ᠰᠢᠯᠢ ᠶᠢᠨ ᠭᠤᠣᠯ ᠠᠶᠢᠮᠠᠭ ᠰᠤᠷᠭᠠᠨ ᠬᠥᠮᠦᠵᠢᠯ ᠤᠨ ᠲᠣᠭᠠᠵᠢᠭᠤᠯᠤᠯᠲᠠ ᠶᠢᠨ ᠴᠢᠳᠠᠪᠤᠷᠢ ᠶᠢᠨ ᠪᠣᠯᠪᠠᠰᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2024/5/21
      2024 ᠣᠨ ᠤ 4 ᠰᠠᠷ᠎ᠠ ᠶᠢᠨ 30 ᠤ ᠡᠳᠦᠷ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠲᠣᠭᠠᠵᠢᠭᠤᠯᠤᠯᠲᠠ ᠶᠢᠨ ᠴᠢᠳᠠᠪᠤᠷᠢ ᠶᠢᠨ ᠪᠣᠯᠪᠠᠰᠤᠷᠠᠯ ᠢ ᠡᠷᠬᠢᠯᠡᠪᠡ᠃      ᠪᠣᠯᠪᠠᠰᠤᠷᠠᠯ ᠳᠤ ᠬᠤᠸᠠᠨᠠᠨ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠬᠥᠭᠵᠢᠭᠦᠯᠦᠯᠲᠡ ᠶᠢᠨ ᠲᠥᠪ ᠤᠨ ᠡᠬᠢ ᠪᠠᠶᠠᠯᠢᠭ ᠤᠨ ᠬᠡᠯᠲᠡᠰ ᠤᠨ ᠡᠷᠬᠢᠯᠡᠭᠴᠢ᠂ ᠫᠷᠤᠹᠧᠰᠰᠤᠷ ᠳ᠋ᠦ᠋ ᠰᠢᠤᠸᠠᠨ ᠵᠢᠶᠧ ᠶᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠲᠡᠷᠡ ᠪᠣᠯᠪᠠᠰᠤᠷᠠᠯ ᠠᠴᠠ ᠡᠮᠦᠨ᠎ᠡ ᠰᠢᠯᠢ ᠶᠢᠨ ᠭᠤᠣᠯ ᠠᠶᠢᠮᠠᠭ ᠤᠨ ᠬᠡᠰᠡᠭ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠲᠣᠭᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠡᠭᠦᠨ ᠤ ᠰᠠᠭᠤᠷᠢᠨ ᠳᠡᠭᠡᠷ᠎ᠡ ᠪᠦᠬᠦ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠲᠣᠭᠠᠨ ᠤ ᠤᠶᠤᠨᠴᠢᠯᠠᠭᠰᠠᠨ ᠮᠡᠷᠭᠡᠵᠢᠯ ᠤᠨ ᠳᠡᠮᠵᠢᠯᠭᠡ ᠳᠠᠬᠢ ︿ᠭᠤᠷᠪᠠᠨ ᠬᠢᠴᠢᠶᠡᠯ ᠤᠨ ᠲᠠᠩᠬᠢᠮ﹀ ᠤᠨ ᠬᠡᠷᠡᠭᠯᠡᠭᠡᠨ ᠤ ᠰᠢᠨ᠎ᠡ ᠦᠢᠯᠡᠳᠦᠯᠭᠡ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠦ᠂ ᠬᠡᠰᠡᠭ ᠰᠢᠯᠢᠳᠡᠭ  ᠲᠣᠭᠠᠵᠢᠭᠰᠠᠨ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢᠨ ᠬᠡᠷᠡᠭ ᠤᠨ ᠵᠢᠱᠢᠶ᠎ᠡ ᠶᠢ ᠬᠤᠪᠢᠶᠠᠯᠴᠠᠨ᠂ ᠪᠣᠯᠪᠠᠰᠤᠷᠠᠯ ᠢ ᠨᠡᠩ ᠬᠠᠨᠳᠤᠯᠭᠠᠲᠤ ᠴᠢᠨᠠᠷ ᠲᠠᠢ ᠪᠣᠯᠭᠠᠪᠠ᠃ ᠪᠣᠯᠪᠠᠰᠤᠷᠠᠯ ᠠᠴᠠ ᠡᠮᠦᠨ᠎ᠡ᠂ ᠡᠯ᠎ᠡ ᠭᠠᠵᠠᠷ ᠠᠴᠠ ᠵᠠᠷᠢᠮ ᠣᠷᠣᠰᠢᠵᠤ ᠪᠠᠶᠢᠭ᠎ᠠ ᠠᠰᠠᠭᠤᠳᠠᠯ ᠢ ᠴᠤᠭᠯᠠᠭᠤᠯᠵᠤ᠂ ᠪᠣᠯᠪᠠᠰᠤᠷᠠᠯ ᠤᠨ ᠶᠠᠪᠤᠴᠠ ᠳᠤ ᠵᠡᠷᠭᠡ ᠳᠤ  ᠨᠢ ᠬᠠᠷᠢᠭᠤᠯᠲᠠ ᠥᠭᠬᠦ ᠶᠢᠨ ᠬᠠᠮᠲᠤ ᠪᠣᠯᠪᠠᠰᠤᠷᠠᠯ ᠳᠤ ᠣᠷᠣᠯᠴᠠᠭᠰᠠᠳ ᠲᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠨ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠣᠭᠠᠵᠢᠭᠤᠯᠤᠯᠲᠠ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠡᠵᠡᠮᠳᠡᠵᠦ᠂ ᠲᠤᠰ ᠲᠤᠰ ᠤᠨ ᠠᠰᠠᠭᠤᠳᠠᠯ ᠤᠨ ᠳᠤᠲᠠᠭᠤᠳᠠᠯ ᠢ  ᠡᠷᠭᠢᠴᠡᠭᠦᠯᠵᠦ᠂ ᠡᠭᠦᠨ ᠤ ᠤᠯᠠᠮ ᠠᠴᠠ ᠪᠣᠳᠠᠲᠠᠢ ᠠᠴᠠ ᠭᠠᠷᠳᠠᠵᠤ᠂ ᠰᠤᠷᠭᠠᠨ ᠬᠥᠮᠦᠵᠢᠯ ᠤᠨ ᠲᠣᠭᠠᠵᠢᠭᠤᠯᠤᠯᠲᠠ ᠶᠢᠨ ᠠᠵᠢᠯ ᠢ ᠬᠦᠴᠦᠯᠡᠨ ᠠᠬᠢᠭᠤᠯᠬᠤ ᠪᠣᠯᠤᠨ᠎ᠠ᠃      ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠠᠨ ᠶᠥᠩ ᠮᠢᠩ︶
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map