ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠰᠢᠯᠭᠠᠨ ᠠᠪᠤᠭ᠎ᠠ ᠦᠭᠡᠢ ᠪᠠᠷᠢᠯᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/20
      5 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠰᠢᠯᠭᠠᠨ  ᠠᠪᠤᠭ᠎ᠠ ᠦᠭᠡᠢ ᠪᠠᠷᠢᠯᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠨᠥᠬᠦᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠸᠠᠩ ᠮᠢᠨ ᠡᠷᠬᠢᠯᠡᠪᠡ᠃      ᠬᠤᠷᠠᠯ ᠠᠴᠠ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠢ ᠰᠢᠯᠭᠠᠨ ᠠᠪᠤᠭ᠎ᠠ ᠦᠭᠡᠢ ᠪᠠᠷᠢᠯᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠢ ᠳᠡᠭᠡᠳᠦᠯᠡᠬᠦ ᠲᠤᠬᠠᠢ ᠴᠢᠬᠤᠯᠠ ᠥᠭᠦᠯᠡᠯᠲᠡ ᠶᠢ ᠨᠠᠶᠢᠳᠠᠪᠤᠷᠢᠵᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠲᠤ ᠲᠡᠶᠢᠰᠢ ᠥᠷᠭᠡᠳᠬᠡᠬᠦ ᠶᠢ ᠠᠬᠢᠭᠤᠯᠬᠤ ᠪᠣᠳᠠᠲᠤ ᠬᠡᠷᠡᠭᠴᠡᠭᠡ᠂ ᠠᠷᠠᠳ ᠣᠯᠠᠨ ᠤ ᠬᠦᠰᠡᠨ ᠡᠷᠡᠮᠡᠯᠵᠡᠵᠦ ᠪᠠᠶᠢᠭ᠎ᠠ ᠪᠣᠳᠠᠲᠤ ᠶᠠᠪᠤᠳᠠᠯ᠂ ᠨᠠᠮ ᠤᠨ ᠲᠥᠷᠥ ᠪᠠᠷᠢᠬᠤ ᠰᠠᠭᠤᠷᠢ ᠲᠠᠢ ᠬᠤᠯᠪᠣᠭᠳᠠᠬᠤ ᠶᠡᠭᠡ ᠶᠠᠪᠤᠳᠠᠯ           ᠮᠥᠨ᠃ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠴᠡᠭᠴᠡᠯᠡᠨ ᠵᠠᠰᠠᠬᠤ ᠠᠵᠢᠯ ᠢ ︽ᠬᠤᠶᠠᠷ ᠢ ᠳᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠰᠢᠯᠭᠠᠨ ᠪᠠᠶᠢᠴᠠᠭᠠᠯᠲᠠ ᠪᠣᠯᠭᠠᠵᠤ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠬᠦ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠣᠭᠲᠠᠭᠠᠵᠤ ᠳᠠᠷᠤᠮᠠᠯᠯᠠᠨ ᠲᠠᠷᠬᠠᠭᠠᠭᠰᠠᠨ ᠠᠵᠢᠯ ᠤᠨ ᠲᠥᠰᠦᠯ ᠶᠣᠰᠣᠭᠠᠷ᠂ ᠡᠭᠦᠷᠭᠡ ᠶᠢᠨ ᠪᠢᠴᠢᠭ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠲᠤᠰᠬᠠᠢ ᠴᠡᠭᠴᠡᠯᠡᠨ ᠵᠠᠰᠠᠬᠤ ᠠᠵᠢᠯ ᠢ ᠥᠨᠳᠥᠷ ᠪᠠᠷᠢᠮᠵᠢᠶ᠎ᠠ ᠪᠠᠷ ᠡᠬᠢᠯᠡᠭᠦᠯᠵᠦ᠂ ᠴᠢᠨᠠᠷᠯᠢᠭ ᠠᠬᠢᠭᠤᠯᠬᠤ ᠶᠢ ᠦᠨᠡᠨ ᠬᠦ ᠪᠠᠲᠤᠯᠠᠬᠤ           ᠬᠡᠷᠡᠭᠲᠡᠢ᠃ ᠨᠡᠩ ᠬᠠᠲᠠᠭᠤ ᠴᠢᠩᠭ᠎ᠠ ᠠᠵᠢᠯ ᠤᠨ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ ᠬᠦᠷᠢᠶᠡᠨ ᠤ ᠴᠡᠭᠴᠡᠯᠡᠨ ᠵᠠᠰᠠᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ  ᠤ ᠠᠮᠤᠷ ᠲᠦᠪᠰᠢᠨ ᠤ ᠬᠠᠮᠢᠶᠠᠷᠤᠯᠲᠠ ᠶᠢᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ︽ᠭᠤᠣᠯ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠬᠤ ︽ᠤᠳᠠᠭᠠᠨ ᠳᠠᠭᠠᠭᠠᠮᠠᠭᠠᠢ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠨᠡᠩ ᠴᠢᠩᠭ᠎ᠠ ᠬᠠᠷᠢᠭᠤᠴᠠᠯᠭ᠎ᠠ ᠶᠢᠨ ᠬᠡᠯᠬᠢᠶ᠎ᠡ ᠪᠠᠷ ᠲᠤᠰᠬᠠᠢ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠭᠤᠯᠤᠨ ᠭᠦᠢᠴᠡᠳᠬᠡᠬᠦ᠂ ᠰᠢᠪᠠᠳᠠᠭᠤᠯᠤᠨ ᠭᠦᠢᠴᠡᠳᠬᠡᠬᠦ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠪᠣᠯᠤᠨ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map