ᠪᠦᠬᠦ ᠣᠷᠣᠨ ᠤ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/22
      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠥᠲᠥᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠣᠷᠣᠨ ᠤ ᠵᠢᠩᠬᠢᠨᠢ ᠠᠩᠭᠢᠲᠤ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠠᠵᠢᠯ ᠢ ᠠᠬᠢᠭᠤᠯᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠳᠤ ᠣᠷᠣᠯᠴᠠᠨ ᠦᠨᠡᠯᠡᠯᠲᠡ ᠬᠢᠵᠦ ᠶᠠᠷᠢᠶ᠎ᠠ ᠲᠠᠯᠪᠢᠪᠠ᠃

1.webp.jpg

2.webp.jpg

      ᠬᠤᠷᠠᠯ ᠠᠴᠠ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠨᠠᠢᠮᠠᠨ ᠵᠢᠩᠬᠢᠨᠢ ᠠᠩᠭᠢᠲᠤ ᠶᠡᠭᠡ ᠳᠡᠭᠡᠳᠦ

ᠰᠤᠷᠭᠠᠭᠤᠯᠢ ᠶᠢᠨ ᠪᠠᠶᠢᠷᠢ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠠᠵᠢᠯ ᠤᠨ ᠦᠷ᠎ᠡ ᠪᠦᠲᠦᠮᠵᠢ᠂ ᠣᠷᠣᠰᠢᠵᠤ

ᠪᠠᠶᠢᠭ᠎ᠠ ᠠᠰᠠᠭᠤᠳᠠᠯ ᠪᠠ ᠳᠠᠷᠠᠭ᠎ᠠ ᠠᠯᠬᠤᠮ ᠤᠨ ᠠᠵᠢᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠤᠨ ᠬᠠᠷᠢᠭᠤ

ᠮᠡᠳᠡᠭᠦᠯᠦᠯᠲᠡ ᠶᠢ ᠰᠣᠨᠣᠰᠴᠤ᠂ ᠰᠤᠷᠭᠠᠨ ᠬᠥᠮᠦᠵᠢᠯ ᠤᠨ ᠲᠢᠩᠬᠢᠮ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ

ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠤᠨ ᠬᠠᠷᠢᠭᠤᠴᠠᠯᠭᠠᠲᠠᠨ ᠦᠨᠡᠯᠡᠯᠲᠡ ᠬᠢᠵᠦ

ᠰᠠᠨᠠᠯ ᠢᠶᠠᠨ ᠰᠣᠯᠢᠯᠴᠠᠪᠠ᠃

   

3.webp.jpg

      ᠬᠤᠷᠠᠯ ᠠᠴᠠ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠤᠴᠠ ᠪᠠᠨ ᠤᠯᠠᠮ

ᠨᠢᠭᠡ ᠠᠯᠬᠤᠮ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ

ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ︽ᠰᠢᠨ᠎ᠡ ᠵᠠᠮ ᠢ ᠨᠡᠭᠡᠭᠡᠵᠦ᠂ ᠳᠤᠮᠳᠠ

ᠲᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠬᠠᠨᠳᠤᠭᠤᠯᠵᠤ᠂ ᠪᠠᠶᠢᠷᠢ ᠶᠢ ᠳᠡᠭᠡᠭᠰᠢᠯᠡᠭᠦᠯᠦᠨ ᠳᠡᠰ

ᠳᠡᠪᠰᠢᠭᠦᠯᠬᠦ ᠠᠵᠢᠯ ᠢ ᠥᠷᠨᠢᠭᠦᠯᠬᠦ ᠶᠢᠨ  ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ᠂ ᠳᠡᠭᠡᠳᠦ

ᠵᠡᠷᠭᠡ ᠶᠢᠨ ᠰᠤᠷᠭᠠᠨ ᠬᠥᠮᠦᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠣᠶᠢᠯᠠᠭᠠᠵᠤ᠂

ᠠᠵᠠ ᠲᠣᠬᠢᠶᠠᠯ ᠢ ᠠᠮᠵᠢᠨ᠂ ᠴᠢᠩᠭ᠎ᠠ ᠠᠳᠬᠤᠨ ᠲᠦᠷᠭᠡᠨ ᠭᠦᠢᠴᠡᠳᠭᠡᠵᠦ᠂ ᠪᠠᠶᠢᠷᠢ ᠶᠢ ᠳᠡᠭᠡᠭᠰᠢᠯᠡᠭᠦᠯᠦᠨ ᠳᠡᠰ

ᠳᠡᠪᠰᠢᠭᠦᠯᠬᠦ ᠶᠢ ᠴᠢᠷᠮᠠᠶᠢᠨ ᠪᠡᠶᠡᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ

ᠬᠥᠭᠵᠢᠭᠦᠯᠬᠦ ᠬᠡᠷᠡᠭᠲᠡᠢ᠃ ᠬᠠᠷᠠᠯᠲᠠ ᠪᠠᠨ ᠲᠣᠭᠲᠠᠭᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠤᠯᠤᠰ ᠤᠨ

ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ

ᠦᠢᠯᠡᠰ ᠤᠨ ᠬᠡᠯᠬᠢᠶᠡᠨ ᠤ ᠲᠣᠭᠤᠷᠢᠨ ᠳᠤ᠂ ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠶᠢ ᠴᠠᠭᠠᠰᠢᠲᠠ

ᠲᠣᠳᠣᠷᠬᠠᠶᠢᠯᠠᠵᠤ᠂ ᠬᠥᠭᠵᠢᠯᠲᠡ ᠶᠢᠨ ᠣᠨᠴᠠᠯᠢᠭ ᠢ ᠨᠢᠭᠲᠠᠷᠠᠭᠤᠯᠤᠨ᠂ ᠬᠦᠴᠦᠯᠡᠬᠦ ᠭᠤᠣᠯᠳᠠᠯᠭ᠎ᠠ ᠪᠠᠨ ᠣᠨᠣᠪᠴᠢᠲᠠᠢ

ᠣᠯᠵᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠴᠢᠳᠠᠪᠤᠷᠢᠲᠠᠨ ᠬᠥᠮᠦᠵᠢᠭᠦᠯᠬᠦ᠂ ᠡᠷᠳᠡᠮ ᠰᠢᠨᠵᠢᠯᠡᠭᠡᠨ ᠤ

ᠰᠢᠨ᠎ᠡ ᠶᠢ ᠡᠭᠦᠳᠬᠦ᠂ ᠪᠠᠭᠰᠢ ᠶᠢᠨ ᠡᠩᠨᠡᠭᠡ᠂ ᠬᠠᠮᠲᠤᠷᠠᠯᠴᠠᠭ᠎ᠠ ᠰᠣᠯᠢᠯᠴᠠᠭ᠎ᠠ᠂ ᠨᠡᠶᠢᠭᠡᠮ ᠳᠤ ᠦᠢᠯᠡᠴᠢᠯᠡᠬᠦ ᠵᠡᠷᠭᠡ

ᠭᠤᠣᠯ ᠡᠯᠧᠮᠧᠨ᠋ᠲ ᠤᠨ ᠲᠣᠭᠤᠷᠢᠨ  ᠳᠤ ᠪᠠᠶᠢᠭᠤᠯᠤᠯᠲᠠ ᠶᠢ  ᠴᠢᠩᠭᠠᠳᠬᠠᠨ᠂ ᠬᠥᠭᠡᠭᠡᠵᠦ ᠭᠦᠢᠴᠡᠵᠦ ᠳᠠᠪᠠᠵᠤ

ᠭᠠᠷᠬᠤ ᠰᠠᠶᠢᠨ ᠰᠠᠶᠢᠬᠠᠨ ᠠᠭᠤᠷ ᠠᠮᠢᠰᠬᠤᠯ ᠪᠣᠯᠤᠨ ᠠᠵᠢᠯ ᠤᠨ ᠬᠠᠮ ᠬᠦᠴᠦᠨ ᠢ ᠪᠦᠷᠢᠯᠳᠦᠭᠦᠯᠬᠦ          

ᠬᠡᠷᠡᠭᠲᠡᠢ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠪᠡᠷ ᠪᠡᠶ᠎ᠡ ᠶᠢᠨ ᠳᠠᠯᠳᠠ ᠬᠦᠴᠦᠨ  ᠢ ᠢᠯᠡᠷᠡᠭᠦᠯᠵᠦ᠂

ᠶᠡᠭᠡ ᠳᠡᠭᠡᠳᠦ ᠰᠤᠷᠭᠠᠭᠤᠯᠢ ᠶᠢᠨ ᠱᠦᠵᠢ ᠪᠠ ᠰᠤᠷᠭᠠᠭᠤᠯᠢ ᠶᠢᠨ ᠵᠠᠬᠢᠷᠤᠯ  ᠤᠨ ᠳᠠᠭᠠᠭᠤᠯᠬᠤ ᠦᠢᠯᠡᠳᠦᠯ ᠢ

ᠪᠠᠳᠠᠷᠠᠭᠤᠯᠤᠨ᠂ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠰᠦᠪᠡᠭᠴᠢᠯᠡᠵᠦ᠂ ᠡᠷᠳᠡᠮ

ᠰᠢᠨᠵᠢᠯᠡᠭᠡᠨ ᠤ ᠵᠥᠪᠯᠡᠯ ᠤᠨ ᠦᠢᠯᠡᠳᠦᠯ ᠢ ᠪᠠᠳᠠᠷᠠᠭᠤᠯᠤᠨ᠂ ᠠᠵᠢᠯ ᠤᠨ ᠬᠢᠷᠢ ᠪᠦᠲᠦᠮᠵᠢ ᠶᠢ ᠬᠢᠨᠠᠨ ᠰᠢᠯᠭᠠᠭᠰᠠᠨ

ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠰᠤᠷᠭᠠᠭᠤᠯᠢ ᠡᠷᠬᠢᠯᠡᠬᠦ ᠣᠨᠣᠯᠵᠢᠬᠤᠨ ᠢᠶᠠᠨ ᠦᠷᠭᠦᠯᠵᠢᠯᠡᠨ

ᠬᠤᠪᠢᠷᠠᠭᠤᠯᠵᠤ᠂ ᠵᠠᠰᠠᠯᠲᠠ ᠶᠢᠨ ᠰᠢᠰᠲ᠋ᠧᠮ ᠢ ᠰᠢᠯᠢᠳᠡᠭᠵᠢᠭᠦᠯᠦᠨ᠂ ᠵᠠᠰᠠᠯᠲᠠ ᠶᠢᠨ ᠠᠷᠭ᠎ᠠ ᠬᠡᠮᠵᠢᠶ᠎ᠡ ᠶᠢ

ᠴᠢᠩᠭᠠᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠵᠠᠰᠠᠯᠲᠠ ᠶᠢᠨ ᠴᠢᠳᠠᠪᠤᠷᠢ ᠪᠠ ᠵᠠᠰᠠᠯᠲᠠ ᠶᠢᠨ ᠬᠢᠷᠢ

ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ

ᠢᠨᠵᠧᠨᠧᠷᠢᠩ ᠢ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠭᠦᠢᠴᠡᠳ

ᠬᠡᠷᠡᠭᠯᠡᠵᠦ᠂ ᠲᠤᠰᠬᠠᠢ ᠠᠩᠭᠢ ᠶᠢ ᠵᠣᠬᠢᠶᠠᠨ ᠪᠠᠶᠢᠭᠤᠯᠤᠨ ᠲᠥᠷᠥ ᠶᠢᠨ ᠪᠣᠳᠣᠯᠭ᠎ᠠ ᠶᠢ ᠰᠤᠷᠤᠯᠴᠠᠨ ᠰᠤᠳᠤᠯᠵᠤ᠂

︽ᠲᠥᠪ ᠤᠨ ᠪᠠᠶᠢᠭᠤᠯᠭ᠎ᠠ ᠲᠠᠢ ᠬᠠᠷᠢᠯᠴᠠᠬᠤ︾ ᠬᠦᠴᠦᠯᠡᠴᠡ ᠪᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ

ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ ᠲᠠᠢ ᠨᠡᠪᠲᠡᠷᠡᠵᠦ ᠵᠣᠬᠢᠴᠠᠭᠤᠯᠬᠤ ᠪᠠᠨ ᠴᠢᠩᠭᠠᠳᠬᠠᠵᠤ᠂ ᠲᠥᠷᠥ ᠶᠢᠨ

ᠪᠣᠳᠣᠯᠭ᠎ᠠ ᠶᠢᠨ ᠤᠷᠮᠠᠰᠢᠭᠤᠯᠤᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ

ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ

ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠬᠤ ᠪᠠᠭ ᠤᠨ ᠭᠡᠰᠢᠭᠦᠨ᠂

ᠬᠤᠯᠪᠣᠭᠳᠠᠬᠤ ᠭᠠᠵᠠᠷ ᠲᠠᠰᠤᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

 

 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map