ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠠᠵᠢᠯ ᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/21
      5 ᠳ᠋ᠤᠭᠠᠷ ᠰᠠᠷ᠎ᠠ ᠶᠢᠨ 15-16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠠᠵᠢᠯ ᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠢ ᠬᠤᠷᠠᠯᠳᠤᠭᠤᠯᠵᠤ᠂ ᠪᠦᠬᠦ ᠣᠷᠣᠨ ᠤ ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠬᠥᠭᠵᠢᠯᠲᠡ ᠶᠢᠨ ᠶᠠᠪᠤᠴᠠ᠂ ᠵᠠᠭᠪᠤᠷ ᠤᠨ ᠰᠢᠨ᠎ᠡ ᠶᠢ ᠡᠭᠦᠳᠴᠦ᠂ ᠦᠨᠳᠦᠰᠦᠨ ᠲᠤᠷᠰᠢᠯᠭ᠎ᠠ ᠪᠠ ᠦᠷ᠎ᠡ ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ ᠪᠦᠬᠦ ᠣᠷᠣᠨ ᠤ ᠪᠥᠯᠦᠭᠵᠢᠭᠦᠯᠦᠨ ᠰᠤᠷᠭᠠᠭᠤᠯᠢ ᠡᠷᠬᠢᠯᠡᠬᠦ ᠠᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠠᠵᠢᠯ  ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

1.webp.jpg

      ᠬᠤᠷᠠᠯ ᠳᠡᠭᠡᠷ᠎ᠡ᠂ 6 ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ          

ᠲᠠᠮᠢᠷ︶ ᠤᠨ ᠲᠣᠪᠴᠢᠶ᠎ᠠ ᠪᠣᠯᠤᠨ 5 ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠷᠭᠠᠭᠤᠯᠢ ᠶᠢᠨ

ᠲᠥᠯᠥᠭᠡᠯᠡᠭᠴᠢ ᠲᠤᠰ ᠭᠠᠵᠠᠷ ᠣᠷᠣᠨ ︵ᠰᠤᠷᠭᠠᠭᠤᠯᠢ︶ ᠤ ᠪᠥᠯᠦᠭᠵᠢᠭᠦᠯᠦᠨ ᠰᠤᠷᠭᠠᠭᠤᠯᠢ ᠡᠷᠬᠢᠯᠡᠬᠦ᠂ ᠬᠠᠮᠲᠤᠷᠠᠨ

ᠰᠤᠷᠭᠠᠭᠤᠯᠢ ᠡᠷᠬᠢᠯᠡᠬᠦ ᠠᠵᠢᠯ ᠤᠨ ᠠᠷᠭ᠎ᠠ ᠬᠡᠮᠵᠢᠶ᠎ᠡ᠂ ᠣᠯᠤᠭᠰᠠᠨ ᠦᠷ᠎ᠡ ᠪᠦᠲᠦᠮᠵᠢ ᠵᠢᠴᠢ ᠬᠤᠶᠢᠰᠢᠳᠠ ᠶᠢᠨ

ᠠᠵᠢᠯ ᠤᠨ ᠰᠡᠳᠬᠢᠮᠵᠢ ᠶᠢᠨ ᠲᠤᠬᠠᠢ ᠲᠤᠷᠰᠢᠯᠭ᠎ᠠ ᠪᠠᠨ ᠰᠣᠯᠢᠯᠴᠠᠬᠤ ᠶᠢᠨ ᠬᠠᠮᠲᠤ᠂ ᠪᠦᠯᠦᠭᠵᠢᠭᠦᠯᠦᠨ ᠰᠤᠷᠭᠠᠭᠤᠯᠢ

ᠡᠷᠬᠢᠯᠡᠬᠦ ᠣᠯᠠᠨ ᠡᠰᠢᠵᠢᠭᠦᠯᠦᠭᠰᠡᠨ ᠵᠠᠭᠪᠤᠷ ᠪᠠ ᠬᠡᠷᠡᠭᠵᠢᠭᠦᠯᠵᠦ ᠪᠣᠯᠬᠤᠶᠢᠴᠠ ᠠᠷᠭ᠎ᠠ ᠵᠠᠮ ᠢ ᠰᠦᠪᠡᠭᠴᠢᠯᠡᠬᠦ ᠲᠤᠬᠠᠢ

ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠢ ᠥᠷᠨᠢᠭᠦᠯᠪᠡ᠃

      ᠬᠤᠷᠠᠯ ᠤᠨ ᠬᠤᠭᠤᠴᠠᠭᠠᠨ ᠳᠤ᠂ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢᠨ ᠠᠬᠤᠢ

ᠪᠠᠶᠢᠳᠠᠯ ᠳᠠᠬᠢ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠨᠡᠷᠡᠲᠦ ᠲᠡᠮᠳᠡᠭᠲᠦ ᠶᠢᠨ ᠳᠡᠭᠡᠭᠰᠢᠯᠡᠯᠲᠡ ᠶᠢ ᠪᠡᠶᠡᠯᠡᠭᠦᠯᠬᠦ

ᠭᠤᠣᠯ ᠰᠡᠳᠦᠪᠲᠦ ᠪᠣᠯᠪᠠᠰᠤᠷᠠᠯ ᠢ ᠶᠠᠭᠠᠬᠢᠵᠤ ᠰᠠᠶᠢᠲᠤᠷ ᠬᠢᠬᠦ ᠲᠣᠭᠤᠷᠢᠨ ᠳᠤ ᠬᠤᠷᠠᠯ ᠳᠤ ᠣᠷᠣᠯᠴᠠᠭᠰᠠᠳ ᠢ

ᠵᠣᠬᠢᠶᠠᠨ ᠪᠠᠶᠢᠭᠤᠯᠵᠤ ᠰᠠᠶᠢᠬᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ᠂ ᠰᠠᠶᠢᠬᠠᠨ ᠲᠣᠭᠤᠷᠢᠭ ᠤᠨ

ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ᠶᠢᠨ ᠪᠠᠷᠠᠭᠤᠨ ᠪᠠᠶᠠᠨ ᠪᠡᠯᠴᠢᠭᠡᠷ ᠤᠨ ᠰᠤᠷᠭᠠᠭᠤᠯᠢ ᠶᠢᠨ

ᠲᠣᠭᠤᠷᠢᠭ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ︵ᠤᠤᠯ ᠤᠨ

ᠠᠷᠪᠠᠨ ᠳᠣᠯᠣᠳᠤᠭᠠᠷ ᠳᠤᠮᠳᠠᠳᠤ ᠰᠤᠷᠭᠠᠭᠤᠯᠢ︶᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ

ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠳᠤ ᠬᠦᠷᠴᠦ ᠲᠤᠬᠠᠢ ᠶᠢᠨ

ᠭᠠᠵᠠᠷ ᠢ ᠲᠣᠭᠤᠷᠢᠨ ᠦᠵᠡᠪᠡ᠃

      ᠬᠤᠷᠠᠯ ᠠᠴᠠ᠂ ᠡᠯ᠎ᠡ ᠭᠠᠵᠠᠷ ᠤᠨ ᠬᠢᠨ ᠪᠦᠯᠦᠭᠵᠢᠭᠦᠯᠦᠨ ᠰᠤᠷᠭᠠᠭᠤᠯᠢ ᠡᠷᠬᠢᠯᠡᠬᠦ ᠵᠠᠭᠪᠤᠷ ᠤᠨ

ᠰᠥᠪᠡᠭᠴᠢᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠨ ᠬᠥᠮᠦᠵᠢᠯ ᠤᠨ ᠴᠢᠨᠠᠷ ᠴᠢᠨᠰᠠᠭᠠᠨ ᠤ

ᠵᠥᠷᠢᠶ᠎ᠡ ᠶᠢ ᠪᠠᠭᠠᠰᠬᠠᠨ᠂ ᠠᠳᠠᠯᠢ ᠪᠤᠰᠤ ᠲᠥᠷᠥᠯ ᠬᠡᠯᠪᠡᠷᠢ᠂ ᠠᠳᠠᠯᠢ ᠪᠤᠰᠤ ᠳᠡᠰ ᠳᠠᠪᠬᠤᠷᠭ᠎ᠠ ᠶᠢᠨ ᠰᠤᠷᠭᠠᠭᠤᠯᠢ

 ᠶᠢᠨ ᠬᠤᠭᠤᠷᠣᠨᠳᠣᠬᠢ ᠭᠦᠨᠵᠡᠭᠡᠢ ᠬᠠᠮᠲᠤᠷᠠᠯᠴᠠᠭ᠎ᠠ ᠪᠠ ᠠᠭᠤᠰᠤᠯᠴᠠᠭ᠎ᠠ ᠶᠢ ᠠᠬᠢᠭᠤᠯᠬᠤ ᠬᠡᠷᠡᠭᠲᠡᠢ᠃ ᠨᠠᠮ ᠤᠨ

ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ

ᠰᠢᠨ᠎ᠡ ᠪᠠᠶᠢᠷᠢᠰᠢᠯᠠᠭᠤᠯᠤᠯᠲᠠ ᠶᠢ ᠪᠠᠶᠢᠭᠤᠯᠵᠤ᠂ ᠪᠥᠯᠦᠭᠯᠡᠬᠦ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂

ᠪᠦᠯᠦᠭᠯᠡᠯ ᠤᠨ ᠣᠨᠴᠠᠯᠢᠭᠲᠤ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ

ᠲᠥᠯᠥᠪᠵᠢᠭᠦᠯᠵᠦ᠂ ᠪᠦᠬᠦᠯᠢ ᠴᠣᠭᠴᠠ ᠶᠢᠨ ᠳᠡᠭᠡᠭᠰᠢᠯᠡᠯᠲᠡ ᠳᠤ ᠬᠦᠴᠦᠨ ᠨᠡᠮᠡᠷᠢᠯᠡᠵᠦ᠂ ᠪᠠᠰᠠ ᠬᠢᠨᠠᠨ ᠰᠢᠯᠭᠠᠵᠤ

ᠦᠨᠡᠯᠡᠬᠦ ᠳᠦᠷᠢᠮ ᠢ ᠲᠡᠭᠦᠯᠳᠡᠷᠵᠢᠭᠦᠯᠦᠨ᠂ ᠡᠮᠬᠢ ᠵᠢᠷᠤᠮ ᠲᠠᠢ ᠤᠬᠤᠷᠢᠨ ᠭᠠᠷᠬᠤ ᠲᠣᠭᠲᠠᠴᠠ ᠶᠢ ᠪᠠᠶᠢᠭᠤᠯᠬᠤ

ᠬᠡᠷᠡᠭᠲᠡᠢ᠃ ᠰᠤᠷᠭᠠᠭᠤᠯᠢ ᠶᠢᠨ ᠵᠠᠭᠠᠭ ᠢ ᠤᠯᠠᠮ ᠨᠢᠭᠡ ᠠᠯᠬᠤᠮ ᠡᠪᠳᠡᠵᠦ᠂ ᠬᠥᠲᠥᠴᠢ ᠰᠤᠷᠭᠠᠭᠤᠯᠢ ᠶᠢᠨ ᠬᠢᠴᠢᠶᠡᠯ᠂

ᠪᠠᠭᠰᠢ᠂ ᠬᠠᠮᠢᠶᠠᠷᠤᠯᠲᠠ᠂ ᠰᠣᠶᠣᠯ ᠵᠡᠷᠭᠡ ᠴᠢᠨᠠᠷᠯᠢᠭ ᠡᠬᠢ ᠪᠠᠶᠠᠯᠢᠭ ᠢ ᠬᠠᠮᠲᠤ ᠳᠤ ᠪᠠᠨ ᠬᠦᠷᠲᠡᠵᠦ᠂ ᠡᠯ᠎ᠡ

ᠪᠦᠯᠦᠭᠯᠡᠯ ᠤᠨ ᠰᠤᠷᠭᠠᠭᠤᠯᠢ ᠶᠢᠨ ᠬᠠᠮᠲᠤ ᠳᠤ ᠪᠠᠨ ᠳᠠᠪᠰᠢᠬᠤ᠂ ᠲᠦᠷᠭᠡᠨ ᠬᠥᠭᠵᠢᠬᠦ ᠶᠢ ᠳᠠᠶᠢᠴᠢᠯᠠᠨ᠂ ᠬᠤᠲᠠ

ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠬᠢ ᠰᠤᠷᠭᠠᠨ ᠬᠥᠮᠦᠵᠢᠯ ᠤᠨ ᠬᠢᠷᠢ ᠲᠦᠪᠰᠢᠨ ᠤ

ᠵᠥᠷᠢᠶ᠎ᠡ ᠶᠢ ᠲᠦᠷᠭᠡᠳᠬᠡᠨ ᠪᠠᠭᠠᠰᠬᠠᠵᠤ᠂ ᠮᠠᠯᠵᠢᠬᠤ ᠲᠠᠷᠢᠶᠠᠯᠠᠬᠤ ᠣᠷᠣᠨ ᠤ ᠪᠠᠭ᠎ᠠ ᠬᠡᠪᠴᠢᠶᠡᠨ ᠤ ᠰᠤᠷᠭᠠᠭᠤᠯᠢ ᠪᠠ

ᠰᠤᠮᠤ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ

ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠢᠨᠠᠷᠯᠢᠭ ᠪᠥᠭᠡᠳ ᠲᠡᠩᠴᠡᠭᠦᠷᠢᠲᠡᠢ ᠦᠨᠳᠦᠰᠦᠨ ᠣᠯᠠᠨ

ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠳᠣᠭᠲᠠᠯᠴᠠᠭ᠎ᠠ ᠶᠢ ᠪᠠᠶᠢᠭᠤᠯᠬᠤ ᠬᠡᠷᠡᠭᠲᠡᠢ ᠭᠡᠵᠦ

ᠱᠠᠭᠠᠷᠳᠠᠪᠠ᠃

      ᠡᠨᠡ ᠤᠳᠠᠭᠠᠨ ᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ

ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ

ᠳᠠᠭᠠᠭᠠᠴᠢᠯᠠᠨ ᠡᠷᠬᠢᠯᠡᠪᠡ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ

ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠠᠮᠢᠶ᠎ᠠ ᠪᠦᠬᠦᠢ ᠰᠠᠯᠠᠭ᠎ᠠ ᠲᠠᠰᠤᠭ ᠤᠨ

ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ

ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 

 ᠤᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map