ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2024-2027︶︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/5/24
          ᠥᠪᠥᠷ ᠰᠤᠷᠭᠠᠨ ᠲᠠᠷᠬᠠᠭᠠᠭᠰᠠᠨ ﹇2024﹈ 2 ᠳ᠋ᠤᠭᠠᠷ ᠲᠣᠭᠠᠲᠤᠡᠯ᠎ᠡ ᠡᠩ ᠤᠨ ᠵᠢᠩᠬᠢᠨᠢ ᠠᠩᠭᠢᠲᠤ ᠳᠡᠭᠡᠳᠦ ᠰᠤᠷᠭᠠᠭᠤᠯᠢ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2024 - 2027 ᠣᠨ︶︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ      ᠵᠣᠬᠢᠶᠠᠨ ᠪᠠᠶᠢᠭᠤᠯᠬᠤ ᠬᠡᠯᠲᠡᠰ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ      ᠣᠷᠣᠨ ᠲᠣᠭᠠᠨ ᠤ ᠠᠯᠪᠠᠨ ᠭᠡᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ      ᠥᠭᠡᠷᠡᠴᠢᠯᠡᠯᠲᠡ ᠶᠢᠨ ᠵᠥᠪᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ      ᠲᠧᠭᠨᠢᠭ ᠮᠡᠷᠭᠡᠵᠢᠯ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ      ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ      ᠤᠬᠠᠭᠠᠨ ᠤ ᠡᠲᠡᠭᠡᠳ ᠤᠨ ᠬᠤᠯᠪᠣᠭᠠᠲᠤ ᠬᠤᠷᠠᠯ                 2024 ᠣᠨ ᠤ 5 ᠰᠠᠷ᠎ᠠ ᠶᠢᠨ 7 ᠤ ᠡᠳᠦᠷ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ       ᠰᠠᠯᠠᠭᠠᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ                ︵2024 - 2027 ᠣᠨ︶      ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠵᠣᠬᠢᠴᠠᠭᠰᠠᠨ ᠴᠢᠨᠠᠷᠯᠢᠭ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠪᠠᠶᠢᠭᠤᠯᠤᠨ᠂ 2027 ᠣᠨ ᠪᠣᠯᠬᠤ ᠳᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠵᠤ᠂ ᠡᠪᠡᠰᠦᠨ ᠰᠤᠳᠤᠯᠤᠯ᠂ ᠠᠮᠢ ᠠᠬᠤᠢ ᠶᠢᠨ ᠤᠬᠠᠭᠠᠨ᠂ ᠢᠳᠡᠭᠡᠨ ᠤ ᠵᠦᠢᠯ ᠤᠨ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠦᠨᠳᠦᠰᠦᠲᠡᠨ ᠤ ᠤᠬᠠᠭᠠᠨ ᠵᠡᠷᠭᠡ ᠳᠠᠪᠠᠭᠤᠯᠢᠭ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠂ ᠮᠠᠯ ᠠᠵᠤ ᠠᠬᠤᠢ ᠶᠢᠨ ᠤᠬᠠᠭᠠᠨ᠂ ᠲᠠᠷᠢᠶᠠᠯᠠᠩ ᠤᠨ ᠢᠨᠵᠧᠨᠧᠷᠢᠩ᠂ ᠬᠥᠳᠡᠯᠭᠡᠬᠦ ᠬᠦᠴᠦᠨ ᠤ ᠢᠨᠵᠧᠨᠧᠷᠢᠩ ᠵᠢᠴᠢ ᠢᠨᠵᠧᠨᠧᠷᠢᠩ ᠤᠨ ᠢᠯᠴᠢ ᠶᠢᠨ ᠹᠢᠽᠢᠺ᠂ ᠲᠡᠮᠦᠷᠯᠢᠭ ᠬᠠᠶᠢᠯᠤᠭᠤᠯᠬᠤ ᠢᠨᠵᠧᠨᠧᠷᠢᠩ ᠵᠡᠷᠭᠡ ᠯᠦᠭᠡ ᠵᠣᠬᠢᠴᠠᠬᠤ ᠬᠡᠮᠵᠢᠶ᠎ᠡ  ᠪᠠᠷ ᠨᠡᠯᠢᠶᠡᠳ ᠥᠨᠳᠥᠷ ᠰᠢᠨᠵᠢᠯᠡᠭᠡᠨ ᠤ ᠰᠠᠯᠠᠭ᠎ᠠ ᠶᠢ ᠠᠩᠬ᠎ᠠ ᠠᠯᠬᠤᠮ ᠪᠦᠷᠢᠯᠳᠦᠭᠦᠯᠦᠨ᠂ ᠥᠪᠡᠷᠲᠡᠭᠡᠨ ᠵᠠᠰᠠᠬᠤ ᠣᠷᠣᠨ ᠤ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠶᠡᠷᠦᠩᠬᠡᠢ ᠲᠤᠭ᠎ᠠ ᠶᠢ 70 ᠣᠷᠴᠢᠮ ᠪᠣᠯᠭᠠᠵᠤ᠂ ᠣᠨᠴᠠᠯᠢᠭ ᠢᠯᠡ ᠲᠣᠳᠣ᠂ ᠪᠠᠶᠢᠷᠢᠰᠢᠯᠠᠭᠤᠯᠤᠯᠲᠠ ᠵᠦᠢ ᠵᠣᠬᠢᠰᠲᠠᠢ᠂ ᠵᠣᠬᠢᠰᠲᠠᠢ ᠬᠥᠭᠵᠢᠭᠰᠡᠨ ᠰᠢᠨᠵᠢᠯᠡᠭᠡᠨ ᠤ ᠰᠠᠯᠠᠭᠠᠨ ᠤ ᠳᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠦᠨ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ  ᠤ ᠰᠢᠨᠵᠢᠯᠡᠭᠡᠨ ᠤ ᠰᠠᠯᠠᠭᠠᠨ ᠤ  ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢᠨ ᠪᠠᠶᠢᠷᠢ ᠳᠡᠪᠰᠢᠵᠦ ᠳᠡᠰ ᠳᠡᠪᠰᠢᠬᠦ᠂ ᠲᠠᠪᠠᠯᠳᠠᠳᠤ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ  ᠤᠨ ᠶᠡᠷᠦᠩᠬᠡᠶᠢᠯᠡᠭᠰᠡᠨ ᠪᠣᠳᠠᠲᠤ ᠬᠦᠴᠦᠨ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠪᠠ ᠳᠡᠯᠡᠬᠡᠢ ᠶᠢᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠬᠢᠷᠢ ᠲᠦᠪᠰᠢᠨ ᠪᠦᠬᠦ ᠤᠯᠤᠰ ᠤᠨ ᠬᠤᠶᠠᠳᠤᠭᠠᠷ ᠱᠠᠲᠤᠯᠵᠢᠨ ᠡᠩᠨᠡᠭᠡᠨ ᠳᠤ ᠣᠷᠣᠬᠤ ᠶᠢ ᠬᠦᠴᠦᠲᠡᠢ ᠲᠤᠯᠭᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠤᠰ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠪᠠ᠃      ᠨᠢᠭᠡ᠂ ᠭᠤᠣᠯᠳᠠᠯᠭ᠎ᠠ ᠲᠠᠢ ᠡᠭᠦᠷᠭᠡ      ︵ᠨᠢᠭᠡ︶ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠢᠷᠢ ᠲᠦᠪᠰᠢᠨ ᠢ           ᠳᠡᠭᠡᠭᠰᠢᠯᠡᠭᠦᠯᠦᠨ᠎ᠡ᠃ ᠲᠡᠷᠢᠭᠦᠨ ᠤ ᠣᠷᠦ᠋ᠢᠯᠠᠭᠰᠠᠨ ᠰᠢᠨᠵᠢᠯᠡᠭᠡᠨ ᠤ ᠰᠠᠯᠠᠭ᠎ᠠ ︽ᠤᠯᠤᠰ ᠤᠨ ᠲᠡᠷᠢᠭᠦᠨ ᠤ︾ ᠬᠢ ᠶᠢ ᠵᠣᠷᠢᠵᠤ᠂ ᠲᠡᠷᠢᠭᠦᠨ ᠤ ᠣᠷᠦ᠋ᠢᠯᠠᠭᠰᠠᠨ ᠪᠣᠶᠢᠵᠢᠭᠤᠯᠬᠤ ᠰᠢᠨᠵᠢᠯᠡᠭᠡᠨ ᠤ ᠰᠠᠯᠠᠭ᠎ᠠ ︽ᠤᠯᠤᠰ ᠤᠨ ᠲᠡᠷᠢᠭᠦᠨ ᠤ︾ ᠬᠢ ᠶᠢ ᠪᠣᠶᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠲᠤᠯᠭᠠᠭᠤᠷᠢ ᠠᠵᠤ ᠦᠢᠯᠡᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠳᠡᠰ ᠳᠡᠪᠰᠢᠭᠦᠯᠬᠦ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠦᠨ᠎ᠡ᠃ ᠪᠦᠯᠬᠦᠮ ᠨᠡᠶᠢᠲᠡ ᠶᠢᠨ ᠪᠠᠶᠢᠭᠤᠯᠤᠯᠲᠠ  ᠶᠢ ᠬᠡᠷᠡᠭᠵᠢᠭᠦᠯᠵᠦ᠂ ᠡᠷᠳᠡᠮ ᠰᠢᠨᠵᠢᠯᠡᠭᠡᠨ ᠤ ᠭᠤᠣᠯᠳᠠᠯᠭ᠎ᠠ ᠶᠢ ᠲᠣᠳᠣᠷᠬᠠᠶᠢᠯᠠᠨ᠂ ᠪᠠᠴᠢᠮ ᠬᠡᠷᠡᠭᠰᠡᠬᠦ ᠡᠬᠢ ᠪᠠᠶᠠᠯᠢᠭ ᠲᠤ ᠪᠡᠯᠡ ᠣᠷᠣᠭᠤᠯᠵᠤ᠂ ︽ᠰᠢᠨᠵᠢᠯᠡᠭᠡᠨ ᠤ ᠰᠠᠯᠠᠭ᠎ᠠ - ᠪᠦᠯᠬᠦᠮ ᠨᠡᠶᠢᠲᠡ - ᠡᠷᠳᠡᠮ ᠰᠢᠨᠵᠢᠯᠡᠭᠡᠨ - ᠡᠬᠢ ᠪᠠᠶᠠᠯᠢᠭ︾ ᠤᠨ ᠬᠤᠯᠪᠤᠯᠳᠤᠨ ᠬᠥᠳᠡᠯᠦᠯᠴᠡᠬᠦ ᠬᠥᠭᠵᠢᠯᠲᠡ ᠶᠢᠨ ᠬᠠᠨᠳᠤᠰᠢ ᠶᠢ ᠪᠣᠢ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠥᠷ ᠮᠣᠩᠭᠤᠯ ᠤᠨ ᠳᠡᠭᠡᠳᠦ  ᠳᠡᠰ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠰᠦᠨ ᠤ ᠦᠢᠯᠡᠰ᠂ ᠬᠤᠪᠣᠷ ᠰᠢᠷᠣᠢ᠂ ᠡᠨᠧᠷᠭᠢ᠂ ᠲᠡᠷᠢᠭᠦᠨ ᠤ ᠦᠢᠯᠡᠳᠬᠦ ᠵᠡᠷᠭᠡ ᠬᠦᠷᠢᠶᠡᠨ ᠳᠠᠬᠢ ᠲᠡᠷᠢᠭᠦᠨ ᠤ ᠰᠢᠨᠵᠢᠯᠡᠭᠡᠨ ᠤ ᠰᠠᠯᠠᠭ᠎ᠠ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠠᠮᠲᠤᠷᠠᠨ ᠪᠣᠭᠤᠮᠲᠠ ᠰᠢᠪᠲᠤᠯᠬᠤ ᠪᠠ ᠳᠤᠲᠠᠭᠳᠠᠵᠤ ᠪᠠᠶᠢᠭ᠎ᠠ ᠬᠡᠷᠡᠭᠯᠡᠭᠡᠨ ᠤ ᠬᠡᠯᠪᠡᠷᠢᠲᠦ ᠳᠡᠭᠡᠳᠦ ᠳᠡᠰ ᠤᠨ ᠴᠢᠳᠠᠪᠤᠷᠢᠲᠠᠨ ᠢ ᠬᠠᠮᠲᠤᠷᠠᠨ ᠬᠥᠮᠦᠵᠢᠭᠦᠯᠬᠦ ᠶᠢ ᠠᠬᠢᠭᠤᠯᠤᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠴᠢᠳᠠᠪᠤᠷᠢ ᠪᠣᠯᠤᠨ ᠦᠷ᠎ᠡ ᠪᠦᠲᠦᠮᠵᠢ ᠶᠢ ᠲᠦᠷᠭᠡᠳᠬᠡᠨ ᠳᠡᠭᠡᠭᠰᠢᠯᠡᠭᠦᠯᠦᠨ᠎ᠡ᠃      ︵ᠬᠤᠶᠠᠷ︶ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠤᠯᠤᠰ ᠤᠨ ᠪᠠᠴᠢᠮ ᠱᠠᠭᠠᠷᠳᠠᠭᠳᠠᠵᠤ ᠪᠠᠶᠢᠭ᠎ᠠ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠬᠥᠲᠥᠯᠥᠨ ᠵᠢᠯᠣᠭᠤᠳᠬᠤ ᠬᠥᠭᠵᠢᠯᠲᠡ ᠶᠢᠨ ᠨᠠᠷᠢᠨ ᠳᠠᠩᠰᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠬᠠᠨᠳᠤᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠬᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠣᠳᠣ ᠦᠶ᠎ᠡ ᠶᠢᠨ ᠲᠠᠷᠢᠶᠠᠯᠠᠩ᠂ ᠠᠮᠢ ᠠᠬᠤᠢ ᠶᠢᠨ ᠣᠷᠴᠢᠨ᠂ ᠡᠯᠧᠺᠲᠷᠣᠨ ᠮᠡᠳᠡᠭᠡ ᠵᠠᠩᠭᠢ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠤ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ 10 ᠣᠷᠴᠢᠮ ᠪᠠᠶᠢᠷᠢᠰᠢᠭᠤᠯᠤᠨ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠪᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠤᠬᠠᠭᠠᠨ᠂ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠣᠯᠤᠨ ᠤᠷᠢᠳᠴᠢᠯᠠᠨ ᠰᠡᠷᠭᠡᠶᠢᠯᠡᠬᠦ ᠠᠨᠠᠭᠠᠬᠤ ᠤᠬᠠᠭᠠᠨ᠂ ᠰᠤᠷᠭᠠᠨ ᠬᠥᠮᠥᠵᠢᠭᠦᠯᠬᠦ ᠤᠬᠠᠭᠠᠨ᠂ ᠬᠡᠷᠡᠭᠯᠡᠭᠡᠨ ᠤ ᠠᠵᠤ ᠠᠬᠤᠢ ᠶᠢᠨ ᠤᠬᠠᠭᠠᠨ ᠵᠡᠷᠭᠡ ᠳ᠋ᠣᠺᠲ᠋ᠣᠷ ᠤᠨ ᠨᠢᠭᠡᠳᠦᠭᠡᠷ ᠳᠡᠰ ᠤᠨ ᠰᠢᠨᠵᠢᠯᠡᠭᠡᠨ ᠤ ᠰᠠᠯᠠᠭᠠᠨ ᠤ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠭᠤᠣᠯᠳᠠᠯᠭ᠎ᠠ ᠲᠠᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠬᠤᠭᠤᠰᠣᠨ ᠢ ᠨᠥᠬᠦᠪᠥᠷᠢᠯᠡᠬᠦ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠮᠡᠳᠡᠭᠦᠯᠬᠦ ᠶᠢ ᠵᠣᠷᠢᠭᠵᠢᠭᠤᠯᠤᠨ᠎ᠠ᠃ ᠲᠡᠷᠢᠭᠦᠨ ᠤ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠭᠦᠨᠵᠡᠭᠡᠢ ᠠᠬᠢᠭᠤᠯᠵᠤ᠂ ᠰᠢᠨ᠎ᠡ ᠲᠧᠭᠨᠢᠭ ᠤᠨ ᠤᠬᠠᠭᠠᠨ᠂ ᠰᠢᠨ᠎ᠡ ᠠᠨᠠᠭᠠᠬᠤ ᠤᠬᠠᠭᠠᠨ᠂ ᠰᠢᠨ᠎ᠡ ᠲᠠᠷᠢᠶᠠᠯᠠᠩ ᠤᠨ ᠤᠬᠠᠭᠠᠨ᠂ ᠰᠢᠨ᠎ᠡ ᠨᠡᠶᠢᠭᠡᠮ ᠤᠨ ᠰᠢᠨᠵᠢᠯᠡᠬᠦ ᠤᠬᠠᠭᠠᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠤᠯᠤᠰ ᠤᠨ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠷᠢᠭᠦᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠪᠠ ᠲᠡᠷᠢᠭᠦᠨ ᠤ ᠬᠢᠴᠢᠶᠡᠯ ᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠰᠢᠨ᠎ᠡ ᠶᠢ ᠡᠭᠦᠳᠬᠦ ᠬᠡᠯᠪᠡᠷᠢ ᠶᠢᠨ᠂ ᠬᠡᠷᠡᠭᠯᠡᠭᠡᠨ ᠤ ᠬᠡᠯᠪᠡᠷᠢ ᠶᠢᠨ᠂ ᠬᠠᠮ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠭᠤᠷᠪᠠ︶ ᠰᠢᠨᠵᠢᠯᠡᠭᠡᠨ ᠤ ᠰᠠᠯᠠᠭᠠᠨ ᠤ ᠡᠬᠢ ᠪᠠᠶᠠᠯᠢᠭ ᠢ ᠲᠣᠬᠢᠷᠠᠭᠤᠯᠬᠤ ᠲᠣᠭᠲᠠᠴᠠ  ᠶᠢ ᠲᠡᠭᠦᠯᠳᠡᠷᠵᠢᠭᠦᠯᠦᠨ᠎ᠡ᠃ ᠳᠠᠪᠠᠭᠤᠯᠢᠭ ᠡᠬᠢ ᠪᠠᠶᠠᠯᠢᠭ ᠢ ᠲᠥᠪᠯᠡᠷᠡᠭᠦᠯᠦᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠶᠢ ᠳᠡᠮᠵᠢᠵᠦ᠂ ᠲᠡᠷᠢᠭᠦᠨ ᠤ ᠴᠢᠨᠠᠷ ᠴᠢᠨᠰᠠᠭ᠎ᠠ ᠪᠠ ᠲᠡᠷᠢᠭᠦᠨ ᠤ ᠬᠤᠪᠢ ᠨᠡᠮᠡᠷᠢ ᠪᠠᠷ  ᠵᠢᠯᠣᠭᠤᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠡᠷᠳᠡᠮ ᠰᠢᠨᠵᠢᠯᠡᠭᠡᠨ ᠤ ᠣᠨᠴᠠᠭᠠᠢ ᠣᠷᠣᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠯᠭᠠᠭᠤᠷᠢ ᠠᠵᠤ ᠦᠢᠯᠡᠰ ᠲᠤ ᠦᠢᠯᠡᠴᠢᠯᠡᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠨᠡᠯᠢᠶᠡᠳ ᠥᠨᠳᠥᠷ ᠪᠠᠶᠢᠭ᠎ᠠ ᠡᠪᠡᠰᠦᠨ ᠰᠤᠳᠤᠯᠤᠯ᠂ ᠠᠮᠢᠳᠤ ᠪᠣᠳᠠᠰ  ᠤᠨ ᠤᠬᠠᠭᠠᠨ᠂ ᠠᠮᠢ ᠠᠬᠤᠢ ᠶᠢᠨ ᠤᠬᠠᠭᠠᠨ᠂ ᠢᠳᠡᠭᠡᠨ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ᠂ ᠲᠡᠮᠦᠷᠯᠢᠭ ᠪᠣᠯᠪᠠᠰᠤᠷᠠᠭᠤᠯᠬᠤ ᠢᠨᠵᠧᠨᠧᠷᠢᠩ᠂ ᠬᠥᠳᠡᠯᠭᠡᠬᠦ ᠬᠦᠴᠦᠨ ᠤ ᠢᠨᠵᠧᠨᠧᠷᠢᠩ ᠪᠣᠯᠤᠨ ᠢᠨᠵᠧᠨᠧᠷᠢᠩ ᠤᠨ ᠢᠯᠴᠢ ᠶᠢᠨ ᠹᠢᠽᠢᠺ᠂ ᠦᠨᠳᠦᠰᠦᠲᠡᠨ ᠤ ᠤᠬᠠᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠡᠦᠬᠡ ᠵᠡᠷᠭᠡ ᠰᠢᠨᠵᠢᠯᠡᠭᠡᠨ ᠤ ᠰᠠᠯᠠᠭ᠎ᠠ ᠶᠢ ᠭᠤᠣᠯᠳᠠᠯᠭ᠎ᠠ ᠲᠠᠢ ᠪᠠᠶᠢᠭᠤᠯᠵᠤ᠂ ᠪᠤᠶᠢᠵᠢᠭᠤᠯᠤᠨ ᠰᠢᠪᠲᠤᠯᠤᠯᠲᠠ ᠬᠢᠨ᠎ᠡ᠃ ᠠᠮᠢ ᠠᠬᠤᠢ ᠶᠢᠨ ᠣᠷᠴᠢᠨ ᠤ ᠤᠬᠠᠭᠠᠨ ᠤ ᠪᠥᠯᠦᠭᠵᠢᠯ᠂ ᠲᠠᠯ᠎ᠠ ᠨᠤᠲᠤᠭ ᠤᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠪᠥᠯᠦᠭᠵᠢᠯ᠂ ᠰᠢᠨ᠎ᠡ ᠡᠨᠧᠷᠭᠢ ᠶᠢᠨ ᠤᠬᠠᠭᠠᠨ ᠤ ᠰᠢᠨᠵᠢᠯᠡᠭᠡᠨ ᠤ ᠰᠠᠯᠠᠭᠠᠨ ᠤ ᠪᠥᠯᠦᠭᠵᠢᠯ᠂ ᠲᠡᠮᠦᠷᠯᠢᠭ ᠬᠠᠶᠢᠯᠤᠭᠤᠯᠬᠤ ᠰᠢᠨ᠎ᠡ ᠮᠠᠲ᠋ᠧᠷᠢᠶᠠᠯ ᠤᠨ ᠤᠬᠠᠭᠠᠨ ᠤ ᠰᠢᠨᠵᠢᠯᠡᠭᠡᠨ ᠤ ᠰᠠᠯᠠᠭᠠᠨ ᠤ ᠪᠥᠯᠦᠭᠵᠢᠯ᠂ ᠤᠮᠠᠷᠠᠲᠤ ᠬᠢᠯᠢ ᠶᠢᠨ ᠰᠣᠶᠣᠯ ᠤᠨ ᠤᠬᠠᠭᠠᠨ ᠤ  ᠰᠢᠨᠵᠢᠯᠡᠭᠡᠨ ᠤ ᠰᠠᠯᠠᠭᠠᠨ ᠤ ᠪᠥᠯᠦᠭᠵᠢᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨᠵᠢᠯᠡᠭᠡᠨ ᠤ ᠰᠠᠯᠠᠭᠠᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠰᠢᠨᠵᠢᠯᠡᠭᠡᠨ ᠤ ᠰᠠᠯᠠᠭᠠᠨ ᠤ ᠪᠥᠯᠦᠭᠵᠢᠯ ᠤᠨ ᠬᠠᠮᠵᠢᠯᠴᠠᠨ ᠪᠣᠭᠤᠮᠲᠠ ᠰᠢᠪᠲᠤᠯᠬᠤ ᠪᠠ ᠰᠢᠨᠵᠢᠯᠡᠭᠡᠨ ᠤ ᠰᠠᠯᠠᠭ᠎ᠠ ᠰᠣᠯᠪᠢᠴᠠᠨ   ᠠᠭᠤᠰᠤᠭᠰᠠᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠤᠶᠠᠷ ᠶᠡᠭᠡ ᠶᠠᠪᠤᠳᠠᠯ︾ ᠤᠨ ᠲᠣᠭᠤᠷᠢᠨ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠠᠬᠢᠯᠡᠯᠲᠡ ᠶᠢ ᠰᠢᠪᠲᠤᠯᠬᠤ︾ ᠴᠡᠭ ᠲᠤ ᠠᠩᠬᠠᠷᠤᠯ ᠢᠶᠠᠨ ᠬᠠᠨᠳᠤᠭᠤᠯᠤᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ ᠴᠢᠭᠯᠡᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠰᠢᠪᠲᠤᠯᠤᠯᠲᠠ ᠶᠢᠨ ᠴᠢᠭᠯᠡᠯ ᠢ ᠪᠣᠯᠪᠠᠰᠤᠷᠠᠭᠤᠯᠵᠤ᠂ ᠴᠢᠬᠤᠯᠠ ᠶᠡᠭᠡ ᠨᠡᠭᠡᠭᠡᠯᠲᠡᠲᠦ ᠰᠡᠳᠦᠪ ᠢ ᠪᠠᠶᠢᠭᠤᠯᠤᠨ᠂ ᠨᠢᠭᠡ ᠪᠦᠯᠦᠭ ᠥᠨᠳᠥᠷ ᠬᠢᠷᠢ ᠲᠦᠪᠰᠢᠨᠲᠦ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠪᠣᠢ ᠪᠣᠯᠭᠠᠨ᠎ᠠ᠃ ᠮᠤᠵᠢ ᠪᠠ ᠶᠠᠮᠤᠨ ᠬᠠᠮᠲᠤᠷᠠᠨ ᠪᠠᠶᠢᠭᠤᠯᠤᠭᠰᠠᠨ ᠲᠠᠯ᠎ᠠ ᠨᠤᠲᠤᠭ ᠤᠨ ᠭᠡᠷ ᠤᠨ ᠲᠡᠵᠢᠭᠡᠪᠦᠷᠢ ᠶᠢᠨ ᠦᠷᠡᠵᠢᠯ ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠡᠨᠧᠷᠭᠢ ᠶᠢᠨ ᠡᠬᠢ ᠪᠠᠶᠠᠯᠢᠭ ᠢ ᠠᠰᠢᠭᠯᠠᠬᠤ᠂ ᠴᠠᠭᠠᠨ ᠢᠳᠡᠭᠡ ᠪᠠ ᠦᠷ᠎ᠡ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠪᠠ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠤᠮᠠᠷᠠᠲᠤ ᠬᠢᠯᠢ ᠶᠢᠨ ᠰᠣᠶᠣᠯ ᠵᠡᠷᠭᠡ ᠬᠠᠮᠢᠶ᠎ᠠ ᠪᠦᠬᠦᠢ ᠬᠦᠷᠢᠶᠡᠨ ᠤ ᠰᠢᠨᠵᠢᠯᠡᠭᠡᠨ ᠤ ᠰᠠᠯᠠᠭᠠᠨ ᠤ ᠲᠠᠪᠴᠠᠩ ᠪᠠ ᠣᠶᠤᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠤᠯᠤᠰ ᠤᠨ ᠳᠡᠰ ᠤᠨ ᠲᠠᠪᠴᠠᠩ ᠢ ᠪᠤᠢ ᠪᠣᠯᠭᠠᠨ᠎ᠠ᠃      ︵ᠲᠠᠪᠤ︶ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠣᠭᠲᠠᠴᠠ ᠪᠠ ᠦᠢᠯᠡᠴᠢᠯᠡᠭᠡᠨ ᠤ ᠳᠣᠭᠲᠠᠯᠴᠠᠭ᠎ᠠ ᠶᠢ ᠪᠠᠶᠢᠭᠤᠯᠤᠨ᠂ ᠡᠷᠳᠡᠮ ᠰᠢᠨᠵᠢᠯᠡᠭᠡᠨ ᠤ ᠠᠵᠢᠯᠲᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠰ ᠲᠤ ᠨᠢ ᠬᠠᠮᠢᠶᠠᠷᠬᠤ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠲᠣᠭᠲᠠᠴᠠ᠂ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠳᠣᠭᠲᠠᠯᠴᠠᠭ᠎ᠠ ᠵᠢᠴᠢ ᠡᠷᠳᠡᠮ ᠰᠢᠨᠵᠢᠯᠡᠭᠡᠨ ᠤ ᠲᠥᠷᠥᠯ ᠵᠦᠢᠯ ᠤᠨ ᠬᠥᠨᠳᠡᠯᠡᠨ ᠵᠠᠷᠤᠳᠠᠯ ᠢ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠪᠦᠬᠦ ᠴᠤᠪᠤᠷᠠᠯ ᠤᠨ ᠬᠠᠮᠢᠶᠠᠷᠤᠯᠲᠠ ᠶᠢᠨ ᠳᠣᠭᠲᠠᠯᠴᠠᠭ᠎ᠠ ᠶᠢ ᠪᠠᠶᠢᠭᠤᠯᠤᠨ᠂ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠳᠦᠷᠢᠮ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠡᠷᠳᠡᠮ ᠰᠢᠨᠵᠢᠯᠡᠭᠡᠨ ᠤ ᠠᠵᠢᠯᠲᠠᠨ ᠤ ᠲᠤᠰᠢᠶᠠᠯ ᠬᠠᠪᠰᠤᠷᠭᠠᠬᠤ ᠪᠤᠶᠤ ᠠᠵᠢᠯ ᠤᠨ ᠪᠠᠶᠢᠷᠢ ᠠᠴᠠ ᠰᠠᠯᠵᠤ ᠦᠢᠯᠡᠰ ᠪᠣᠰᠬᠠᠬᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠵᠡᠷᠭᠡ ᠪᠠᠶᠢᠭᠤᠯᠤᠯ ᠲᠣᠭᠲᠠᠴᠠ ᠶᠢ ᠨᠠᠶᠢᠳᠠᠪᠤᠷᠢᠵᠢᠭᠤᠯᠵᠤ᠂ ᠡᠷᠳᠡᠮ ᠰᠢᠨᠵᠢᠯᠡᠭᠡᠨ ᠤ ᠠᠵᠢᠯᠲᠠᠨ ᠤ ᠵᠣᠷᠢᠭᠲᠠᠢ ᠰᠢᠨ᠎ᠡ ᠶᠢ ᠡᠭᠦᠳᠬᠦ᠂ ᠠᠮᠢᠳᠤᠯᠢᠭ ᠢᠶᠠᠷ ᠬᠤᠪᠢᠷᠠᠭᠤᠯᠬᠤ ᠶᠢ ᠳᠡᠮᠵᠢᠨ᠎ᠡ᠃ ᠪᠠᠭᠰᠢ ᠶᠢ ᠵᠣᠬᠢᠶᠠᠨ ᠪᠠᠶᠢᠭᠤᠯᠤᠨ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠤᠭᠯᠠᠷᠠᠯ︾ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢᠶᠠᠷ ᠳᠠᠮᠵᠢᠭᠤᠯᠤᠨ ᠬᠠᠮᠤᠭ ᠤᠨ ᠰᠢᠨ᠎ᠡ ᠦᠷ᠎ᠡ ᠪᠦᠲᠦᠭᠡᠯ ᠢ ᠨᠡᠶᠢᠲᠡᠯᠡᠵᠦ᠂ ᠠᠬᠤᠢ ᠲᠠᠯᠠᠪᠠᠢ ᠶᠢᠨ ᠦᠵᠡᠭᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠲᠤᠰᠬᠠᠢ ᠪᠠᠶᠢᠭᠤᠯᠤᠮᠵᠢ ᠪᠠ ᠮᠡᠷᠭᠡᠵᠢᠯ ᠤᠨ ᠳᠠᠭᠠᠭᠠᠮᠠᠯ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠭᠦᠨᠵᠡᠭᠡᠢ ᠢᠯᠡᠷᠡᠭᠦᠯᠦᠨ᠂ ᠨᠠᠷᠢᠯᠢᠭ ᠣᠨᠣᠴᠠᠲᠠᠢ ᠵᠣᠯᠭᠠᠭᠤᠯᠬᠤ ᠶᠢ ᠪᠡᠶᠡᠯᠡᠭᠦᠯᠦᠨ᠎ᠡ᠃      ︵ᠵᠢᠷᠭᠤᠭ᠎ᠠ︶ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠪᠠᠶᠢᠭᠤᠯᠤᠯᠲᠠ ᠶᠢ                   ᠴᠢᠩᠭᠠᠳᠬᠠᠨ᠎ᠠ᠃ ᠰᠢᠨᠵᠢᠯᠡᠭᠡᠨ ᠤ ᠰᠠᠯᠠᠭ᠎ᠠ ᠬᠤᠪᠢᠶᠠᠨ ᠳᠡᠭᠡᠳᠦ ᠳᠡᠰ ᠤᠨ ᠴᠢᠳᠠᠪᠤᠷᠢᠲᠠᠨ ᠢ ᠬᠥᠮᠦᠵᠢᠭᠦᠯᠦᠨ ᠪᠤᠶᠢᠵᠢᠭᠤᠯᠬᠤ ᠲᠥᠯᠥᠪᠯᠡᠭᠡ ᠶᠢ ᠲᠣᠭᠲᠠᠭᠠᠵᠤ᠂ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ᠂ ᠡᠷᠳᠡᠮ ᠰᠢᠨᠵᠢᠯᠡᠭᠡᠨ ᠤ ᠭᠤᠣᠯᠯᠠᠭᠴᠢ᠂ ᠵᠠᠯᠠᠭᠤ ᠪᠠᠭᠰᠢ ᠶᠢᠨ ᠪᠦᠲᠦᠴᠡ ᠵᠣᠬᠢᠰᠲᠠᠢ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠱᠠᠲᠤᠯᠵᠢᠨ ᠡᠩᠨᠡᠭᠡ ᠶᠢ ᠪᠠᠶᠢᠭᠤᠯᠤᠨ᠎ᠠ᠃ ᠰᠢᠨᠵᠢᠯᠡᠭᠡᠨ ᠤ ᠰᠠᠯᠠᠭᠠᠨ ᠤ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠪᠠ ᠪᠦᠯᠬᠦᠮ ᠨᠡᠶᠢᠲᠡ ᠶᠢ ᠨᠠᠷᠢᠯᠢᠭ ᠣᠨᠣᠴᠠᠲᠠᠢ ᠣᠷᠣᠭᠤᠯᠤᠨ ᠠᠪᠴᠢᠷᠠᠵᠤ᠂ ᠳᠠᠯᠳᠠ ᠬᠦᠴᠦᠨ ᠪᠥᠬᠦᠢ ᠵᠠᠯᠠᠭᠤ ᠪᠠᠭᠰᠢ ᠨᠠᠷ ᠲᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠵᠦ᠂ ᠨᠢᠭᠡ ᠪᠦᠯᠦᠭ ᠡᠷᠳᠡᠮ ᠰᠢᠨᠵᠢᠯᠡᠭᠡᠨ ᠤ ᠭᠤᠣᠯᠯᠠᠭᠴᠢ ᠬᠦᠴᠦᠨ ᠢ ᠶᠡᠭᠡ ᠪᠠᠷ ᠬᠥᠮᠥᠵᠢᠭᠦᠯᠦᠨ᠂ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠬᠡᠪᠴᠢᠶ᠎ᠡ ᠶᠢ ᠥᠷᠭᠡᠳᠭᠡᠪᠡ᠃ ᠵᠠᠷᠤᠳᠠᠯ᠂ ᠲᠥᠷᠥᠯ ᠵᠦᠢᠯ᠂ ᠲᠠᠪᠴᠠᠩ ᠵᠡᠷᠭᠡ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠵᠢᠴᠢ ᠪᠦᠯᠬᠦᠮ ᠨᠡᠶᠢᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠭᠡᠨ ᠤ ᠰᠠᠯᠠᠭᠠᠨ ᠤ ᠡᠩᠨᠡᠭᠡᠨ ᠤ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃      ᠬᠤᠶᠠᠷ᠂ ᠳᠡᠮᠵᠢᠬᠦ ᠠᠷᠭ᠎ᠠ ᠬᠡᠮᠵᠢᠶ᠎ᠡ      ︵ᠨᠢᠭᠡ︶ ᠵᠠᠷᠤᠳᠠᠯ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠎ᠡ      1. ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠭᠦᠯᠬᠦ ᠲᠣᠭᠲᠠᠴᠠ ᠶᠢ ᠪᠠᠶᠢᠭᠤᠯᠤᠨ᠂ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠠᠷᠢᠴᠠᠯ ᠢ 20% ᠠᠴᠠ ᠳᠣᠣᠷ᠎ᠠ ᠪᠠᠶᠢᠯᠭᠠᠬᠤ ᠦᠭᠡᠢ︔ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠵᠠᠷᠤᠳᠠᠯ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃      2. ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠵᠤ᠂ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠳᠡᠰ ᠳᠡᠪᠰᠢᠭᠦᠯᠬᠦ ᠵᠢᠱᠢᠭᠰᠡᠨ ᠬᠠᠷᠠᠯᠲᠠ ᠳᠤ ᠬᠦᠷᠦᠭᠰᠡᠨ᠂ ᠬᠦᠴᠢᠷ ᠢ ᠲᠤᠭᠤᠯᠵᠤ ᠰᠢᠪᠲᠤᠯᠤᠭᠰᠠᠨ ᠶᠡᠭᠡ ᠳᠡᠭᠡᠳᠦ ᠰᠤᠷᠭᠠᠭᠤᠯᠢ ᠳᠤ ᠨᠢᠭᠡ ᠯᠡ ᠤᠳᠠᠭ᠎ᠠ ᠳᠤ ᠬᠠᠮᠤᠭ ᠤᠨ ᠪᠠᠭ᠎ᠠ ᠳᠤ ᠪᠠᠨ 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠳᠡᠮᠵᠢᠯᠭᠡ ᠣᠯᠭᠤᠵᠤ᠂ ᠰᠢᠨ᠎ᠡ ᠪᠠᠷ ᠨᠡᠮᠡᠭᠳᠡᠭᠰᠡᠨ ᠤᠯᠤᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠶᠡᠭᠡ ᠳᠡᠭᠡᠳᠦ ᠰᠤᠷᠭᠠᠭᠤᠯᠢ ᠳᠤ ᠨᠢᠭᠡ ᠯᠡ ᠤᠳᠠᠭ᠎ᠠ ᠳᠤ ᠬᠠᠮᠤᠭ ᠤᠨ ᠪᠠᠭ᠎ᠠ ᠳᠤ ᠪᠠᠨ 1000 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠳᠡᠮᠵᠢᠯᠭᠡ ᠣᠯᠭᠤᠨ᠎ᠠ᠃      3.ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠡᠷᠳᠡᠮ ᠰᠢᠨᠵᠢᠯᠡᠭᠡᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠰᠢᠨᠵᠢᠯᠡᠬᠦ ᠤᠬᠠᠭᠠᠨ  ᠤ ᠰᠢᠨ᠎ᠡ ᠶᠢ ᠡᠭᠦᠳᠬᠦ ᠲᠥᠷᠥᠯ ᠵᠦᠢᠯ ᠪᠠ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠴᠢᠳᠠᠪᠤᠷᠢᠲᠠᠨ ᠤ ᠡᠷᠳᠡᠮ ᠰᠢᠨᠵᠢᠯᠡᠭᠡᠨ ᠢ ᠡᠬᠢᠯᠡᠭᠦᠯᠬᠦ ᠵᠠᠷᠤᠳᠠᠯ ᠳᠤ ᠬᠡᠷᠡᠭᠯᠡᠵᠦ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠳᠤ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠤᠨ ᠲᠤᠰᠠᠯᠠᠮᠵᠢ ᠦᠵᠡᠭᠦᠯᠵᠦ᠂ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠢᠭᠡ ᠯᠡ ᠤᠳᠠᠭ᠎ᠠ ᠳᠤ ᠳᠡᠳᠬᠦᠨ ᠲᠤᠰᠠᠯᠠᠬᠤ ᠶᠢ ᠵᠠᠷᠴᠢᠮ ᠳᠡᠭᠡᠷ᠎ᠡ ᠪᠠᠨ 15 ᠲᠦᠮᠡᠨ ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃      ︵ᠬᠤᠶᠠᠷ︶ ᠳᠡᠭᠡᠳᠦ ᠳᠡᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠳᠡᠮᠵᠢᠨ᠎ᠡ      4. ᠶᠡᠭᠡ ᠳᠡᠭᠡᠳᠦ ᠰᠤᠷᠭᠠᠭᠤᠯᠢ ᠬᠥᠮᠦᠵᠢᠭᠦᠯᠬᠦ ᠪᠤᠶᠤ ᠭᠡᠷ᠎ᠡ ᠳᠣᠭᠲᠠᠨ ᠣᠷᠣᠭᠤᠯᠤᠨ ᠠᠪᠴᠢᠷᠠᠬᠤ ︽ᠬᠤᠶᠠᠷ ᠬᠦᠷᠢᠶᠡᠯᠡᠩ︾ ᠤᠨ ᠠᠺᠠᠳᠧᠮᠢᠴᠢ᠂ ︽ᠬᠤᠶᠠᠷ ᠬᠦᠷᠢᠶᠡᠯᠡᠩ︾ ᠤᠨ ᠠᠺᠠᠳᠧᠮᠢᠴᠢ ᠶᠢᠨ ᠵᠢᠱᠢᠭᠳᠡᠭᠴᠢ᠂ ︽ᠴᠠᠩ ᠵᠢᠶᠠᠩ︾᠂ ︽ᠴᠢᠩ ᠵᠢᠶᠧ︾ ᠵᠡᠷᠭᠡ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢ ᠳᠤ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ᠂ ᠨᠢᠭᠡ ᠶᠠᠪᠤᠳᠠᠯ ᠢ ᠨᠢᠭᠡ ᠯᠡ ᠤᠳᠠᠭ᠎ᠠ ᠵᠥᠪᠯᠡᠬᠦ︾ ᠵᠠᠷᠴᠢᠮ ᠶᠣᠰᠣᠭᠠᠷ᠂ ᠵᠠᠷᠤᠳᠠᠯ ᠤᠨ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ᠂ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠯ᠎ᠠ ᠪᠠᠷ ᠳᠡᠮᠵᠢᠯᠭᠡ ᠦᠵᠡᠭᠦᠯᠵᠦ᠂ ᠲᠡᠭᠦᠨ ᠤ ᠡᠷᠳᠡᠮ ᠰᠢᠨᠵᠢᠯᠡᠭᠡᠨ ᠤ ᠴᠢᠳᠠᠪᠤᠷᠢ ᠪᠠ ᠡᠷᠳᠡᠮ ᠰᠢᠨᠵᠢᠯᠡᠭᠡᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃      5. ᠣᠳᠣ ᠶᠢᠨ ᠪᠠᠶᠢᠭ᠎ᠠ ᠳᠡᠮᠵᠢᠬᠦ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ ︽ᠬᠤᠣᠰ           ᠲᠡᠷᠢᠭᠦᠨ︾ ᠤ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠲᠡᠷᠢᠭᠦᠨ ᠳᠡᠰ ᠤᠨ ᠰᠢᠨᠵᠢᠯᠡᠭᠡᠨ ᠤ ᠰᠠᠯᠠᠭ᠎ᠠ ᠳᠤ ᠲᠦᠰᠢᠭᠯᠡᠨ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡ ᠶᠢ ᠪᠠᠶᠢᠭᠤᠯᠬᠤ ᠳᠡᠳᠭᠦᠮᠵᠢ ᠶᠢᠨ ᠮᠥᠩᠭᠦ ᠶᠢ 30 ᠲᠦᠮᠡᠨ ᠲᠥᠭᠦᠷᠢᠭ ᠪᠠᠶᠢᠭᠰᠠᠨ ᠠᠴᠠ 50 ᠲᠦᠮᠡᠨ ᠲᠥᠭᠦᠷᠢᠭ ᠪᠣᠯᠭᠠᠵᠤ᠂ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡᠨ ᠳᠤ ᠣᠷᠣᠭᠰᠠᠨ ᠪᠦᠷᠢᠨ ᠳᠤᠰᠢᠶᠠᠯᠲᠤ ᠳ᠋ᠣᠺᠲ᠋ᠣᠷᠠᠨᠲ ᠤᠨ ᠠᠮᠢᠳᠤᠷᠠᠯ ᠤᠨ ᠨᠥᠬᠦᠪᠥᠷᠢ ᠶᠢ ᠬᠥᠮᠦᠨ ᠪᠦᠷᠢ ᠵᠢᠯ ᠪᠦᠷᠢ ᠳᠤ 10 ᠲᠦᠮᠡᠨ ᠲᠥᠭᠦᠷᠢᠭ ᠪᠠᠶᠢᠭᠰᠠᠨ ᠢ 15 ᠲᠦᠮᠡᠨ ᠲᠥᠭᠦᠷᠢᠭ ᠪᠣᠯᠭᠠᠨ᠂ 2 ᠵᠢᠯ ᠳᠡᠳᠬᠦᠨ ᠳᠤᠰᠠᠯᠠᠨ᠎ᠠ᠂ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠰᠢᠯᠵᠢᠮᠡᠯ ᠥᠷᠲᠡᠭᠡᠨ ᠠᠴᠠ ᠰᠠᠯᠵᠤ ᠰᠤᠷᠭᠠᠭᠤᠯᠢ ᠳᠤ ᠦᠯᠡᠳᠡᠭᠰᠡᠨ ᠠᠬᠠᠯᠠᠭᠴᠢ ᠳ᠋ᠣᠺᠲ᠋ᠣᠷᠠᠨᠲ ᠤᠨ ᠡᠷᠳᠡᠮ ᠰᠢᠨᠵᠢᠯᠡᠭᠡᠨ ᠤ ᠵᠠᠷᠤᠳᠠᠯ ᠤᠨ ᠲᠤᠰᠠᠯᠠᠮᠵᠢ ᠶᠢ 30 ᠲᠦᠮᠡᠨ ᠲᠥᠭᠦᠷᠢᠭ ᠪᠠᠶᠢᠭᠰᠠᠨ ᠢ 50 ᠲᠦᠮᠡᠨ ᠲᠥᠭᠦᠷᠢᠭ ᠪᠣᠯᠭᠠᠨ᠎ᠠ᠃      6. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠣᠯᠤᠨ ᠪᠤᠰᠤᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ᠂ ᠠᠵᠢᠯ ᠲᠥᠷᠥᠯ ᠤᠨ ᠠᠵᠤ ᠠᠬᠤᠶᠢᠯᠠᠯ ᠬᠠᠮᠲᠤᠷᠠᠨ ᠳ᠋ᠣᠺᠲ᠋ᠣᠷᠠᠨᠲ ᠮᠠᠰᠲ᠋ᠧᠷ ᠬᠥᠮᠦᠵᠢᠭᠦᠯᠬᠦ ᠶᠢ ᠳᠡᠮᠵᠢᠵᠦ᠂ ᠳ᠋ᠣᠺᠲ᠋ᠣᠷᠠᠨᠲ ᠮᠠᠰᠲ᠋ᠧᠷ ᠢ ᠬᠠᠮᠲᠤᠷᠠᠨ ᠬᠥᠮᠦᠵᠢᠭᠦᠯᠬᠦ ᠲᠤᠰᠬᠠᠢ ᠲᠥᠯᠥᠪᠯᠡᠭᠡ ᠶᠢ ᠪᠠᠶᠢᠭᠤᠯᠤᠨ᠂ ᠬᠠᠮᠢᠶ᠎ᠠ ᠪᠦᠬᠦᠢ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠰᠣᠳᠤᠯᠬᠤ ᠰᠤᠷᠤᠭᠴᠢ ᠡᠯᠰᠡᠬᠦ ᠲᠥᠯᠥᠪᠯᠡᠭᠡ ᠳᠤ ᠵᠣᠬᠢᠰᠲᠠᠢ ᠬᠠᠷᠠᠭᠠᠯᠵᠠᠯ ᠦᠵᠡᠭᠦᠯᠦᠨ᠎ᠡ᠃       7. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠶᠢ ᠠᠵᠢᠯᠲᠠᠨ ᠤ ᠶᠡᠷᠦᠩᠬᠡᠢ ᠲᠤᠭ᠎ᠠ ᠶᠢ ᠬᠠᠮᠢᠶᠠᠷᠬᠤ ᠲᠤᠷᠰᠢᠯᠲᠠ ᠶᠢᠨ ᠴᠡᠭ ᠤᠨ ᠬᠡᠪᠴᠢᠶᠡᠨ ᠳᠤ ᠣᠷᠣᠭᠤᠯᠵᠤ᠂ ᠲᠡᠷᠢᠭᠦᠨ ᠤ ᠰᠢᠨᠵᠢᠯᠡᠭᠡᠨ ᠤ ᠰᠠᠯᠠᠭ᠎ᠠ ᠳᠤ ᠬᠤᠯᠪᠣᠭᠳᠠᠭᠰᠠᠨ ᠳᠡᠭᠡᠳᠦ ᠰᠤᠷᠭᠠᠭᠤᠯᠢ ᠰᠠᠯᠪᠤᠷᠢ ᠪᠤᠶᠤ ᠲᠤᠰᠬᠠᠢ ᠮᠡᠷᠭᠡᠵᠢᠯ ᠤᠨ ᠲᠤᠰᠬᠠᠢ ᠬᠠᠷᠢᠭᠤᠴᠠᠬᠤ ᠪᠠᠭᠰᠢ ᠶᠢᠨ ᠶᠡᠷᠦᠩᠬᠡᠢ ᠬᠡᠮᠵᠢᠶ᠎ᠡ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠣᠨᠴᠠᠯᠢᠭ ᠪᠣᠯᠤᠨ ᠠᠳᠠᠯᠢ ᠪᠤᠰᠤ ᠲᠥᠷᠥᠯ ᠵᠦᠢᠯ ᠲᠠᠢ ᠤᠶᠠᠯᠳᠤᠭᠤᠯᠤᠨ ᠦᠨᠡᠯᠡᠨ ᠵᠢᠱᠢᠵᠦ ᠨᠤᠲᠠᠯᠠᠭᠰᠠᠨ ᠤ ᠳᠠᠷᠠᠭ᠎ᠠ᠂ ᠰᠤᠷᠤᠭᠴᠢ ᠪᠠᠭᠰᠢ ᠶᠢᠨ ᠬᠠᠷᠢᠴᠠᠯ ᠤᠨ ᠬᠠᠮᠤᠭ ᠤᠨ ᠳᠡᠭᠡᠳᠦ ᠬᠢᠵᠠᠭᠠᠷ ᠤᠨ ᠪᠡᠷᠢᠮᠵᠢᠶ᠎ᠠ ᠪᠠᠷ ᠬᠢᠨᠠᠨ ᠳᠣᠭᠲᠠᠭᠠᠨ᠎ᠠ︔ ᠳᠡᠭᠡᠳᠦ ᠰᠤᠷᠭᠠᠭᠤᠯᠢ ᠶᠢᠨ ᠣᠳᠣ ᠶᠢᠨ ᠬᠢᠨᠠᠨ ᠲᠣᠭᠲᠠᠭᠠᠭᠰᠠᠨ ᠣᠷᠣᠨ ᠲᠣᠭᠠᠨ ᠤ ᠶᠡᠷᠦᠩᠬᠡᠢ ᠲᠤᠭ᠎ᠠ ᠬᠦᠷᠦᠯᠴᠡᠬᠦ ᠦᠭᠡᠢ ᠦᠶ᠎ᠡ ᠳᠤ᠂ ᠣᠷᠣᠨ ᠤ ᠰᠢᠭᠤᠳ ᠬᠠᠷᠢᠶ᠎ᠠ ᠴᠢᠳᠠᠪᠤᠷᠢᠲᠠᠨ ᠤ ᠣᠷᠣᠨ ᠲᠤᠭ᠎ᠠ ᠶᠢ ᠬᠡᠷᠡᠭᠯᠡᠨ ᠨᠥᠬᠦᠴᠡᠯ ᠳᠤ ᠨᠡᠶᠢᠴᠡᠬᠦ ᠴᠢᠳᠠᠪᠤᠷᠢᠲᠠᠨ  ᠢ ᠣᠷᠣᠭᠤᠯᠤᠨ ᠠᠪᠴᠢᠷᠠᠵᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠬᠡᠷᠡᠭᠰᠡᠬᠦ ᠣᠷᠣᠨ ᠲᠤᠭ᠎ᠠ ᠶᠢ ᠪᠦᠬᠦ ᠬᠦᠴᠦᠨ ᠢᠶᠠᠷ ᠪᠠᠲᠤᠯᠠᠨ᠎ᠠ᠃      8. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠤᠤᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠤᠨ ᠰᠠᠭᠤᠷᠢᠨ ᠳᠡᠭᠡᠷ᠎ᠡ 10% ᠶᠢᠨ ᠣᠨᠴᠠᠭᠠᠢ ᠠᠵᠢᠯ ᠤᠨ ᠪᠠᠶᠢᠷᠢ ᠶᠢ ᠨᠡᠮᠡᠨ ᠲᠣᠬᠢᠷᠠᠭᠤᠯᠵᠤ᠂ ᠪᠠᠴᠢᠮ ᠱᠠᠭᠠᠷᠳᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠪᠣᠯᠤᠨ ᠰᠢᠯᠢᠳᠡᠭ ᠵᠠᠯᠠᠭᠤ ᠴᠢᠳᠠᠪᠤᠷᠢᠲᠠᠨ ᠢ ᠤᠷᠢᠬᠤ ᠳᠤ ᠬᠡᠷᠡᠭᠯᠡᠨ᠎ᠡ︔ ᠵᠢᠩᠬᠢᠨᠢ᠂ ᠳᠡᠳ᠋ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠡᠵᠡᠨ ᠮᠡᠳᠡᠨ ᠲᠣᠭᠲᠠᠭᠠᠵᠤ᠂ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠠᠴᠠ ᠬᠡᠲᠦᠷᠡᠭᠦᠯᠦᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢ ᠭᠤᠶᠤᠴᠢᠯᠠᠬᠤ ᠶᠢ ᠵᠥᠪᠰᠢᠶᠡᠷᠡᠵᠦ᠂ ᠮᠡᠳᠡᠭᠦᠯᠦᠭᠰᠡᠨ ᠶᠡᠷᠦᠩᠬᠡᠢ ᠲᠤᠭ᠎ᠠ ᠶᠢ ᠨᠢᠭᠡᠨᠲᠡ ᠳᠣᠭᠲᠠᠭᠠᠭᠰᠠᠨ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ 10% ᠶᠢᠨ ᠳᠣᠲᠣᠷ᠎ᠠ ᠬᠢᠵᠠᠭᠠᠷᠯᠠᠨ᠎ᠠ᠃      ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠦᠷ᠎ᠡ ᠪᠦᠲᠦᠭᠡᠯ ᠢ ᠤᠯᠠᠷᠢᠭᠤᠯᠬᠤ ᠶᠢ ᠴᠢᠩᠭᠠᠳᠬᠠᠨ᠎ᠠ      9. ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠤᠨ ᠨᠡᠷ᠎ᠡ ᠳᠤᠷᠠᠳᠤᠭᠰᠠᠨ ᠪᠠ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠦᠨᠡᠯᠡᠨ ᠲᠣᠭᠲᠠᠭᠠᠬᠤ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ  ᠤ ᠲᠡᠷᠢᠭᠦᠨ ᠤ ᠰᠢᠨᠵᠢᠯᠡᠭᠡᠨ ᠤ ᠰᠠᠯᠠᠭ᠎ᠠ ᠲᠡᠶᠢᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠨ᠎ᠡ᠃      10. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠰᠢᠯᠵᠢᠭᠦᠯᠦᠨ ᠥᠭᠬᠦ᠂ ᠵᠥᠪᠰᠢᠶᠡᠷᠡᠬᠦ᠂ ᠬᠠᠩᠰᠢᠯᠠᠵᠤ ᠬᠤᠪᠢ ᠣᠷᠣᠭᠤᠯᠬᠤ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠠᠶᠢᠳᠠᠪᠤᠷᠢᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠮᠡᠷᠭᠡᠵᠢᠯ ᠤᠨ ᠭᠡᠷ᠎ᠡ ᠶᠣᠰᠣᠭᠠᠷ ᠳᠠᠩᠰᠠᠨ ᠳᠤ ᠤᠷᠤᠭᠰᠠᠨ ᠵᠣᠭᠤᠰ ᠤᠨ ᠲᠤᠭ᠎ᠠ ᠪᠤᠶᠤ ᠰᠲ᠋ᠣᠺ ᠤᠨ ᠡᠷᠬᠡ ᠶᠢ ᠨᠤᠭᠤᠯᠤᠨ ᠪᠣᠳᠣᠭᠰᠠᠨ ᠵᠣᠭᠤᠰ ᠤᠨ ᠲᠤᠭ᠎ᠠ ᠨᠢ 200 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠠᠰᠢᠭ ᠣᠷᠣᠯᠭ᠎ᠠ ᠶᠢᠨ ᠵᠣᠭᠤᠰ ᠤᠨ ᠲᠤᠭ᠎ᠠ ᠨᠢ 20% ᠶᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠱᠠᠩᠨᠠᠯ ᠣᠯᠭᠤᠨ᠎ᠠ᠃ ᠴᠢᠬᠤᠯᠠ ᠶᠡᠭᠡ ᠦᠷ᠎ᠡ ᠪᠦᠲᠦᠭᠡᠯ ᠢ ᠤᠯᠠᠷᠢᠭᠤᠯᠬᠤ ︽ᠨᠢᠭᠡ ᠬᠡᠷᠡᠭ ᠢ ᠨᠢᠭᠡ ᠯᠡ ᠤᠳᠠᠭ᠎ᠠ ᠵᠥᠪᠯᠡᠬᠦ︾ ᠶᠢ ᠬᠦᠨᠳᠦ ᠱᠠᠩᠨᠠᠵᠤ᠂ ᠲᠥᠷᠥᠯ ᠪᠦᠷᠢ ᠶᠢᠨ ᠬᠠᠮᠤᠭ ᠤᠨ ᠥᠨᠳᠥᠷ ᠱᠠᠩᠨᠠᠯ 1000 ᠲᠦᠮᠡᠨ ᠲᠥᠭᠦᠷᠢᠭ᠂ ᠡᠭᠦᠨ ᠳᠤ ᠬᠠᠮᠤᠭ ᠤᠨ ᠪᠠᠭ᠎ᠠ ᠳᠤ ᠪᠠᠨ 50%  ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠥᠲᠦᠭᠡᠯ ᠢ ᠤᠯᠠᠷᠢᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠬᠥᠮᠦᠨ ᠳᠤ ᠬᠡᠷᠡᠭᠯᠡᠨ᠎ᠡ᠃      11. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠶᠢᠭᠤᠯᠤᠮᠵᠢ ᠪᠠ ᠵᠠᠬ᠎ᠠ ᠳᠡᠯᠭᠡᠭᠦᠷᠴᠢᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠺᠣᠮᠫᠠᠨᠢ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠡᠷᠬᠢᠯᠡᠵᠦ ᠪᠠᠶᠢᠭ᠎ᠠ ᠠᠵᠢᠯᠲᠠᠳ ᠤᠨ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠵᠡᠷᠭᠡ ᠲᠠᠯ᠎ᠠ ᠪᠠᠷ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠠᠵᠢᠯᠲᠠᠨ ᠲᠠᠢ ᠠᠳᠠᠯᠢᠬᠠᠨ ᠬᠠᠷᠠᠭᠠᠯᠵᠠᠯ ᠬᠦᠷᠲᠡᠭᠡᠨ᠎ᠡ᠃ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢᠨ ᠠᠰᠢᠭ ᠣᠯᠵᠠᠪᠤᠷᠢ ᠶᠢ ᠰᠠᠯᠠᠭ᠎ᠠ ᠮᠥᠴᠢᠷ᠂ ᠤᠯᠠᠷᠢᠭᠤᠯᠬᠤ ᠪᠠᠶᠢᠭᠤᠯᠤᠮᠵᠢ ᠪᠠ ᠦᠢᠯᠡᠴᠢᠯᠡᠭᠡᠨ ᠤ ᠪᠦᠯᠬᠦᠮ ᠨᠡᠶᠢᠲᠡ ᠶᠢᠨ ᠪᠠᠶᠢᠭᠤᠯᠤᠯᠲᠠ ᠳᠤ ᠬᠡᠷᠡᠭᠯᠡᠬᠦ ᠶᠢ ᠳᠡᠮᠵᠢᠨ᠎ᠡ᠃      12. ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠳᠤ ᠡᠷᠳᠡᠮ ᠰᠢᠨᠵᠢᠯᠡᠭᠡᠨ ᠤ ᠠᠵᠢᠯᠲᠠᠨ ᠳᠤ ᠣᠯᠭᠤᠭᠰᠠᠨ ᠲᠤᠰᠢᠶᠠᠯ ᠤᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠤᠨ ᠥᠮᠴᠢᠯᠡᠯ ᠤᠨ ᠡᠷᠬᠡ ᠪᠤᠶᠤ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠡᠷᠳᠡᠮ ᠰᠢᠨᠵᠢᠯᠡᠭᠡᠨ ᠤ ᠠᠵᠢᠯᠲᠠᠨ ᠤ ᠰᠢᠨ᠎ᠡ ᠶᠢ ᠡᠭᠦᠳᠬᠦ ᠢᠳᠡᠪᠬᠢᠵᠢᠯ ᠢ ᠤᠯᠠᠮ ᠨᠢᠭᠡ ᠠᠯᠬᠤᠮ ᠬᠥᠭᠵᠢᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ  ᠰᠢᠯᠵᠢᠭᠦᠯᠵᠦ ᠤᠯᠠᠷᠢᠭᠤᠯᠬᠤ ᠶᠢ ᠠᠬᠢᠭᠤᠯᠤᠨ᠎ᠠ᠃      ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠦᠭᠦᠯᠡᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠢᠩᠬᠢᠮ ᠤᠨ ᠬᠤᠭᠤᠷᠣᠨᠳᠣᠬᠢ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠭᠦᠷᠭᠡ ᠴᠢᠳᠠᠮᠵᠢᠲᠤ ᠠᠵᠢᠯ ᠤᠨ ᠬᠤᠪᠢᠶᠠᠷᠢᠯᠠᠯ ᠶᠣᠰᠣᠭᠠᠷ᠂ ᠲᠥᠯᠦᠪᠵᠢᠭᠦᠯᠬᠦ ᠪᠠ ᠪᠠᠶᠢᠷᠢᠯᠠᠭᠤᠯᠬᠤ᠂ ᠡᠭᠦᠷᠭᠡ ᠬᠡᠷᠡᠭᠵᠢᠭᠦᠯᠬᠦ᠂ ᠪᠠᠲᠤᠯᠠᠨ ᠳᠡᠮᠵᠢᠬᠦ᠂ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯ ᠢ ᠥᠷᠨᠢᠭᠦᠯᠵᠦ᠂ ᠪᠦᠲᠦᠭᠡᠨ ᠪᠠᠶᠢᠭᠤᠯᠤᠯᠲᠠ ᠶᠢᠨ ᠠᠵᠢᠯ ᠳᠠᠬᠢ ᠬᠦᠴᠢᠷᠳᠡᠯ ᠪᠣᠯᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠵᠢᠯᠣᠭᠤᠳᠬᠤ ᠵᠥᠪᠯᠡᠯ ᠵᠡᠷᠭᠡ ᠲᠤᠰᠬᠠᠢ ᠮᠡᠷᠭᠡᠵᠢᠯᠲᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠯᠥᠪᠵᠢᠭᠦᠯᠭᠡ᠂ ᠠᠵᠢᠯ ᠤᠨ ᠲᠥᠰᠦᠯ᠂ ᠪᠡᠯᠡ ᠮᠥᠩᠭᠦ ᠶᠢᠨ ᠲᠣᠬᠢᠷᠠᠭᠤᠯᠤᠯᠲᠠ᠂ ᠪᠠᠶᠢᠭᠤᠯᠤᠯᠲᠠ ᠶᠢᠨ ᠦᠷ᠎ᠡ ᠪᠦᠲᠦᠮᠵᠢ ᠵᠡᠷᠭᠡ ᠶᠢ ᠬᠢᠨᠠᠨ ᠳᠣᠭᠲᠠᠭᠠᠵᠤ ᠦᠨᠡᠯᠡᠬᠦ ᠪᠠ  ᠵᠢᠯᠣᠭᠤᠳᠬᠤ ᠶᠢ ᠥᠷᠨᠢᠭᠦᠯᠦᠨ᠎ᠡ᠃      ︵ᠬᠤᠶᠠᠷ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠤᠰ ᠠᠵᠢᠯᠯᠠᠭᠠᠨ ᠤ ᠲᠥᠯᠥᠪᠯᠡᠭᠡ ᠶᠢ ᠦᠨᠳᠦᠰᠦᠯᠡᠨ ᠵᠢᠯ ᠤᠨ ᠠᠵᠢᠯ ᠤᠨ ᠡᠭᠦᠷᠭᠡ ᠶᠢᠨ ᠨᠠᠷᠢᠨ ᠳᠠᠩᠰᠠ ᠶᠢ ᠲᠣᠭᠲᠠᠭᠠᠵᠤ᠂ ᠡᠯ᠎ᠡ ᠬᠠᠷᠢᠭᠤᠴᠠᠯᠭᠠᠲᠤ ᠨᠢᠭᠡᠴᠢ ᠶᠢᠨ ᠬᠠᠷᠠᠯᠲᠠᠲᠤ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠵᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠵᠦ ᠦᠨᠡᠯᠡᠬᠦ ᠶᠢ ᠵᠢᠯᠣᠭᠤᠳᠤᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠰᠤᠷᠭᠠᠭᠤᠯᠢ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠵᠠᠷᠤᠳᠠᠯ ᠤᠨ ᠪᠡᠯᠡ ᠣᠷᠣᠭᠤᠯᠤᠯᠲᠠ ᠵᠡᠷᠭᠡ ᠳᠡᠮᠵᠢᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠬᠦ ᠶᠢ ᠵᠢᠯᠣᠭᠤᠳᠴᠤ᠂ ᠳᠠᠷᠠᠭᠠᠴᠢ ᠶᠢᠨ ᠳᠡᠮᠵᠢᠬᠦ ᠲᠥᠷᠥ ᠶᠢᠨ ᠪᠣᠳᠣᠯᠭ᠎ᠠ  ᠨᠢ ᠲᠤᠰ ᠪᠢᠴᠢᠭ ᠮᠠᠲ᠋ᠧᠷᠢᠶᠠᠯ ᠤᠨ ᠲᠣᠭᠲᠠᠭᠠᠯ ᠠᠴᠠ ᠥᠨᠳᠥᠷ ᠪᠠᠶᠢᠪᠠᠯ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ︔ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠬᠠᠷᠠᠯᠲᠠ ᠪᠠᠨ ᠪᠡᠶᠡᠯᠡᠭᠦᠯᠦᠭᠰᠡᠨ᠂ ᠦᠷ᠎ᠡ ᠪᠦᠲᠦᠭᠡᠯ ᠭᠠᠷᠭᠠᠭᠰᠠᠨ᠂ ᠠᠵᠢᠯ ᠤᠨ ᠬᠢᠷᠢ ᠪᠦᠲᠦᠮᠵᠢ ᠬᠢᠷᠢ ᠲᠦᠪᠰᠢᠨ ᠪᠠᠷ ᠭᠤᠣᠯ ᠪᠣᠯᠭᠠᠭᠰᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠲᠡᠷᠢᠭᠦᠨ ᠤ ᠰᠢᠨᠵᠢᠯᠡᠭᠡᠨ ᠤ ᠰᠠᠯᠠᠭ᠎ᠠ ᠵᠢᠴᠢ ᠪᠦᠲᠦᠭᠡᠨ ᠪᠠᠶᠢᠭᠤᠯᠬᠤ ᠳᠡᠭᠡᠳᠦ ᠰᠤᠷᠭᠠᠭᠤᠯᠢ  ᠳᠤ ᠰᠢᠨᠵᠢᠯᠡᠬᠦ ᠤᠬᠠᠭᠠᠨᠴᠢ ᠦᠨᠡᠯᠡᠯᠲᠡ ᠪᠠ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃      ︵ᠭᠤᠷᠪᠠ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢᠨ᠎ᠡ ᠡᠭᠡᠯᠵᠢ ᠶᠢᠨ ᠤᠯᠤᠰ ᠤᠨ ︽ᠬᠤᠣᠰ           ᠲᠡᠷᠢᠭᠦᠨ︾ ᠤ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠲᠤᠰ ᠰᠤᠷᠭᠠᠭᠤᠯᠢ ᠶᠢᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠠᠷᠠᠯᠲᠠ ᠯᠤᠭ᠎ᠠ ᠬᠠᠷᠢᠴᠠᠭᠤᠯᠤᠨ᠂ ᠲᠤᠰ ᠰᠤᠷᠭᠠᠭᠤᠯᠢ ᠶᠢᠨ ᠢᠶᠠᠨ ︽ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠰᠦᠯ︾ ᠢ ᠲᠣᠭᠲᠠᠭᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠠᠳᠠᠯᠢ ᠪᠤᠰᠤ ᠳᠡᠰ ᠤᠨ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠬᠠᠷᠠᠯᠲᠠ ᠶᠣᠰᠣᠭᠠᠷ᠂ ︽ᠨᠢᠭᠡ ᠰᠢᠨᠵᠢᠯᠡᠭᠡᠨ ᠤ ᠰᠠᠯᠠᠭ᠎ᠠ ᠨᠢᠭᠡ ᠲᠥᠰᠦᠯ︾ ᠤᠨ ᠵᠠᠷᠴᠢᠮ ᠶᠣᠰᠣᠭᠠᠷ᠂ ᠬᠤᠪᠢᠶᠠᠷᠢ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠲᠥᠰᠦᠯ ᠢ ᠨᠠᠷᠢᠯᠢᠭᠵᠢᠭᠤᠯᠤᠨ᠎ᠠ᠃ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠬᠦᠨ ᠤ ᠴᠠᠯᠢᠩ ᠬᠥᠯᠥᠰᠦᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠠᠵᠢᠯ ᠤᠨ ᠬᠢᠷᠢ ᠪᠦᠲᠦᠮᠵᠢ ᠶᠢᠨ ᠴᠠᠯᠢᠩ ᠢ ᠬᠢᠨᠠᠨ ᠰᠢᠯᠭᠠᠭᠰᠠᠨ ᠦᠷ᠎ᠡ ᠳ᠋ᠦᠩ ᠯᠦᠭᠡ ᠬᠤᠯᠪᠤᠭᠳᠠᠭᠤᠯᠤᠨ᠎ᠠ᠃ ᠬᠠᠷᠢᠭᠤᠴᠠᠯᠭ᠎ᠠ ᠳᠠᠮᠵᠢᠭᠤᠯᠬᠤ ᠪᠠ ᠡᠭᠦᠷᠭᠡ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠦᠲᠦᠭᠡᠨ ᠪᠠᠶᠢᠭᠤᠯᠤᠯᠲᠠ  ᠶᠢᠨ ᠵᠠᠷᠤᠳᠠᠯ ᠢ ᠦᠨᠡᠨ ᠬᠦ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠲᠡᠷᠢᠭᠦᠨ ᠤ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠨ᠎ᠠ᠃ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map