ᠠᠯᠪᠠᠨ ᠨᠡᠶᠢᠲᠡᠯᠡᠯ
ᠨᠡᠶᠢᠲᠡᠯᠡᠭᠰᠡᠨ ᠴᠠᠭ᠄
2024/5/23
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ︿ᠨᠣᠮᠲᠠᠢ ᠰᠤᠷᠭᠠᠭᠤᠯᠢ ᠶᠢᠨ ᠬᠦᠷᠢᠶ᠎ᠡ᠂ ᠨᠣᠮᠲᠠᠢ ᠠᠩᠭᠢ﹀ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠦᠨᠳᠦᠰᠦᠨ ᠰᠤᠷᠭᠠᠨ ᠪᠢᠴᠢᠭ ﹇2023﹈ 184 ᠳ᠋ᠦ᠋ᠭᠡᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ︽ ᠨᠣᠮᠲᠠᠢ ᠰᠤᠷᠭᠠᠭᠤᠯᠢ ᠶᠢᠨ ᠬᠦᠷᠢᠶ᠎ᠡ᠂ ᠨᠣᠮᠲᠠᠢ ᠠᠩᠭᠢ︾ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠠᠶᠢᠮᠠᠭ ᠬᠤᠲᠠ ᠲᠠᠨᠢᠯᠴᠠᠭᠤᠯᠤᠨ ᠥᠪᠡᠷᠲᠡᠭᠡᠨ ᠵᠠᠰᠠᠬᠤ ᠣᠷᠣᠨ ᠬᠢᠷᠢ ᠭᠡᠮ ᠢ ᠬᠢᠨᠠᠨ ᠪᠠᠶᠢᠴᠠᠭᠠᠬᠤ ᠶᠢᠨ ᠬᠠᠮᠲᠤ ᠬᠢᠨᠠᠨ ᠳᠣᠭᠲᠠᠭᠠᠬᠤ ᠶᠢ ᠵᠣᠬᠢᠶᠠᠨ ᠪᠠᠶᠢᠭᠤᠯᠵᠤ᠂ ᠨᠣᠮᠲᠠᠢ ᠰᠤᠷᠭᠠᠭᠤᠯᠢ ᠶᠢᠨ ᠬᠦᠷᠢᠶ᠎ᠡ 50 ᠪᠠ ᠨᠣᠮᠲᠠᠢ ᠠᠩᠭᠢ 100 ᠶᠢ ᠰᠢᠯᠭᠠᠷᠠᠭᠤᠯᠪᠠ᠃ ᠡᠳᠦᠭᠡ ᠰᠢᠯᠭᠠᠷᠠᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ 2024 ᠣᠨ ᠤ 5 ᠰᠠᠷ᠎ᠠ ᠶᠢᠨ 21- 5 ᠰᠠᠷ᠎ᠠ ᠶᠢᠨ 28 ᠤ ᠡᠳᠦᠷ ᠪᠣᠯᠲᠠᠯ᠎ᠠ᠂ ᠢᠯᠡ ᠨᠡᠶᠢᠲᠡᠯᠡᠬᠦ ᠬᠤᠭᠤᠴᠠᠭᠠᠨ ᠳᠤ ᠰᠠᠨᠠᠯ ᠲᠠᠢ ᠪᠣᠯ᠂ ᠪᠢᠴᠢᠭ ᠤᠨ ᠬᠡᠯᠪᠡᠷᠢ ᠪᠠᠷ ᠴᠢᠬᠤᠯᠠ ᠪᠦᠬᠦᠢ ᠭᠡᠷᠡᠴᠢᠯᠡᠬᠦ ᠮᠠᠲ᠋ᠧᠷᠢᠶᠠᠯ ᠪᠠ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ ᠢ ᠬᠠᠩᠭᠠᠨ᠎ᠠ᠃      ᠬᠠᠷᠢᠯᠴᠠᠬᠤ ᠬᠥᠮᠦᠨ᠄ ᠦ᠋ ᠨᠠᠨ   ᠬᠠᠷᠢᠯᠴᠠᠬᠤ ᠤᠲᠠᠰᠤ᠄ 0471 - 2856523      ᠢᠮᠧᠯ᠄ jytwunan@126.com      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ      ᠳᠠᠭᠠᠯᠳᠤᠭᠤᠯᠤᠯ᠄       1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠨᠣᠮᠲᠠᠢ ᠰᠤᠷᠭᠠᠭᠤᠯᠢ ᠶᠢᠨ ᠬᠦᠷᠢᠶ᠎ᠡ︾ ᠶᠢᠨ ᠨᠡᠷᠡᠰ      2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠨᠣᠮᠲᠠᠢ ᠠᠩᠭᠢ︾ ᠶᠢᠨ ᠨᠡᠷᠡᠰ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2024 ᠣᠨ ᠤ 5 ᠰᠠᠷ᠎ᠠ ᠶᠢᠨ 21 ᠤ ᠡᠳᠦᠷᠳᠠᠭᠠᠯᠳᠤᠭᠤᠯᠤᠯ 1᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠨᠣᠮᠲᠠᠢ ᠰᠤᠷᠭᠠᠭᠤᠯᠢ ᠶᠢᠨ ᠬᠦᠷᠢᠶ᠎ᠡ︾ ᠶᠢᠨ ᠨᠡᠷᠡᠰ. xlsxᠳᠠᠭᠠᠯᠳᠤᠭᠤᠯᠤᠯ 2᠄ 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠨᠣᠮᠲᠠᠢ ᠠᠩᠭᠢ︾ ᠶᠢᠨ ᠨᠡᠷᠡᠰ. xlsx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map