᠮᠢᠶ᠎ᠠ

ᠪᠦᠬᠦᠢ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠢᠯᠭᠠᠭᠤᠯᠤᠭᠴᠢ᠂ ᠭᠡᠷ ᠤᠨ

ᠠᠬᠠᠮᠠᠳ ᠪᠠ ᠨᠡᠶᠢᠭᠡᠮ ᠤᠨ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠰᠠᠶᠢᠨ ᠰᠠᠶᠢᠬᠠᠨ

ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠲᠠᠪᠤ ᠳᠤ᠂ ᠵᠣᠬᠢᠶᠠᠨ ᠪᠠᠶᠢᠭᠤᠯᠤᠯᠲᠠ ᠶᠢᠨ

ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠳᠠᠬᠢᠨ

ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠡᠯ᠎ᠡ ᠱᠠᠲᠤᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ

ᠪᠦᠷᠢᠯᠳᠦᠬᠦᠨ ᠨᠢᠭᠡᠴᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ

ᠬᠠᠮᠵᠢᠯᠴᠠᠵᠤ᠂ ᠰᠢᠯᠭᠠᠯᠲᠠ ᠶᠢ ᠵᠣᠬᠢᠶᠠᠨ ᠪᠠᠶᠢᠭᠤᠯᠬᠤ᠂ ᠰᠢᠯᠭᠠᠯᠲᠠ ᠶᠢᠨ ᠣᠷᠴᠢᠨ ᠢ ᠵᠠᠰᠠᠬᠤ᠂ ᠰᠢᠯᠭᠠᠯᠲᠠ ᠶᠢᠨ

ᠠᠮᠤᠷ ᠲᠦᠪᠰᠢᠨ ᠢ ᠬᠠᠮᠠᠭᠠᠯᠠᠬᠤ᠂ ᠰᠢᠯᠭᠠᠯᠲᠠ ᠶᠢᠨ ᠰᠤᠷᠲᠠᠯ ᠰᠢᠯᠭᠠᠯᠲᠠ ᠶᠢᠨ ᠰᠠᠬᠢᠯᠭ᠎ᠠ ᠪᠠᠲᠤ ᠶᠢ ᠴᠡᠭᠴᠡᠯᠡᠬᠦ ᠵᠡᠷᠭᠡ

ᠲᠠᠯ᠎ᠠ ᠪᠠᠷ ᠵᠡᠷᠭᠡ ᠳᠤ ᠪᠠᠨ ᠬᠦᠴᠦᠯᠡᠵᠦ᠂ ᠬᠠᠮᠲᠤ ᠳᠤ ᠪᠠᠨ ᠴᠢᠷᠮᠠᠶᠢᠨ᠂ ᠡᠩ ᠤᠨ ᠳᠡᠭᠡᠳᠦ ᠰᠤᠷᠭᠠᠭᠤᠯᠢ ᠳᠤ

ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠳᠤ ᠪᠦᠬᠦ ᠲᠠᠯ᠎ᠠ ᠶᠢᠨ

ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃

2.webp.jpg

      ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠠᠶᠢᠮᠠᠭ ᠬᠤᠲᠠ ᠶᠢᠨ ᠰᠤᠷᠤᠭᠴᠢ ᠡᠯᠰᠡᠬᠦ ᠰᠢᠯᠭᠠᠯᠲᠠ ᠶᠢᠨ

ᠵᠥᠪᠯᠡᠯ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ᠂ ᠶᠡᠭᠡ ᠳᠡᠭᠡᠳᠦ ᠰᠤᠷᠭᠠᠭᠤᠯᠢ ᠶᠢᠨ ᠭᠤᠣᠯ

ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠰᠢᠰᠲ᠋ᠧᠮ ᠳᠤ ᠰᠠᠭᠤᠭ᠎ᠠ ᠰᠠᠬᠢᠯᠭ᠎ᠠ ᠪᠠᠲᠤ ᠶᠢ ᠪᠠᠶᠢᠴᠠᠭᠠᠬᠤ ᠬᠢᠨᠠᠨ

ᠪᠠᠶᠢᠴᠠᠭᠠᠬᠤ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ

ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠤᠰ ᠲᠤᠰ ᠭᠤᠣᠯ ᠬᠤᠷᠠᠯ ᠤᠨ ᠲᠠᠯᠠᠪᠠᠢ᠂ ᠬᠤᠪᠢᠶᠠᠷᠢ ᠬᠤᠷᠠᠯ ᠤᠨ

ᠲᠠᠯᠠᠪᠠᠢ ᠳᠤ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map