2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠵᠢᠩᠬᠢᠨᠢ ᠠᠩᠭᠢᠲᠤ ᠰᠤᠷᠭᠠᠭᠤᠯᠢ ᠶᠢᠨ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/5/31
      5 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠠᠴᠠ ᠶᠠᠪᠤᠭᠳᠠᠭᠤᠯᠤᠭᠰᠠᠨ 2024 ᠣᠨ ᠤ ᠪᠦᠬᠦ ᠣᠷᠣᠨ ᠤ ᠤᠶᠤᠲᠠᠳ ᠤᠨ ᠬᠥᠯ ᠪᠥᠮᠪᠦᠭᠡᠨ ᠤ ᠬᠤᠯᠪᠣᠭᠠᠲᠤ ᠤᠷᠤᠯᠳᠤᠭᠠᠨ ᠤ ᠵᠢᠩᠬᠢᠨᠢ ᠠᠩᠭᠢᠲᠦ ᠰᠤᠷᠭᠠᠭᠤᠯᠢ ᠶᠢᠨ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠱᠠᠩᠨᠠᠯ ᠣᠯᠭᠤᠬᠤ ᠶᠣᠰᠣᠯᠠᠯ ᠳᠤ ᠣᠷᠣᠯᠴᠠᠭᠰᠠᠨ ᠪᠥᠭᠡᠳ ᠱᠠᠩᠨᠠᠯ ᠣᠯᠤᠭᠰᠠᠨ ᠡᠩᠨᠡᠭᠡ ᠵᠢᠴᠢ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃

1.webp.jpg

2.webp.jpg

                ᠡᠷᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠤ ᠠᠬᠤᠢ ᠲᠠᠯᠠᠪᠠᠢ

3.webp.jpg

4.webp.jpg

               ᠡᠮᠡᠭᠲᠡᠢ ᠶᠢᠨ ᠳᠤᠭᠤᠶᠢᠯᠠᠩ ᠤᠨ ᠤᠷᠤᠯᠳᠤᠭᠠᠨ ᠤ ᠠᠬᠤᠢ ᠲᠠᠯᠠᠪᠠᠢ

      ᠡᠨᠡ ᠤᠳᠠᠭᠠᠨ ᠤ ᠤᠷᠤᠯᠳᠤᠭᠠᠨ ᠳᠤ ᠪᠦᠬᠦ ᠣᠷᠣᠨ ᠤ 16 ᠵᠢᠩᠬᠢᠨᠢ ᠠᠩᠭᠢᠲᠤ ᠳᠡᠭᠡᠳᠦ ᠰᠤᠷᠭᠠᠭᠤᠯᠢ ᠶᠢᠨ

ᠡᠷᠡᠭᠲᠡᠢ ᠶᠢᠨ ᠲᠥᠯᠥᠭᠡᠯᠡᠭᠴᠢᠳ ᠤᠨ ᠠᠩᠭᠢ14᠂ ᠡᠮᠡᠭᠲᠡᠢ ᠶᠢᠨ ᠲᠥᠯᠥᠭᠡᠯᠡᠭᠴᠢᠳ ᠤᠨ ᠠᠩᠭᠢ 10᠂ 521

ᠲᠠᠮᠢᠷᠴᠢᠨ ᠣᠷᠣᠯᠴᠠᠵᠠᠢ᠃ 7 ᠡᠳᠦᠷ ᠤᠨ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠲᠠᠮᠢᠷᠴᠢᠳ ᠭᠤᠶᠢᠳᠠ

ᠰᠠᠶᠢᠬᠠᠨ ᠬᠥᠯ ᠪᠥᠮᠪᠦᠭᠡᠨ ᠤ ᠮᠡᠷᠭᠡᠵᠢᠯ ᠢᠶᠠᠨ ᠭᠠᠶᠢᠬᠠᠭᠤᠯᠤᠨ᠂ ᠦᠵᠡᠭᠴᠢᠳ ᠲᠤ ᠬᠥᠯ ᠪᠥᠮᠪᠦᠭᠡᠨ ᠤ ᠦᠪᠡᠳᠡᠭᠰᠢ

ᠨᠠᠶᠢᠷ ᠢ ᠠᠪᠴᠢᠷᠠᠭᠰᠠᠨ ᠪᠠᠶᠢᠨ᠎ᠠ᠃ ᠡᠴᠦᠰ ᠲᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ

ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ

ᠰᠤᠷᠭᠠᠭᠤᠯᠢ ᠲᠤᠰ ᠲᠤᠰ ᠵᠢᠩᠬᠢᠨᠢ ᠠᠩᠭᠢᠲᠤ ᠰᠤᠷᠭᠠᠭᠤᠯᠢ ᠶᠢᠨ ᠡᠷᠡᠭᠲᠡᠢ ᠶᠢᠨ ᠳᠤᠭᠤᠶᠢᠯᠠᠩ ᠤᠨ ᠡᠮᠦᠨ᠎ᠡ ᠭᠤᠷᠪᠠᠨ

ᠨᠡᠷ᠎ᠡ ᠶᠢᠨ ᠱᠠᠩᠨᠠᠯ ᠢ ᠬᠦᠷᠲᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ

ᠦᠨᠳᠦᠰᠦᠲᠡᠨ ᠤ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ

ᠰᠤᠷᠭᠠᠭᠤᠯᠢ ᠵᠢᠩᠬᠢᠨᠢ ᠠᠩᠭᠢᠲᠤ ᠰᠤᠷᠭᠠᠭᠤᠯᠢ ᠶᠢᠨ ᠡᠮᠡᠭᠲᠡᠢ ᠶᠢᠨ ᠳᠤᠭᠤᠶᠢᠯᠠᠩ ᠤᠨ ᠲᠡᠷᠢᠭᠦᠨ ᠳᠡᠳ᠋ 

ᠭᠤᠲᠠᠭᠠᠷ ᠲᠤ ᠣᠷᠣᠪᠠ᠃

5.webp.jpg

6.webp.jpg

7.webp.jpg

              ᠡᠷᠡᠭᠲᠡᠢ ᠶᠢᠨ ᠳᠤᠭᠤᠶᠢᠯᠠᠩ ᠳᠤ ᠱᠠᠩᠨᠠᠯ ᠭᠠᠷᠳᠠᠭᠤᠯᠵᠤ ᠪᠠᠶᠢᠭ᠎ᠠ ᠨᠢ

8.webp.jpg

9.webp.jpg

10.webp.jpg

11.webp.jpg

              ᠡᠮᠡᠭᠲᠡᠢ ᠶᠢᠨ ᠳᠤᠭᠤᠶᠢᠯᠠᠩ ᠳᠤ ᠱᠠᠩᠨᠠᠯ ᠭᠠᠷᠳᠠᠭᠤᠯᠵᠤ ᠪᠠᠶᠢᠭ᠎ᠠ ᠨᠢ

      ᠡᠨᠡ ᠤᠳᠠᠭᠠᠨ ᠤ ᠤᠷᠤᠯᠳᠤᠭᠠᠨ ᠨᠢ ᠡᠯ᠎ᠡ ᠬᠥᠯ ᠪᠥᠮᠪᠦᠭᠡᠨ ᠤ ᠠᠩᠭᠢ ᠶᠢᠨ ᠢᠳᠡᠪᠬᠢᠲᠡᠢ ᠬᠠᠮᠵᠢᠯᠴᠠᠬᠤ᠂

ᠨᠤᠭᠤᠷᠠᠰᠢ ᠦᠭᠡᠢ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ  ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂

ᠪᠠᠰᠠ ᠨᠡᠩ ᠣᠯᠠᠨ ᠰᠤᠷᠤᠭᠴᠢᠳ ᠤᠨ ᠬᠥᠯ ᠪᠥᠮᠪᠦᠭᠡᠨ ᠤ ᠬᠥᠳᠡᠯᠭᠡᠭᠡᠨ ᠢ ᠬᠦᠨᠳᠦᠳᠭᠡᠬᠦ ᠪᠠ ᠣᠷᠣᠯᠴᠠᠬᠤ

ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠰᠤᠷᠭᠠᠭᠤᠯᠢ ᠶᠢᠨ ᠬᠦᠷᠢᠶᠡᠨ ᠤ ᠬᠥᠯ

ᠪᠥᠮᠪᠦᠭᠡᠨ ᠤ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠵᠤ᠂ ᠮᠠᠨ ᠤ ᠣᠷᠣᠨ ᠤ

ᠰᠤᠷᠭᠠᠭᠤᠯᠢ ᠶᠢᠨ ᠬᠦᠷᠢᠶᠡᠨ ᠤ ᠬᠥᠯ  ᠪᠥᠮᠪᠦᠭᠡᠨ ᠤ ᠬᠥᠳᠡᠯᠭᠡᠭᠡᠨ ᠤ ᠤᠷᠤᠯᠳᠤᠭᠠᠨ ᠤ ᠬᠢᠷᠢ ᠲᠦᠪᠰᠢᠨ ᠢ

ᠪᠦᠲᠦᠮᠵᠢᠲᠡᠢ ᠳᠡᠭᠡᠭᠰᠢᠯᠡᠭᠦᠯᠪᠡ᠃ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠵᠢᠭᠠᠵᠤ

ᠰᠤᠷᠭᠠᠬᠤ᠂ ᠰᠢᠷᠭᠠᠭᠤ ᠪᠣᠯᠪᠠᠰᠤᠷᠠᠬᠤ᠂ ᠪᠠᠶᠢᠩᠭᠤ ᠤᠷᠤᠯᠳᠤᠬᠤ︾ ᠤᠷᠤᠯᠳᠤᠭᠠᠨ ᠤ ᠲᠣᠭᠲᠠᠯᠴᠠᠭ᠎ᠠ ᠶᠢ

ᠦᠷᠭᠦᠯᠵᠢᠯᠡᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠮᠦᠨ ᠬᠥᠮᠦᠵᠢᠭᠦᠯᠬᠦ ᠴᠢᠳᠠᠮᠵᠢ ᠶᠢ

ᠭᠦᠢᠴᠡᠳ ᠪᠠᠳᠠᠷᠠᠭᠤᠯᠤᠨ᠂ ᠨᠡᠩ ᠣᠯᠠᠨ ᠰᠤᠷᠤᠭᠴᠢᠳ ᠲᠤ ᠬᠥᠯ ᠪᠥᠮᠪᠦᠭᠡᠨ ᠤ ᠬᠥᠳᠡᠯᠭᠡᠭᠡᠨ ᠤ ᠪᠠᠶᠠᠷ ᠪᠠᠭ᠋ᠠᠳᠤᠯ ᠢ

ᠡᠳ᠋ᠯᠡᠭᠦᠯᠵᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠵᠤ᠂ ᠵᠠᠩ ᠴᠢᠨᠠᠷ ᠢ ᠨᠢ ᠪᠦᠷᠢᠨᠰᠢᠭᠦᠯᠦᠨ᠂ ᠵᠣᠷᠢᠭ ᠰᠠᠨᠠᠭ᠎ᠠ ᠢ 

 ᠨᠢ ᠳᠠᠪᠲᠠᠨ ᠪᠣᠯᠪᠠᠰᠤᠷᠠᠭᠤᠯᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map