︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/13
          ᠥᠪᠥᠷ ᠰᠤᠷᠭᠠᠨ ᠲᠠᠷᠬᠠᠭᠠᠭᠰᠠᠨ ﹇2024﹈ 4 ᠳ᠋ᠦ᠋ᠭᠡᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ  ᠤᠨ ᠲᠣᠪᠴᠢᠶ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠤ᠄      ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ ︽ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠣᠬᠠᠨ ᠤ ᠮᠠᠨ ᠤ ᠣᠷᠣᠨ ᠤ ᠬᠠᠮᠵᠢᠯᠴᠠᠨ ᠬᠥᠮᠦᠨ ᠬᠥᠮᠦᠵᠢᠭᠦᠯᠬᠦ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠵᠤ᠂ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠰᠤᠳᠤᠯᠤᠨ ᠲᠣᠭᠲᠠᠭᠠᠵᠤ᠂ ᠡᠳᠦᠭᠡ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ      ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ      ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ       ᠵᠠᠰᠠᠬᠤ ᠣᠷᠣᠨ ᠤ ᠬᠤᠷᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ       ᠠᠵᠢᠯ ᠤᠨ ᠵᠥᠪᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ       ᠨᠡᠶᠢᠭᠡᠮᠯᠢᠭ                   2024 ᠣᠨ ᠤ 5 ᠰᠠᠷ᠎ᠠ ᠶᠢᠨ 16 ᠤ ᠡᠳᠦᠷ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ      ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠳᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ          ︽ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠥᠵᠢᠯ ᠤᠨ ᠦᠵᠡᠯᠲᠡ ᠶᠢ ᠪᠠᠷᠢᠮᠲᠠᠯᠠᠨ᠂ ᠬᠠᠮᠵᠢᠯᠴᠠᠨ ᠬᠥᠮᠦᠨ ᠬᠥᠮᠦᠵᠢᠭᠦᠯᠬᠦ ᠬᠠᠮᠲᠤ ᠶᠢᠨ ᠲᠠᠨᠢᠯᠲᠠ ᠶᠢ ᠴᠢᠩᠭᠠᠳᠬᠠᠵᠤ᠂ ᠮᠠᠨ ᠤ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ ᠪᠠᠶᠢᠷᠢᠰᠢᠯᠠᠭᠤᠯᠤᠯᠲᠠ ᠶᠢ ᠢᠳᠡᠪᠬᠢᠲᠡᠢ ᠪᠠᠶᠢᠭᠤᠯᠬᠤ ᠶᠢᠨ ᠲᠥᠯᠦᠭᠡ᠂ ᠲᠤᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠬᠥᠮᠦᠨ ᠬᠥᠮᠦᠵᠢᠭᠦᠯᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠳᠠᠬᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠰᠲ᠋ᠧᠮ ᠲᠠᠢ ᠲᠥᠯᠥᠪᠵᠢᠭᠦᠯᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠢᠨ ᠬᠤᠯᠪᠤᠯᠳᠤᠨ ᠬᠥᠳᠡᠯᠦᠯᠴᠡᠬᠦ ᠶᠢ ᠠᠬᠢᠭᠤᠯᠤᠨ᠂ ᠨᠥᠬᠦᠴᠡᠯ ᠤᠨ ᠪᠠᠲᠤᠯᠠᠭ᠎ᠠ ᠶᠢ ᠴᠢᠩᠭᠠᠷᠠᠭᠤᠯᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠳᠦᠷᠢᠮ ᠤᠨ ᠪᠠᠶᠢᠭᠤᠯᠤᠯᠲᠠ᠂ ᠵᠢᠯᠣᠭᠤᠳᠬᠤ ᠦᠢᠯᠡᠴᠢᠯᠡᠭᠡ᠂ ᠨᠥᠬᠦᠴᠡᠯ ᠤᠨ ᠪᠠᠲᠤᠯᠠᠭ᠎ᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠰᠤᠷᠤᠭᠴᠢᠳ ᠤᠨ ᠥᠰᠦᠨ ᠪᠣᠶᠢᠵᠢᠯᠲᠠ ᠶᠢᠨ ᠵᠢᠮ᠎ᠡ ᠶᠣᠰᠣ ᠪᠠ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠡᠵᠡᠮᠳᠡᠨ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠥᠮᠦᠨ ᠬᠥᠮᠦᠵᠢᠭᠦᠯᠬᠦ ᠪᠦᠲᠦᠮᠵᠢᠲᠡᠢ ᠠᠷᠭ᠎ᠠ ᠪᠠᠷᠢᠯ ᠪᠠ ᠠᠷᠭ᠎ᠠ ᠵᠠᠮ ᠢ ᠰᠦᠪᠡᠭᠴᠢᠯᠡᠨ᠂ ᠬᠥᠮᠦᠨ ᠬᠥᠮᠦᠵᠢᠭᠦᠯᠬᠦ ᠬᠠᠮ ᠬᠦᠴᠦᠨ ᠢ ᠦᠨᠡᠨ ᠬᠦ ᠴᠢᠩᠭᠠᠳᠬᠠᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠴᠦᠯᠡᠨ ᠬᠥᠮᠦᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠴᠦᠰ ᠪᠣᠯᠬᠤ ᠳᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠨ ᠤᠳᠤᠷᠢᠳᠬᠤ ᠶᠢ ᠨᠡᠩ ᠬᠦᠴᠦᠲᠡᠢ ᠠᠬᠢᠭᠤᠯᠵᠤ᠂ ᠳᠦᠷᠢᠮ ᠤᠨ ᠳᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ ᠲᠡᠭᠦᠯᠳᠡᠷᠵᠢᠭᠦᠯᠦᠨ᠎ᠡ︔ ᠰᠤᠷᠭᠠᠭᠤᠯᠢ ᠢᠳᠡᠪᠬᠢᠲᠡᠢ ᠭᠤᠣᠯᠯᠠᠨ ᠤᠳᠤᠷᠢᠳᠬᠤ᠂ ᠭᠡᠷ ᠪᠦᠯᠢ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠬᠦ᠂ ᠨᠡᠶᠢᠭᠡᠮ ᠤᠨ ᠬᠢᠨ ᠢᠳᠡᠪᠬᠢᠲᠡᠢ ᠳᠡᠮᠵᠢᠭᠰᠡᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠰᠤᠷᠤᠭᠴᠢᠳ ᠤᠨ ᠪᠦᠬᠦ ᠲᠠᠯ᠎ᠠ  ᠪᠠᠷ ᠬᠥᠭᠵᠢᠵᠦ ᠡᠷᠡᠭᠦᠯ ᠢᠶᠠᠷ ᠥᠰᠦᠨ ᠪᠤᠶᠢᠵᠢᠬᠤ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠨᠡᠩ ᠭᠦᠨ ᠵᠤᠵᠠᠭᠠᠨ ᠪᠣᠯᠭᠠᠨ᠎ᠠ︔ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ ᠨᠡᠩ ᠲᠤᠰᠬᠠᠢ  ᠮᠡᠷᠭᠡᠵᠢᠭᠦᠯᠦᠨ᠎ᠡ︔ ᠭᠡᠷ  ᠤᠨ ᠠᠬᠠᠮᠠᠳ ᠤᠨ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠦᠵᠢᠭᠦᠯᠬᠦ ᠦᠵᠡᠯᠲᠡ ᠶᠢ ᠦᠨᠳᠦᠰᠦᠨ ᠳᠤ ᠪᠠᠨ ᠪᠣᠢ ᠪᠣᠯᠭᠠᠵᠤ᠂ ᠭᠡᠷ ᠤᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠡᠩ ᠪᠣᠳᠠᠲᠠᠶᠢᠵᠢᠭᠤᠯᠤᠨ᠎ᠠ︔ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠥᠷᠲᠡᠭᠡ ᠶᠢ ᠨᠡᠶᠢᠳᠡᠮ ᠪᠠᠶᠢᠭᠤᠯᠵᠤ᠂ ᠨᠡᠶᠢᠭᠡᠮ ᠤᠨ ᠬᠥᠮᠦᠨ ᠬᠥᠮᠦᠵᠢᠭᠦᠯᠬᠦ ᠡᠬᠢ ᠪᠠᠶᠠᠯᠢᠭ ᠤᠨ ᠠᠰᠢᠭᠯᠠᠯᠲᠠ ᠶᠢ ᠨᠡᠩ ᠲᠡᠭᠦᠯᠳᠡᠷᠵᠢᠭᠦᠯᠦᠨ᠎ᠡ᠃ 2035 ᠣᠨ ᠪᠣᠯᠬᠤ ᠳᠤ᠂ ᠪᠠᠶᠢᠷᠢ ᠲᠣᠭᠲᠠᠭᠠᠯᠲᠠ ᠲᠣᠳᠣᠷᠬᠠᠢ᠂ ᠲᠣᠭᠲᠠᠴᠠ ᠪᠦᠷᠢᠨ ᠲᠡᠭᠦᠯᠳᠡᠷ᠂ ᠨᠢᠭᠲᠠ ᠬᠤᠯᠪᠣᠯᠳᠤᠨ ᠬᠥᠳᠡᠯᠦᠯᠴᠡᠬᠦ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ᠎ᠠ᠃      ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠰᠤᠷᠭᠠᠭᠤᠯᠢ ᠶᠢᠨ ᠬᠠᠮᠵᠢᠯᠴᠠᠨ ᠬᠥᠮᠦᠨ ᠬᠥᠮᠦᠵᠢᠭᠦᠯᠬᠦ ᠭᠤᠣᠯᠯᠠᠬᠤ      ᠦᠢᠯᠡᠳᠦᠯ ᠢ ᠪᠠᠳᠠᠷᠠᠭᠤᠯᠤᠨ᠎ᠠ      1. ᠭᠡᠷ ᠪᠦᠯᠢ ᠪᠠ ᠰᠤᠷᠭᠠᠭᠤᠯᠢ ᠶᠢᠨ ᠪᠦᠲᠦᠮᠵᠢᠲᠡᠢ ᠨᠡᠪᠲᠡᠷᠡᠬᠦ ᠲᠣᠭᠲᠠᠴᠠ ᠶᠢ ᠪᠠᠶᠢᠭᠤᠯᠤᠨ᠎ᠠ᠃ ᠰᠤᠷᠭᠠᠭᠤᠯᠢ ᠶᠢᠨ ᠪᠢᠴᠢᠭ ᠵᠢᠭᠠᠵᠤ ᠬᠥᠮᠦᠨ ᠬᠥᠮᠦᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠦᠵᠡᠯ ᠰᠠᠨᠠᠭ᠎ᠠ ᠤᠷᠮ᠎ᠠ ᠰᠡᠳᠬᠢᠯᠭᠡ᠂ ᠰᠤᠷᠤᠯᠭ᠎ᠠ ᠶᠢᠨ ᠪᠠᠶᠢᠳᠠᠯ᠂ ᠦᠢᠯᠡ ᠠᠵᠢᠯᠯᠠᠭᠠᠨ ᠤ ᠢᠯᠡᠷᠡᠯ ᠪᠠ ᠪᠡᠶ᠎ᠡ ᠰᠡᠳᠬᠢᠯ ᠤᠨ ᠬᠥᠭᠵᠢᠯᠲᠡ ᠵᠡᠷᠭᠡ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢᠨ ᠬᠠᠮᠲᠤ ᠳᠠᠷᠤᠢ ᠳᠤ ᠨᠢ ᠭᠡᠷ ᠤᠨ ᠠᠬᠠᠮᠠᠳ ᠲᠤ ᠮᠡᠳᠡᠭᠳᠡᠨ᠎ᠡ᠃ ᠡᠯ᠎ᠡ ᠰᠤᠷᠭᠠᠭᠤᠯᠢ ᠭᠡᠷ ᠪᠦᠯᠢ ᠪᠠ ᠰᠤᠷᠭᠠᠭᠤᠯᠢ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠷ ᠤᠨ ᠠᠬᠠᠮᠠᠳ ᠲᠠᠢ ᠬᠠᠷᠢᠯᠴᠠᠬᠤ ᠳᠡᠪᠲᠡᠷ ᠢ ᠪᠡᠯᠡᠳᠭᠡᠨ᠂ ᠤᠲᠠᠰᠤ᠂ ᠸᠢᠴᠠᠲ᠂ QQ᠂ ᠳ᠋ᠢᠩ ᠳ᠋ᠢᠩ ᠵᠡᠷᠭᠡ ᠴᠠᠭ ᠲᠤᠬᠠᠢ ᠳᠤ ᠨᠢ ᠨᠡᠪᠲᠡᠷᠡᠵᠦ ᠪᠣᠯᠬᠤ ᠴᠢᠮᠡᠭᠡ ᠬᠤᠯᠪᠣᠭᠠᠨ ᠤ ᠪᠠᠭᠠᠵᠢ ᠶᠢ ᠰᠠᠶᠢᠲᠤᠷ ᠬᠡᠷᠡᠭᠯᠡᠨ᠂ ᠭᠡᠷ ᠤᠨ ᠠᠬᠠᠮᠠᠳ  ᠤᠨ ᠬᠤᠷᠠᠯ᠂ ᠭᠡᠷ ᠤᠨ ᠰᠤᠷᠪᠤᠯᠵᠢᠯᠠᠭ᠎ᠠ᠂ ᠭᠡᠷ ᠤᠨ ᠠᠬᠠᠮᠠᠳ ᠤᠨ ᠨᠡᠭᠡᠭᠡᠯᠲᠡᠲᠦ ᠡᠳᠦᠷ᠂ ᠭᠡᠷ ᠤᠨ ᠠᠬᠠᠮᠠᠳ ᠢ ᠬᠦᠯᠢᠶᠡᠨ ᠠᠪᠴᠤ ᠠᠭᠤᠯᠵᠠᠬᠤ ᠡᠳᠦᠷ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠷ ᠪᠦᠯᠢ ᠪᠠ ᠰᠤᠷᠭᠠᠭᠤᠯᠢ ᠪᠠᠶᠢᠩᠭᠤ ᠨᠡᠪᠲᠡᠷᠡᠨ ᠬᠠᠷᠢᠯᠴᠠᠬᠤ ᠶᠢ ᠰᠠᠶᠢᠲᠤᠷ ᠪᠡᠶᠡᠯᠡᠭᠦᠯᠦᠨ᠎ᠡ᠃ ᠰᠤᠷᠭᠠᠭᠤᠯᠢ ᠶᠢᠨ ᠤᠳᠤᠷᠢᠳᠤᠯᠭ᠎ᠠ ᠲᠦᠷᠦᠭᠦᠯᠡᠨ ᠭᠡᠷ ᠤᠨ ᠰᠤᠷᠪᠤᠯᠵᠢᠯᠠᠭ᠎ᠠ ᠥᠷᠨᠢᠭᠦᠯᠵᠦ᠂ ᠠᠩᠭᠢ ᠶᠢᠨ ᠡᠷᠬᠢᠯᠡᠭᠴᠢ ᠵᠢᠯ ᠪᠦᠷᠢ ᠰᠤᠷᠤᠭᠴᠢ ᠨᠢᠭᠡ ᠪᠦᠷᠢ ᠶᠢᠨ ᠭᠡᠷ ᠲᠤ ᠬᠠᠮᠤᠭ ᠤᠨ ᠪᠠᠭ᠎ᠠ ᠳᠤ ᠪᠠᠨ ᠨᠢᠭᠡ ᠤᠳᠠᠭ᠎ᠠ ᠭᠡᠷ ᠤᠨ ᠰᠤᠷᠪᠤᠯᠵᠢᠯᠠᠭ᠎ᠠ ᠬᠢᠵᠦ᠂ ᠭᠡᠷ ᠲᠤ ᠪᠠᠨ ᠦᠯᠡᠳᠡᠭᠰᠡᠨ ᠬᠡᠦᠬᠡᠳ ᠤᠨ ᠭᠡᠷ ᠲᠤ ᠲᠣᠭᠲᠠᠮᠠᠯ ᠬᠤᠭᠤᠴᠠᠭ᠎ᠠ ᠲᠠᠢ ᠭᠡᠷ ᠤᠨ ᠰᠣᠷᠪᠤᠯᠵᠢᠯᠠᠭ᠎ᠠ ᠬᠢᠵᠦ᠂ ᠪᠤᠰᠤᠳ ᠭᠤᠣᠯᠳᠠᠯᠭ᠎ᠠ ᠲᠠᠢ ᠠᠩᠬᠠᠷᠬᠤ ᠴᠢᠬᠤᠯᠠᠲᠠᠢ ᠰᠤᠷᠤᠭᠴᠢ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ ᠭᠡᠷ ᠤᠨ ᠰᠤᠷᠪᠤᠯᠵᠢᠯᠠᠭ᠎ᠠ ᠬᠢᠬᠦ ᠶᠢ ᠨᠡᠮᠡᠭᠳᠡᠭᠦᠯᠦᠨ᠎ᠡ᠃ ᠠᠩᠭᠢ ᠪᠦᠷᠢ ᠰᠤᠷᠤᠯᠭ᠎ᠠ ᠶᠢᠨ ᠵᠢᠯ ᠪᠦᠷᠢ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠬᠠᠮᠤᠭ ᠤᠨ ᠪᠠᠭ᠎ᠠ ᠳᠤ ᠪᠠᠨ 2 ᠤᠳᠠᠭ᠎ᠠ ᠭᠡᠷ ᠤᠨ ᠠᠬᠠᠮᠠᠳ ᠤᠨ ᠬᠤᠷᠠᠯ ᠬᠢᠵᠦ᠂ ᠬᠤᠯᠪᠣᠭᠳᠠᠯ ᠪᠦᠬᠦᠢ ᠬᠢᠴᠢᠶᠡᠯ ᠲᠥᠷᠦᠯ ᠤᠨ ᠪᠠᠭᠰᠢ ᠪᠦᠬᠦ ᠶᠠᠪᠤᠴᠠ ᠳᠤ ᠣᠷᠣᠯᠴᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ           ᠲᠢᠩᠬᠢᠮ︶      2. ᠭᠡᠷ ᠤᠨ ᠬᠥᠮᠦᠵᠢᠯ ᠢ ᠵᠢᠯᠣᠭᠤᠳᠬᠤ ᠳᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠡᠷ ᠤᠨ ᠬᠥᠮᠦᠵᠢᠯ ᠢ ᠵᠢᠯᠣᠭᠤᠳᠬᠤ ᠵᠥᠪᠯᠡᠯ ᠪᠠ ᠭᠡᠷ ᠤᠨ ᠠᠬᠠᠮᠠᠳ ᠤᠨ ᠵᠥᠪᠯᠡᠯ ᠢ ᠪᠠᠶᠢᠭᠤᠯᠤᠨ ᠲᠡᠭᠦᠯᠳᠡᠷᠵᠢᠭᠦᠯᠵᠦ᠂ ᠳᠦᠷᠢᠮ ᠲᠣᠭᠲᠠᠭᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠳᠦᠷᠢᠮ ᠢ ᠲᠡᠭᠦᠯᠳᠡᠷᠵᠢᠭᠦᠯᠦᠨ᠂ ᠠᠵᠢᠯ ᠤᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠡᠷ ᠤᠨ ᠠᠬᠠᠮᠠᠳ ᠤᠨ ᠰᠤᠷᠭᠠᠭᠤᠯᠢ᠂ ᠭᠡᠷ ᠤᠨ ᠠᠬᠠᠮᠠᠳ ᠤᠨ ᠵᠥᠪᠯᠡᠯ᠂ ᠭᠡᠷ ᠤᠨ ᠰᠤᠷᠪᠤᠯᠵᠢᠯᠠᠭ᠎ᠠ ᠶᠢᠨ ᠳᠦᠷᠢᠮ ᠵᠡᠷᠭᠡ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠭᠡᠷ ᠤᠨ ᠠᠬᠠᠮᠠᠳ ᠤᠨ ᠰᠤᠷᠭᠠᠭᠤᠯᠢ ᠶᠢᠨ ᠪᠥᠲᠦᠭᠡᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ᠳᠤ ᠭᠡᠷ ᠤᠨ ᠠᠬᠠᠮᠠᠳ ᠤᠨ ᠰᠤᠷᠭᠠᠭᠤᠯᠢ ᠶᠢᠨ ᠶᠡᠷᠦᠩᠬᠡᠢ ᠰᠤᠷᠭᠠᠭᠤᠯᠢ ᠶᠢ ᠪᠠᠶᠢᠭᠤᠯᠤᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠪᠢᠶᠠᠷᠢ ᠰᠤᠷᠭᠠᠭᠤᠯᠢ ᠶᠢ ᠪᠠᠶᠢᠭᠤᠯᠵᠤ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ᠨᠡᠶᠢᠭᠡᠮ ᠲᠣᠭᠤᠷᠢᠭ ᠤᠨ ᠭᠡᠷ ᠤᠨ ᠠᠬᠠᠮᠠᠳ ᠤᠨ ᠰᠤᠷᠭᠠᠭᠤᠯᠢ ᠯᠤᠭ᠎ᠠ ᠡᠬᠢ ᠪᠠᠶᠠᠯᠢᠭ ᠢ ᠬᠤᠪᠢᠶᠠᠯᠴᠠᠨ ᠡᠳ᠋ᠯᠡᠵᠦ ᠪᠣᠯᠤᠨ᠎ᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠶᠢᠨ ᠬᠢᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠬᠦ ᠶᠢ ᠴᠢᠬᠤᠯᠠ ᠡᠭᠦᠷᠭᠡ ᠬᠠᠷᠢᠭᠤᠴᠠᠯᠭ᠎ᠠ ᠪᠣᠯᠭᠠᠵᠤ᠂ ᠲᠡᠭᠦᠨ ᠢ ᠰᠤᠷᠭᠠᠭᠤᠯᠢ ᠶᠢᠨ ᠠᠵᠢᠯ ᠤᠨ ᠲᠥᠯᠥᠪᠯᠡᠭᠡ ᠳᠤ ᠣᠷᠣᠭᠤᠯᠤᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠭᠤᠯᠭ᠎ᠠ ᠳᠤ ᠣᠷᠣᠭᠤᠯᠵᠤ᠂ ᠪᠠᠭᠰᠢ ᠶᠢ ᠰᠢᠯᠭᠠᠨ ᠦᠨᠡᠯᠡᠬᠦ ᠳᠣᠭᠲᠠᠯᠴᠠᠭᠠᠨ ᠳᠤ  ᠣᠷᠣᠭᠤᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠨᠠᠶᠢᠷᠠᠭᠤᠯᠤᠨ ᠳᠠᠷᠤᠮᠠᠯᠯᠠᠭᠰᠠᠨ ᠭᠡᠷ ᠤᠨ ᠬᠥᠮᠦᠵᠢᠯ ᠢ ᠵᠢᠯᠣᠭᠤᠳᠬᠤ ᠤᠩᠰᠢᠬᠤ ᠪᠢᠴᠢᠭ ᠢ ᠰᠠᠶᠢᠲᠤᠷ ᠬᠡᠷᠡᠭᠯᠡᠵᠦ᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠡᠷ ᠤᠨ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠬᠤ ᠲᠤᠬᠠᠢ ᠵᠢᠯᠣᠭᠤᠳᠬᠤ ᠬᠥᠲᠥᠯᠪᠦᠷᠢ︾ ᠶᠢ ᠨᠠᠶᠢᠳᠠᠪᠤᠷᠢᠵᠢᠭᠤᠯᠤᠨ᠂ ᠵᠢᠯᠣᠭᠤᠳᠬᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠬᠠᠮᠤᠭ ᠤᠨ ᠪᠠᠭ᠎ᠠ ᠳᠤ ᠪᠠᠨ 2 ᠤᠳᠠᠭ᠎ᠠ ᠭᠡᠷ ᠤᠨ ᠬᠥᠮᠦᠵᠢᠯ ᠢ ᠵᠢᠯᠣᠭᠤᠳᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠬᠥᠳᠡᠭᠡ ᠲᠣᠰᠬᠤᠨ ᠤ ᠭᠡᠷ ᠲᠤ ᠪᠠᠨ ᠦᠯᠡᠳᠡᠭᠰᠡᠨ ᠬᠡᠦᠬᠡᠳ ᠵᠡᠷᠭᠡ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠤᠨ ᠬᠥᠮᠦᠵᠢᠯ ᠢ ᠬᠠᠪᠰᠤᠷᠤᠨ ᠲᠡᠳᠬᠦᠬᠦ ᠡᠬᠡ ᠳᠠᠩᠰᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ︶      3. ᠭᠡᠷ ᠤᠨ ᠬᠥᠮᠦᠵᠢᠯ ᠢ ᠵᠢᠯᠣᠭᠤᠳᠬᠤ ᠬᠡᠯᠪᠡᠷᠢ ᠶᠢ ᠪᠠᠶᠠᠯᠢᠭᠵᠢᠭᠤᠯᠤᠨ᠎ᠠ᠃ ᠭᠡᠷ ᠤᠨ ᠬᠥᠮᠦᠵᠢᠯ ᠤᠨ ᠲᠤᠰᠬᠠᠢ ᠮᠡᠷᠭᠡᠵᠢᠯᠲᠡᠨ᠂ ᠰᠤᠷᠭᠠᠭᠤᠯᠢ ᠶᠢᠨ ᠵᠠᠬᠢᠷᠤᠯ᠂ ᠬᠠᠮᠢᠶ᠎ᠠ ᠪᠦᠬᠦᠢ ᠪᠠᠭᠰᠢ᠂ ᠡᠴᠢᠭᠡ ᠡᠬᠡ ᠶᠢ ᠤᠷᠢᠵᠤ ᠯᠧᠺᠲ᠋ᠣᠷ ᠤᠨ ᠪᠦᠯᠬᠦᠮ ᠪᠠᠶᠢᠭᠤᠯᠵᠤ᠂ ᠪᠣᠯᠪᠠᠰᠤᠷᠠᠭᠤᠯᠤᠯ ᠪᠠ ᠲᠠᠶᠢᠯᠤᠮᠵᠢ ᠬᠢᠬᠦ᠂ ᠵᠦᠪᠯᠡᠯᠭᠡ ᠥᠭᠬᠦ ᠦᠢᠯᠡᠴᠢᠯᠡᠭᠡ᠂ ᠲᠤᠷᠰᠢᠯᠭ᠎ᠠ ᠰᠣᠯᠢᠯᠴᠠᠬᠤ᠂ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠵᠡᠷᠭᠡ ᠣᠯᠠᠨ ᠶᠠᠩᠵᠤ ᠬᠡᠯᠪᠡᠷᠢ ᠶᠢᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠪᠠ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠣᠨᠣᠯᠵᠢᠬᠤᠨ᠂ ᠴᠢᠬᠤᠯᠠ ᠶᠡᠭᠡ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠪᠠ ᠭᠡᠷ ᠤᠨ ᠬᠥᠮᠦᠵᠢᠯ ᠤᠨ ᠮᠡᠳᠡᠯᠭᠡ ᠶᠢ ᠤᠬᠠᠭᠤᠯᠵᠤ᠂ ᠭᠡᠷ ᠤᠨ ᠠᠬᠠᠮᠠᠳ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ᠃ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠲᠠᠪᠴᠠᠩ ᠵᠡᠷᠭᠡ ᠮᠡᠳᠡᠭᠡ ᠵᠠᠩᠭᠢ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠮᠡᠳᠡᠭᠡ ᠵᠠᠩᠭᠢ ᠶᠢ ᠤᠬᠠᠭᠤᠯᠵᠤ᠂ ᠭᠡᠷ ᠤᠨ ᠠᠬᠠᠮᠠᠳ ᠢ ᠰᠤᠷᠭᠠᠭᠤᠯᠢ ᠶᠢᠨ ᠰᠤᠷᠭᠠᠨ ᠬᠥᠮᠦᠵᠢᠯ ᠢ ᠰᠠᠨᠠᠭᠠᠴᠢᠯᠠᠭ᠎ᠠ ᠠᠴᠠ ᠪᠠᠨ ᠬᠠᠯᠠᠮᠵᠢᠯᠠᠬᠤ ᠪᠠᠷ ᠬᠥᠲᠦᠯᠦᠨ ᠵᠢᠯᠣᠭᠤᠳᠤᠨ᠎ᠠ᠃ ᠭᠡᠷ ᠤᠨ ᠠᠬᠠᠮᠠᠳ ᠪᠠ ᠰᠤᠷᠤᠭᠴᠢᠳ ᠬᠠᠮᠲᠤ ᠳᠤ ᠪᠠᠨ ᠣᠷᠣᠯᠴᠠᠬᠤ ᠠᠵᠢᠯᠯᠠᠭ᠎ᠠ ᠶᠢ ᠥᠷᠨᠢᠭᠦᠯᠵᠦ᠂ ᠴᠢᠬᠤᠯᠠ ᠶᠡᠭᠡ ᠳᠤᠷᠠᠰᠬᠠᠯ ᠤᠨ ᠡᠳᠦᠷ᠂ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠢᠶᠠᠷ ᠠᠵᠠ ᠲᠣᠬᠢᠶᠠᠯ ᠪᠣᠯᠭᠠᠨ᠂ ᠪᠠᠶᠠᠯᠢᠭ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠡᠴᠢᠭᠡ ᠡᠬᠡ ᠬᠡᠦᠬᠡᠳ ᠤᠨ ᠨᠡᠪᠲᠡᠷᠡᠯᠴᠡᠭᠡ ᠪᠠ ᠰᠣᠯᠢᠯᠴᠠᠭ᠎ᠠ ᠶᠢ ᠴᠢᠩᠭᠠᠳᠬᠠᠵᠤ᠂ ᠭᠡᠷ ᠤᠨ ᠠᠬᠠᠮᠠᠳ ᠪᠠ ᠰᠤᠷᠭᠠᠭᠤᠯᠢ ᠬᠠᠮᠲᠤ ᠳᠤ ᠪᠠᠨ ᠪᠤᠶᠢᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ           ᠪᠣᠯᠭᠠᠨ᠎ᠠ᠃ ᠭᠡᠷ ᠤᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠦᠷᠭᠦᠯᠵᠢᠯᠡᠨ ᠥᠷᠨᠢᠭᠦᠯᠵᠦ᠂ ︽ᠭᠡᠷ ᠲᠤ ᠪᠠᠨ ᠢᠯᠡᠭᠡᠭᠰᠡᠨ ᠵᠠᠬᠢᠳᠠᠯ︾ ᠤᠨ ᠤᠩᠰᠢᠯᠭ᠎ᠠ ᠶᠢᠨ ᠤᠷᠤᠯᠳᠤᠭᠠᠨ ᠪᠠ ᠰᠦᠯᠵᠢᠶᠡᠨ ᠳᠤ ︽ᠮᠢᠨᠦ ᠭᠡᠷ ᠤᠨ ᠰᠤᠷᠲᠠᠯ ᠤᠨ ᠦᠯᠢᠭᠡᠷ︾ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ︶      4. ᠨᠡᠶᠢᠭᠡᠮ ᠤᠨ ᠡᠬᠢ ᠪᠠᠶᠠᠯᠢᠭ ᠤᠨ ᠬᠥᠮᠦᠨ ᠬᠥᠮᠦᠵᠢᠭᠦᠯᠬᠦ ᠦᠢᠯᠡᠳᠦᠯ ᠢ ᠪᠠᠳᠠᠷᠠᠭᠤᠯᠤᠨ᠎ᠠ᠃ ᠡᠯ᠎ᠡ ᠭᠠᠵᠠᠷ ᠤᠨ ᠡᠯ᠎ᠡ ᠰᠤᠷᠭᠠᠭᠤᠯᠢ ᠳᠣᠲᠣᠭᠠᠳᠤ ᠶᠢ ᠬᠠᠮᠠᠭᠠᠯᠠᠬᠤ᠂ ᠰᠣᠶᠣᠯ ᠪᠠ ᠵᠢᠭᠤᠯᠴᠢᠯᠠᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠡᠬᠢ ᠪᠠᠶᠠᠯᠢᠭ ᠢ ᠬᠠᠩᠭᠠᠵᠤ᠂ ᠲᠤᠰ ᠭᠠᠵᠠᠷ ᠣᠷᠣᠨ ᠤ ᠬᠠᠷᠢᠴᠠᠩᠭᠤᠢ ᠲᠣᠭᠲᠠᠭᠤᠨ ᠨᠡᠶᠢᠭᠡᠮ ᠤᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠ ᠡᠬᠢ ᠪᠠᠶᠠᠯᠢᠭ ᠤᠨ ᠭᠠᠷᠴᠠᠭ ᠤᠨ ᠨᠠᠷᠢᠨ ᠳᠠᠩᠰᠠ ᠶᠢ ᠪᠠᠶᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ ᠬᠥᠮᠦᠵᠢᠯ ᠤᠨ ᠪᠠᠭᠤᠴᠠ ︵ᠰᠠᠭᠤᠷᠢᠨ ᠭᠠᠵᠠᠷ︶ ᠶᠢᠨ ᠦᠢᠯᠡᠳᠦᠯ ᠢ ᠪᠠᠳᠠᠷᠠᠭᠤᠯᠤᠨ᠂ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠴᠢᠩᠭᠠᠳᠬᠠᠵᠤ᠂ ᠨᠡᠶᠢᠭᠡᠮ ᠤᠨ ᠦᠢᠯᠡᠳᠦᠯᠭᠡ ᠶᠢᠨ ᠬᠢᠴᠢᠶᠡᠯ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠪᠠ ᠪᠠᠭᠠᠴᠤᠳ ᠤᠨ ᠬᠤᠰᠢᠭᠤᠴᠢ ᠠᠩᠭᠢ ᠶᠢᠨ ᠠᠵᠢᠯᠯᠠᠭ᠎ᠠ᠂ ᠬᠥᠳᠡᠯᠮᠦᠷᠢ ᠶᠢᠨ ᠬᠥᠮᠦᠵᠢᠯ᠂ ᠰᠠᠶᠢᠨ ᠳᠤᠷ᠎ᠠ ᠶᠢᠨ ᠦᠢᠯᠡᠴᠢᠯᠡᠭᠡ᠂ ᠬᠠᠤᠯᠢ ᠪᠠᠷ ᠵᠠᠰᠠᠬᠤ ᠬᠥᠮᠦᠵᠢᠯ᠂ ᠠᠮᠤᠷ ᠲᠦᠪᠰᠢᠨ ᠤ ᠬᠥᠮᠦᠵᠢᠯ ᠪᠠ ᠰᠤᠳᠤᠯᠤᠨ ᠰᠤᠷᠤᠯᠴᠠᠬᠤ ᠠᠵᠢᠯᠯᠠᠭ᠎ᠠ ᠵᠡᠷᠭᠡ ᠦᠵᠡᠭᠳᠡᠯᠲᠦ ᠬᠡᠯᠪᠡᠷᠢ ᠶᠢᠨ᠂ ᠪᠡᠶᠡᠴᠢᠯᠡᠨ ᠣᠶᠢᠯᠠᠭᠠᠬᠤ ᠬᠡᠯᠪᠡᠷᠢ ᠶᠢᠨ ᠰᠤᠷᠭᠠᠨ ᠬᠥᠮᠦᠵᠢᠯ  ᠤᠨ ᠦᠢᠯᠡᠳᠦᠯᠭᠡ ᠶᠢᠨ ᠠᠵᠢᠯᠯᠠᠭ᠎ᠠ ᠶᠢ ᠬᠠᠨᠳᠤᠯᠭᠠᠲᠠᠢ ᠪᠠᠶᠢᠩᠭᠤᠵᠢᠭᠤᠯᠤᠨ ᠥᠷᠨᠢᠭᠦᠯᠦᠨ᠎ᠡ᠃ ︽ᠲᠠᠪᠤᠨ ᠠᠬᠠᠮᠠᠳ︾᠂ ᠬᠥᠳᠡᠯᠮᠦᠷᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ᠂ ᠴᠠᠭ ᠦᠶ᠎ᠡ ᠶᠢᠨ ᠦᠯᠢᠭᠡᠷ ᠳᠠᠭᠤᠷᠢᠶᠠᠯ᠂ ᠡᠯ᠎ᠡ ᠲᠥᠷᠥᠯ ᠤᠨ ᠣᠶᠤᠨ ᠤ ᠪᠣᠯᠪᠠᠰᠤᠨ ᠤ ᠲᠡᠷᠢᠭᠦᠨ ᠤ ᠲᠥᠯᠥᠭᠡᠯᠡᠭᠴᠢ᠂ ᠮᠣᠷᠠᠯ ᠤᠷᠠᠯᠢᠭ ᠬᠤᠣᠰᠯᠠᠭᠰᠠᠨ ᠤᠷᠠᠯᠢᠭᠴᠢᠳ ᠢ ᠢᠳᠡᠪᠬᠢᠲᠡᠢ ᠤᠷᠢᠵᠤ ᠰᠤᠷᠭᠠᠭᠤᠯᠢ ᠳᠤ ᠤᠬᠠᠭᠤᠯᠤᠨ ᠲᠠᠶᠢᠯᠪᠤᠷᠢᠯᠠᠬᠤ ᠬᠥᠮᠦᠵᠢᠯ ᠤᠨ ᠠᠵᠢᠯᠯᠠᠭ᠎ᠠ ᠥᠷᠨᠢᠭᠦᠯᠦᠨ᠎ᠡ᠃ ᠡᠯ᠎ᠡ ᠲᠠᠯ᠎ᠠ ᠶᠢᠨ ᠨᠡᠶᠢᠭᠡᠮ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ︽ᠤᠷᠢᠨ ᠠᠪᠴᠢᠷᠠᠬᠤ︾ ᠪᠠ ︽ᠭᠠᠳᠠᠭᠰᠢ ᠭᠠᠷᠬᠤ︾ ᠶᠢ ᠤᠶᠠᠯᠳᠤᠭᠤᠯᠬᠤ ᠶᠢ ᠪᠠᠷᠢᠮᠲᠠᠯᠠᠨ᠂ ᠰᠤᠷᠭᠠᠭᠤᠯᠢ ᠶᠢᠨ ᠬᠢᠴᠢᠶᠡᠯ ᠪᠠ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶       ︵ᠬᠤᠶᠠᠷ︶ ᠭᠡᠷ ᠤᠨ ᠠᠬᠠᠮᠠᠳ ᠭᠡᠷ ᠤᠨ ᠬᠥᠮᠦᠵᠢᠯ ᠤᠨ ᠭᠤᠣᠯ ᠴᠣᠭᠴᠠ ᠶᠢᠨ       ᠬᠠᠷᠢᠭᠤᠴᠠᠯᠭ᠎ᠠ ᠪᠠᠨ ᠭᠦᠢᠴᠡᠳᠭᠡᠨ᠎ᠡ      5. ᠭᠡᠷ ᠤᠨ ᠠᠬᠠᠮᠠᠳ ᠭᠡᠷ ᠤᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠭᠡᠷ ᠤᠨ ᠠᠬᠠᠮᠠᠳ ᠭᠡᠷ ᠪᠦᠯᠢ ᠪᠣᠯ ᠠᠩᠬᠠᠨ ᠤ ᠬᠢᠴᠢᠶᠡᠯ ᠤᠨ ᠲᠠᠩᠬᠢᠮ᠂ ᠭᠡᠷ ᠤᠨ ᠠᠬᠠᠮᠠᠳ ᠪᠣᠯ ᠠᠩᠬᠠᠨ ᠤ ᠪᠠᠭᠰᠢ ᠭᠡᠬᠦ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠠᠪᠤ ᠡᠵᠢ ᠪᠤᠶᠤ ᠪᠤᠰᠤᠳ ᠬᠢᠨᠠᠨ ᠬᠠᠮᠠᠭᠠᠯᠠᠭᠴᠢ ᠪᠡᠶ᠎ᠡ ᠪᠠᠷ ᠢᠶᠠᠨ ᠬᠡᠪ ᠳᠦᠷᠢᠮ ᠦᠵᠡᠭᠦᠯᠦᠨ᠂ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠬᠥᠮᠥᠵᠢᠭᠦᠯᠬᠦ ᠶᠢ ᠴᠢᠬᠤᠯᠠᠴᠢᠯᠠᠵᠤ᠂ ᠭᠡᠷ ᠤᠨ ᠰᠤᠷᠲᠠᠯ ᠢ ᠰᠠᠶᠢᠲᠤᠷ ᠪᠣᠢ ᠪᠣᠯᠭᠠᠵᠤ᠂ ᠭᠡᠷ ᠤᠨ ᠰᠤᠷᠭᠠᠯ ᠢ ᠰᠠᠶᠢᠲᠤᠷ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠭᠡᠷ ᠪᠦᠯᠢ ᠶᠢᠨ ᠰᠠᠶᠢᠬᠠᠨ ᠰᠤᠷᠲᠠᠯ ᠢ ᠪᠠᠳᠠᠷᠠᠭᠤᠯᠤᠨ᠂ ᠬᠡᠦᠬᠡᠳ ᠤᠨ ᠡᠷᠡᠭᠦᠯ ᠢᠶᠠᠷ ᠥᠰᠦᠨ ᠪᠤᠶᠢᠵᠢᠬᠤ ᠳᠤ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠢ ᠡᠭᠦᠳᠴᠦ᠂ ᠭᠡᠷ ᠤᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠨ᠎ᠡ᠃ ᠬᠡᠦᠬᠡᠳ ᠲᠠᠢ ᠪᠠᠨ ᠢᠯᠡᠭᠦᠬᠡᠨ ᠨᠡᠪᠲᠡᠷᠡᠯᠴᠡᠵᠦ᠂ ᠬᠡᠦᠬᠡᠳ ᠤᠨ ᠤᠷᠮ᠎ᠠ ᠰᠡᠳᠬᠢᠯᠭᠡ ᠶᠢᠨ ᠬᠤᠪᠢᠷᠠᠯᠲᠠ ᠪᠠ ᠰᠡᠳᠬᠢᠴᠡ ᠶᠢᠨ ᠡᠷᠡᠭᠦᠯ ᠮᠡᠨᠳᠦ ᠶᠢ ᠦᠷᠭᠦᠯᠵᠢ ᠠᠩᠬᠠᠷᠴᠤ᠂ ᠠᠷᠭ᠎ᠠ ᠬᠡᠮᠵᠢᠶ᠎ᠡ ᠠᠪᠴᠤ ᠪᠦᠲᠦᠮᠵᠢᠲᠡᠢ ᠵᠢᠯᠣᠭᠤᠳᠤᠨ᠂ ᠬᠡᠦᠬᠡᠳ ᠢᠶᠠᠨ ᠨᠤᠭᠤᠷᠠᠯ ᠪᠦᠳᠦᠷᠢᠯ ᠳᠤ ᠤᠴᠠᠷᠠᠬᠤ ᠦᠶ᠎ᠡ ᠰᠡᠳᠬᠢᠯ ᠰᠢᠨᠲᠠᠷᠠᠬᠤ ᠦᠭᠡᠢ᠂ ᠵᠣᠷᠢᠭ ᠮᠣᠬᠤᠬᠤ ᠦᠭᠡᠢ ᠪᠠᠶᠢᠬᠤ ᠶᠢ ᠵᠣᠷᠢᠭᠵᠢᠭᠤᠯᠵᠤ᠂ ᠬᠡᠦᠬᠡᠳ ᠢᠶᠠᠨ ᠰᠢᠷᠭᠠᠭᠤ ᠰᠤᠷᠤᠯᠴᠠᠵᠤ᠂ ᠢᠲᠡᠭᠡᠯ ᠲᠡᠭᠦᠯᠳᠡᠷ ᠥᠭᠡᠳᠡᠷᠬᠡᠭ ᠪᠠᠶᠢᠬᠤ ᠪᠠᠷ ᠬᠥᠲᠥᠯᠥᠨ ᠵᠢᠯᠣᠭᠤᠳᠤᠨ᠎ᠠ᠃ ᠬᠡᠦᠬᠡᠳ ᠲᠤ ᠪᠠᠨ ᠬᠡᠷᠡᠭ ᠭᠠᠷᠪᠠᠯ ᠳᠠᠷᠤᠢ ᠳᠤ ᠨᠢ ᠭᠡᠷ ᠤᠨ ᠠᠬᠠᠮᠠᠳ ᠲᠤ ᠪᠠᠨ ᠬᠡᠯᠡᠵᠦ᠂ ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠡᠷᠢᠬᠦ ᠬᠡᠷᠡᠭᠲᠡᠢ ᠭᠡᠵᠦ ᠰᠠᠨᠠᠭᠤᠯᠤᠨ᠎ᠠ᠃ ᠭᠡᠷ ᠲᠤ ᠪᠠᠨ ᠦᠯᠡᠳᠡᠭᠰᠡᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠴᠢᠩᠭᠠᠳᠬᠠᠨ᠂ ᠭᠡᠷ ᠲᠤ ᠪᠠᠨ ᠦᠯᠡᠳᠡᠭᠰᠡᠨ ᠬᠡᠦᠬᠡᠳ ᠤᠨ ᠭᠡᠷ ᠪᠦᠯᠢ ᠶᠢᠨ ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠵᠤ᠂ ᠭᠡᠷ ᠲᠤ ᠪᠠᠨ ᠦᠯᠡᠳᠡᠭᠰᠡᠨ ᠬᠡᠦᠬᠡᠳ ᠤᠨ ᠭᠡᠷ ᠤᠨ ᠠᠬᠠᠮᠠᠳ ᠢ ᠦᠷ᠎ᠡ ᠬᠡᠦᠬᠡᠳ ᠲᠠᠢ ᠪᠠᠨ ᠰᠠᠶᠢᠲᠤᠷ ᠬᠠᠷᠢᠯᠴᠠᠵᠤ ᠨᠡᠪᠲᠡᠷᠡᠬᠦ ᠪᠠᠷ           ᠱᠠᠭᠠᠷᠳᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ︶      6. ᠰᠢᠨᠵᠢᠯᠡᠬᠦ ᠤᠬᠠᠭᠠᠨᠴᠢ ᠭᠡᠷ ᠤᠨ ᠬᠥᠮᠦᠵᠢᠯ ᠤᠨ ᠦᠵᠡᠯᠲᠡ ᠶᠢ ᠪᠤᠢ ᠪᠣᠯᠭᠠᠨ᠎ᠠ᠃ ᠭᠡᠷ ᠤᠨ ᠠᠬᠠᠮᠠᠳ ᠬᠡᠦᠬᠡᠳ ᠤᠨ ᠥᠰᠦᠨ ᠪᠤᠶᠢᠵᠢᠬᠤ ᠵᠢᠮ᠎ᠡ ᠶᠣᠰᠣ ᠶᠢ ᠵᠥᠪ ᠢᠶᠠᠷ ᠲᠠᠨᠢᠵᠤ᠂ ᠬᠡᠦᠬᠡᠳ ᠤᠨ ᠪᠣᠳᠠᠭᠠᠯᠢ ᠪᠡᠶ᠎ᠡ ᠶᠢᠨ ᠵᠥᠷᠢᠶ᠎ᠡ ᠪᠠ ᠲᠥᠷᠥᠯᠬᠢ ᠴᠢᠨᠠᠷ ᠢ ᠬᠦᠨᠳᠦᠳᠬᠡᠨ᠂ ᠬᠡᠦᠬᠡᠳ ᠤᠨ ᠰᠡᠳᠬᠢᠨ ᠪᠣᠳᠣᠬᠤ ᠴᠢᠳᠠᠪᠤᠷᠢ᠂ ᠪᠦᠲᠦᠭᠡᠯᠴᠢ ᠴᠢᠳᠠᠪᠤᠷᠢ ᠶᠢ ᠬᠠᠮᠠᠭᠠᠯᠠᠵᠤ᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ᠂ ᠰᠠᠶᠢᠨ ᠰᠠᠶᠢᠬᠠᠨ ᠵᠠᠩ ᠰᠤᠷᠲᠠᠯ᠂ ᠰᠠᠶᠢᠨ ᠰᠠᠶᠢᠬᠠᠨ ᠳᠠᠳᠬᠠᠯ ᠢ ᠬᠥᠮᠦᠵᠢᠭᠦᠯᠬᠦ ᠶᠢ ᠭᠡᠷ ᠤᠨ ᠬᠥᠮᠦᠵᠢᠯ ᠤᠨ ᠲᠡᠷᠢᠭᠦᠨ ᠴᠢᠬᠤᠯᠠ ᠬᠠᠷᠠᠯᠲᠠ ᠪᠣᠯᠭᠠᠨ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠩᠬᠠᠷᠤᠨ᠂ ᠬᠡᠦᠬᠡᠳ ᠤᠨ ᠬᠦᠰᠡᠯ  ᠢ ᠣᠶᠤᠨᠴᠢ ᠪᠠᠷ ᠪᠠᠶᠢᠷᠢᠯᠠᠭᠤᠯᠵᠤ᠂ ᠬᠡᠦᠬᠡᠳ ᠠᠪᠢᠶᠠᠰ ᠴᠢᠳᠠᠪᠤᠷᠢ ᠪᠠᠨ ᠭᠦᠢᠴᠡᠳ ᠪᠠᠳᠠᠷᠠᠭᠤᠯᠬᠤ  ᠶᠢ ᠵᠣᠷᠢᠭᠵᠢᠭᠤᠯᠤᠨ᠎ᠠ᠃ ᠭᠡᠷ ᠤᠨ ᠬᠥᠮᠦᠵᠢᠯ ᠤᠨ ᠠᠷᠭ᠎ᠠ ᠶᠢ ᠵᠥᠪ ᠡᠵᠡᠮᠰᠢᠵᠦ᠂ ᠭᠡᠷ  ᠤᠨ ᠠᠬᠠᠮᠠᠳ ᠦᠷ᠎ᠡ ᠬᠡᠦᠬᠡᠳ ᠲᠤ ᠪᠠᠨ ᠢᠯᠡᠭᠦᠬᠡᠨ ᠬᠠᠨᠢ ᠪᠣᠯᠵᠤ ᠢᠯᠡᠭᠦᠬᠡᠨ ᠬᠠᠯᠠᠮᠵᠢᠯᠠᠬᠤ  ᠶᠢ ᠴᠢᠬᠤᠯᠠᠴᠢᠯᠠᠨ᠂ ᠡᠴᠢᠭᠡ ᠡᠬᠡ ᠦᠷ᠎ᠡ ᠬᠡᠦᠬᠡᠳ ᠢᠳᠡᠪᠬᠢᠲᠡᠢ ᠦᠢᠯᠡᠳᠦᠯᠴᠡᠬᠦ ᠶᠢ ᠴᠢᠬᠤᠯᠠᠴᠢᠯᠠᠵᠤ᠂ ᠶᠣᠰᠣ ᠰᠤᠷᠲᠠᠬᠤᠨ ᠤ ᠠᠶᠠᠨᠳᠠᠭᠠᠨ ᠰᠡᠩᠭᠬᠡᠷᠡᠭᠦᠯᠬᠦ ᠦᠢᠯᠡᠳᠦᠯ ᠢ ᠪᠠᠳᠠᠷᠠᠭᠤᠯᠤᠨ᠎ᠠ︔ ᠢᠯᠡᠭᠦᠬᠡᠨ ᠬᠥᠲᠥᠯᠥᠨ ᠵᠢᠯᠣᠭᠤᠳᠴᠤ ᠢᠯᠡᠭᠦᠬᠡᠨ ᠵᠣᠷᠢᠭᠵᠢᠭᠤᠯᠵᠤ᠂ ᠬᠡᠪ ᠴᠢᠨᠠᠷ ᠢ ᠪᠤᠶᠢᠵᠢᠭᠤᠯᠬᠤ ᠪᠠ ᠰᠠᠶᠢᠨ ᠰᠠᠶᠢᠬᠠᠨ ᠳᠠᠳᠬᠠᠯ ᠢ ᠪᠣᠢ ᠪᠣᠯᠭᠠᠬᠤ ᠶᠢ ᠴᠢᠬᠤᠯᠠᠴᠢᠯᠠᠨ᠎ᠠ︔ ᠢᠯᠡᠭᠦᠬᠡᠨ ᠬᠦᠨᠳᠦᠳᠬᠡᠵᠦ᠂ ᠡᠷᠬᠡ ᠲᠡᠭᠰᠢ ᠪᠠᠷ ᠤᠯᠤᠯᠴᠠᠬᠤ ᠶᠢ ᠴᠢᠩᠭᠠᠳᠬᠠᠵᠤ᠂ ᠬᠥᠮᠥᠵᠢᠭᠦᠯᠬᠦ ᠠᠷᠭ᠎ᠠ ᠬᠡᠯᠪᠡᠷᠢ ᠶᠢ ᠡᠷᠬᠢᠮᠯᠡᠨ᠎ᠡ︔ ᠢᠯᠡᠭᠦᠬᠡᠨ ᠰᠠᠨᠠᠭᠤᠯᠵᠤ ᠢᠯᠡᠭᠦᠬᠡᠨ ᠬᠠᠪᠰᠤᠷᠴᠤ᠂ ᠮᠠᠭᠤ ᠦᠢᠯᠡ ᠠᠵᠢᠯᠯᠠᠭ᠎ᠠ ᠶᠢ ᠴᠠᠭ ᠲᠤᠬᠠᠢ ᠳᠤ ᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠬᠤ ᠪᠠ ᠵᠢᠭᠠᠨ ᠰᠤᠷᠭᠠᠵᠤ᠂ ᠬᠡᠦᠬᠡᠳ ᠤᠨ ᠨᠡᠩ ᠰᠠᠶᠢᠨ ᠪᠡᠶ᠎ᠡ ᠪᠠᠨ ᠳᠠᠭᠠᠭᠠᠵᠤ ᠥᠰᠦᠨ ᠪᠤᠶᠢᠵᠢᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ︶      7. ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠎ᠠ᠃ ᠭᠡᠷ ᠤᠨ ᠠᠬᠠᠮᠠᠳ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠭᠡᠷ ᠤᠨ ᠬᠥᠮᠦᠵᠢᠯ ᠤᠨ ᠵᠢᠯᠣᠭᠤᠳᠣᠯᠭ᠎ᠠ ᠵᠢᠴᠢ ᠭᠡᠷ ᠤᠨ ᠠᠬᠠᠮᠠᠳ ᠪᠣᠯᠤᠨ ᠰᠤᠷᠭᠠᠭᠤᠯᠢ ᠦᠢᠯᠡᠳᠦᠯᠴᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠡᠦᠬᠡᠳ ᠤᠨ ᠥᠰᠦᠨ           ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢ ᠠᠩᠬᠠᠷᠤᠨ᠂ ᠬᠡᠦᠬᠡᠳ ᠢ ᠢᠳᠡᠪᠬᠢᠲᠡᠢ ᠰᠤᠷᠭᠠᠨ ᠬᠥᠮᠥᠵᠢᠭᠦᠯᠵᠦ᠂            ᠭᠡᠷ ᠤᠨ ᠬᠥᠮᠦᠵᠢᠯ ᠤᠨ ᠮᠡᠳᠡᠯᠭᠡ ᠪᠣᠯᠤᠨ ᠠᠷᠭ᠎ᠠ ᠶᠢ ᠤᠬᠠᠮᠰᠠᠷ ᠠᠴᠠ ᠪᠠᠨ ᠰᠤᠷᠤᠯᠴᠠᠨ᠂ ᠰᠤᠷᠭᠠᠭᠤᠯᠢ ᠪᠣᠯᠤᠨ           ᠪᠠᠭᠰᠢ ᠶᠢᠨ ᠰᠤᠷᠤᠭᠴᠢᠳ ᠲᠤ ᠬᠠᠨᠳᠤᠭᠤᠯᠤᠭᠰᠠᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠡᠷᠬᠡ ᠪᠠᠨ           ᠵᠥᠪ ᠬᠡᠷᠡᠭᠵᠢᠭᠦᠯᠬᠦ ᠶᠢ ᠳᠠᠮᠵᠢᠵᠤ᠂ ᠰᠤᠷᠭᠠᠭᠤᠯᠢ ᠲᠠᠢ ᠬᠠᠮᠲᠤᠷᠠᠨ ᠰᠤᠷᠭᠠᠨ ᠬᠥᠮᠦᠵᠢᠯ ᠤᠨ ᠬᠠᠮ ᠬᠦᠴᠦᠨ          ᠢ ᠪᠣᠢ ᠪᠣᠯᠭᠠᠨ᠂ ᠰᠤᠷᠭᠠᠭᠤᠯᠢ ᠲᠠᠢ ᠬᠠᠮᠲᠤᠷᠠᠨ ᠬᠡᠦᠬᠡᠳ ᠤᠨ ᠠᠮᠤᠷ ᠲᠦᠪᠰᠢᠨ  ᠤ ᠬᠥᠮᠦᠵᠢᠯ ᠢ           ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠯᠤᠭ᠎ᠠ ᠨᠢᠭᠲᠠ ᠨᠡᠪᠲᠡᠷᠡᠬᠦ ᠶᠢ ᠪᠠᠲᠤᠯᠠᠵᠤ᠂ ᠬᠡᠦᠬᠡᠳ ᠤᠨ ᠰᠤᠷᠭᠠᠭᠤᠯᠢ ᠳᠠᠬᠢ ᠢᠯᠡᠷᠡᠯ ᠪᠣᠯᠤᠨ ᠰᠤᠷᠤᠯᠭ᠎ᠠ ᠶᠢᠨ ᠪᠠᠶᠢᠳᠠᠯ ᠢ ᠣᠶᠢᠯᠠᠭᠠᠨ᠂ ᠰᠤᠷᠭᠠᠭᠤᠯᠢ ᠲᠠᠢ ᠴᠠᠭ ᠲᠤᠬᠠᠢ ᠳᠤ ᠨᠢ ᠬᠡᠦᠬᠡᠳ ᠤᠨ ᠭᠡᠷ ᠲᠤ ᠪᠠᠨ ᠪᠠᠶᠢᠬᠤ ᠦᠶ᠎ᠡ ᠶᠢᠨ ᠦᠵᠡᠯ ᠪᠣᠳᠤᠯ ᠰᠡᠳᠬᠢᠯᠭᠡ᠂ ᠪᠡᠶ᠎ᠡ ᠰᠡᠳᠬᠢᠯ ᠤᠨ ᠪᠠᠶᠢᠳᠠᠯ ᠪᠣᠯᠤᠨ ᠡᠳᠦᠷ ᠲᠤᠲᠤᠮ ᠤᠨ ᠢᠯᠡᠷᠡᠯ ᠤᠨ ᠲᠤᠬᠠᠢ ᠨᠡᠪᠲᠡᠷᠡᠯᠴᠡᠨ᠎ᠡ᠃ ᠬᠡᠦᠬᠡᠳ ᠢ ᠬᠥᠲᠥᠯᠥᠨ ᠵᠢᠯᠣᠭᠤᠳᠴᠤ ᠬᠢᠴᠢᠶᠡᠯ ᠰᠤᠷᠤᠯᠭ᠎ᠠ ᠪᠠ ᠳᠠᠰᠬᠠᠯ  ᠢ ᠴᠠᠭ ᠲᠤᠬᠠᠢ ᠳᠤ ᠨᠢ ᠪᠡᠶᠡᠯᠡᠭᠦᠯᠵᠦ᠂ ᠬᠢᠵᠦ ᠳᠡᠶᠢᠯᠬᠦ ᠭᠡᠷ ᠤᠨ ᠠᠵᠢᠯ ᠢ ᠬᠢᠯᠭᠡᠨ᠂ ᠬᠡᠦᠬᠡᠳ ᠢ ᠬᠥᠲᠥᠯᠥᠨ ᠵᠢᠯᠣᠭᠤᠳᠴᠤ ᠡᠯᠧᠺᠲᠷᠣᠨ ᠦᠢᠯᠡᠳᠬᠦᠨ ᠢ ᠵᠦᠢ ᠵᠣᠬᠢᠰᠲᠠᠢ ᠬᠡᠷᠡᠭᠯᠡᠭᠦᠯᠵᠦ᠂ ᠡᠷᠡᠭᠦᠯ ᠮᠡᠨᠳᠦ ᠰᠦᠯᠵᠢᠶᠡᠨ ᠳᠤ ᠭᠠᠷᠭᠠᠨ᠂ ᠰᠦᠯᠵᠢᠶᠡᠨ ᠳᠤ ᠰᠢᠨᠤᠭᠤᠯᠬᠤ ᠦᠭᠡᠢ᠂ ᠬᠡᠷᠡᠭᠯᠡᠬᠦ ᠴᠠᠭ ᠤᠨ ᠣᠷᠳᠣ ᠶᠢ ᠡᠵᠡᠮᠳᠡᠨ᠂ ᠬᠠᠷᠠᠭᠠᠨ ᠤ ᠡᠷᠡᠭᠦᠯ ᠮᠡᠨᠳᠦ ᠶᠢ ᠨᠢ ᠬᠠᠮᠠᠭᠠᠯᠠᠨ᠎ᠠ᠃ ᠬᠡᠦᠬᠡᠳ ᠢᠶᠠᠨ ᠲᠣᠬᠢᠷᠠᠮᠵᠢᠲᠠᠢ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠣᠯᠴᠠᠬᠤ ᠪᠠᠷ ᠵᠢᠯᠣᠭᠤᠳᠴᠤ᠂ ᠬᠢᠴᠢᠶᠡᠯ ᠤᠨ ᠭᠠᠳᠠᠭᠤᠷᠬᠢ ᠤᠩᠰᠢᠯᠭ᠎ᠠ᠂ ᠤᠷᠠᠯᠢᠭ ᠤᠨ ᠠᠵᠢᠯᠯᠠᠭ᠎ᠠ ᠶᠢ ᠥᠷᠨᠢᠭᠦᠯᠦᠨ᠂ ᠬᠡᠦᠬᠡᠳ ᠤᠨ ᠰᠢᠮ᠎ᠡ ᠲᠡᠵᠢᠭᠡᠯ ᠲᠡᠩᠴᠡᠭᠦᠷᠢᠲᠡᠢ ᠪᠠᠶᠢᠬᠤ ᠶᠢ ᠪᠠᠲᠤᠯᠠᠵᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ ᠶᠢ ᠨᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ︶      8. ᠬᠡᠦᠬᠡᠳ ᠢᠶᠠᠨ ᠳᠠᠭᠠᠭᠤᠯᠤᠨ ᠨᠡᠶᠢᠭᠡᠮ ᠤᠨ ᠬᠢᠴᠢᠶᠡᠯ ᠢ ᠪᠡᠶᠡᠴᠢᠯᠡᠨ ᠣᠶᠢᠯᠠᠭᠠᠭᠤᠯᠤᠨ᠎ᠠ᠃ ᠨᠡᠶᠢᠭᠡᠮ ᠤᠨ ᠦᠢᠯᠡᠳᠦᠯᠭᠡ ᠶᠢᠨ ᠲᠤᠮᠤ ᠬᠢᠴᠢᠶᠡᠯ ᠤᠨ  ᠬᠡᠦᠬᠡᠳ ᠲᠤ ᠦᠵᠡᠭᠦᠯᠬᠦ ᠰᠤᠷᠭᠠᠨ ᠬᠥᠮᠥᠵᠢᠭᠦᠯᠬᠦ ᠴᠢᠬᠤᠯᠠ ᠦᠢᠯᠡᠳᠦᠯ ᠢ ᠣᠯᠠᠨ ᠠᠷᠭ᠎ᠠ ᠵᠠᠮ ᠢᠶᠠᠷ ᠥᠷᠭᠡᠨ ᠳᠡᠯᠭᠡᠷᠡᠩᠭᠦᠢ ᠤᠬᠠᠭᠤᠯᠵᠤ᠂ ᠡᠴᠢᠭᠡ ᠡᠬᠡ ᠶᠢ ᠬᠥᠲᠥᠯᠥᠨ ᠵᠢᠯᠣᠭᠤᠳᠴᠤ ᠬᠡᠦᠬᠡᠳ ᠢᠶᠠᠨ ᠳᠠᠭᠠᠭᠤᠯᠤᠨ ᠭᠠᠳᠠᠨᠠᠬᠢ ᠬᠥᠳᠡᠯᠭᠡᠭᠡᠨ᠂ ᠲᠣᠭᠤᠷᠢᠨ ᠦᠵᠡᠵᠦ ᠵᠤᠭᠠᠴᠠᠬᠤ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠬᠡᠯᠪᠡᠷᠢᠲᠦ ᠨᠡᠶᠢᠭᠡᠮ ᠲᠣᠭᠤᠷᠢᠭ ᠤᠨ ᠠᠵᠢᠯᠯᠠᠭ᠎ᠠ᠂ ᠲᠠᠷᠢᠶᠠᠯᠠᠩ ᠢ ᠪᠡᠶᠡᠴᠢᠯᠡᠨ ᠣᠶᠢᠯᠠᠭᠠᠬᠤ᠂ ᠨᠡᠶᠢᠭᠡᠮ ᠤᠨ ᠬᠥᠳᠡᠯᠮᠦᠷᠢ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠪᠠᠶᠢᠴᠠᠭᠠᠯᠲᠠ᠂ ᠠᠵᠢᠯ ᠮᠡᠷᠭᠡᠵᠢᠯ ᠤᠨ ᠣᠶᠢᠯᠠᠭᠠᠯᠲᠠ ᠵᠢᠴᠢ ᠰᠣᠶᠣᠯ᠂ ᠤᠷᠠᠯᠢᠭ᠂ ᠪᠡᠶ᠎ᠡ ᠶᠢᠨ ᠲᠠᠮᠢᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠭᠠᠷ ᠤᠷᠠᠯᠠᠯ ᠤᠨ ᠤᠷ᠎ᠠ ᠴᠢᠳᠠᠪᠤᠷᠢ ᠵᠡᠷᠭᠡ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠬᠡᠦᠬᠡᠳ ᠢ ᠬᠠᠪᠰᠤᠷᠤᠨ ᠪᠠᠶᠢᠭᠠᠯᠢ ᠲᠠᠢ ᠨᠡᠩ ᠰᠠᠶᠢᠲᠤᠷ ᠣᠶᠢᠷᠠᠲᠤᠭᠤᠯᠤᠨ᠂ ᠬᠠᠷᠠᠭᠠᠰᠤ ᠪᠠᠨ ᠥᠷᠭᠡᠳᠬᠡᠨ᠂ ᠮᠡᠳᠡᠯᠭᠡ ᠪᠠᠨ ᠨᠡᠮᠡᠭᠳᠡᠭᠦᠯᠵᠦ᠂ ᠬᠡᠪ ᠴᠢᠨᠠᠷ ᠢᠶᠠᠨ ᠳᠡᠭᠡᠭᠰᠢᠯᠡᠭᠦᠯᠬᠦ ᠶᠢ ᠬᠥᠲᠥᠯᠥᠨ ᠵᠢᠯᠣᠭᠤᠳᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ︶      ︵ᠭᠤᠷᠪᠠ︶ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠦᠢᠯᠡᠴᠢᠯᠡᠭᠡ ᠪᠠᠷ ᠬᠥᠮᠦᠨ       ᠬᠥᠮᠦᠵᠢᠭᠦᠯᠬᠦ ᠶᠢ ᠪᠦᠲᠦᠮᠵᠢᠲᠡᠢ ᠳᠡᠮᠵᠢᠨ᠎ᠡ      9. ᠨᠡᠶᠢᠭᠡᠮ ᠪᠠ ᠭᠡᠷ ᠤᠨ ᠬᠥᠮᠦᠵᠢᠯ ᠤᠨ ᠦᠢᠯᠡᠴᠢᠯᠡᠭᠡᠨ ᠤ ᠳᠣᠭᠲᠠᠯᠴᠠᠭ᠎ᠠ ᠶᠢ           ᠲᠡᠭᠦᠯᠳᠡᠷᠵᠢᠭᠦᠯᠦᠨ᠎ᠡ᠃ ᠭᠡᠷ ᠤᠨ ᠬᠥᠮᠦᠵᠢᠯ ᠤᠨ ᠵᠢᠯᠣᠭᠤᠳᠣᠯᠭ᠎ᠠ ᠶᠢ ᠬᠤᠲᠠ ᠬᠥᠳᠡᠭᠡ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠬᠤᠯᠠ ᠠᠭᠤᠯᠭ᠎ᠠ ᠪᠣᠯᠭᠠᠵᠤ᠂ ᠲᠦᠭᠡᠮᠡᠯ ᠬᠠᠷᠠᠭᠠᠯᠵᠠᠯᠲᠤ ᠭᠡᠷ ᠤᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠣᠭᠲᠠᠯᠴᠠᠭ᠎ᠠ  ᠶᠢ ᠢᠳᠡᠪᠬᠢᠲᠡᠢ ᠪᠠᠶᠢᠭᠤᠯᠤᠨ᠎ᠠ᠃ ᠰᠠᠭᠤᠭᠠᠯᠢ ᠠᠷᠠᠳ ︵ᠲᠣᠰᠬᠤᠨ︶ ᠤᠨ ᠵᠥᠪᠯᠡᠯ ᠨᠢ ᠬᠤᠲᠠ ᠬᠥᠳᠡᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ᠂ ᠪᠣᠯᠪᠠᠰᠤᠨ ᠢ ᠦᠢᠯᠡᠳᠦᠯᠭᠡᠵᠢᠭᠦᠯᠬᠦ ᠥᠷᠲᠡᠭᠡ᠂ ᠡᠮᠡᠭᠲᠡᠶᠢᠴᠦᠳ ᠬᠡᠦᠬᠡᠳ ᠤᠨ ᠭᠡᠷ ᠣᠷᠣᠨ ᠳᠤ ᠲᠦᠰᠢᠭᠯᠡᠨ ᠭᠡᠷ ᠤᠨ ᠠᠬᠠᠮᠠᠳ ᠤᠨ ᠰᠤᠷᠭᠠᠭᠤᠯᠢ ᠪᠤᠶᠤ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠥᠷᠲᠡᠭᠡ ᠴᠡᠭ ᠢ ᠨᠡᠶᠢᠳᠡᠮ ᠪᠠᠶᠢᠭᠤᠯᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠲᠤᠰᠬᠠᠢ ᠮᠡᠷᠭᠡᠵᠢᠯ ᠤᠨ ᠵᠢᠯᠣᠭᠤᠳᠬᠤ ᠠᠵᠢᠯᠲᠠᠨ ᠢ ᠢᠳᠡᠪᠬᠢᠲᠡᠢ ᠲᠣᠬᠢᠷᠠᠭᠤᠯᠤᠨ᠂ ᠵᠢᠯ ᠪᠦᠷᠢ 4 ᠤᠳᠠᠭ᠎ᠠ ᠠᠴᠠ ᠳᠡᠭᠡᠭᠰᠢ ᠲᠦᠭᠡᠮᠡᠯ ᠬᠠᠷᠠᠭᠠᠯᠵᠠᠯᠲᠤ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠡᠷ  ᠲᠤ ᠪᠠᠨ ᠦᠯᠡᠳᠡᠭᠰᠡᠨ ᠬᠡᠦᠬᠡᠳ᠂ ᠵᠡᠮᠳᠡᠭ ᠬᠡᠦᠬᠡᠳ ᠪᠠ ᠣᠨᠴᠠᠭᠠᠢ ᠭᠡᠷ ᠪᠦᠯᠢ ᠶᠢᠨ ᠬᠡᠦᠬᠡᠳ  ᠲᠤ ᠭᠤᠣᠯᠳᠠᠯᠭ᠎ᠠ ᠲᠠᠢ ᠠᠩᠬᠠᠷᠤᠯ ᠢᠶᠠᠨ ᠬᠠᠨᠳᠤᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠤᠷᠭᠠᠨ ᠬᠥᠮᠦᠵᠢᠯ ᠤᠨ ᠲᠢᠩᠬᠢᠮ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ︶      10. ᠨᠡᠶᠢᠭᠡᠮ ᠪᠠ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡ ᠶᠢ ᠪᠠᠶᠠᠯᠢᠭᠵᠢᠭᠤᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠷᠢ ᠲᠠᠯᠠᠪᠤᠷ ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠭᠡᠷ ᠤᠨ ᠬᠥᠮᠦᠵᠢᠯ ᠤᠨ ᠵᠢᠯᠣᠭᠤᠳᠣᠯᠭ᠎ᠠ ᠥᠷᠨᠢᠭᠦᠯᠬᠦ᠂ ᠤᠷᠤᠭ ︵ᠡᠷᠭᠦᠨ ᠲᠡᠵᠢᠭᠡᠬᠦ︶ ᠳᠠᠩᠰᠠᠯᠠᠬᠤ ᠪᠠᠶᠢᠭᠤᠯᠤᠮᠵᠢ ᠶᠢᠨ ᠠᠬᠤᠢ ᠲᠠᠯᠠᠪᠠᠢ ᠳᠤ ᠵᠦᠪᠯᠡᠯᠭᠡ ᠥᠭᠴᠦ ᠬᠠᠪᠰᠤᠷᠤᠨ ᠵᠢᠯᠣᠭᠤᠳᠬᠤ᠂ ᠤᠬᠠᠭᠤᠯᠭ᠎ᠠ ᠬᠥᠮᠦᠵᠢᠯ ᠤᠨ ᠹᠢᠯᠢᠮ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠤᠷᠤᠭ ᠭᠡᠷ ᠪᠦᠯᠢ ᠶᠢᠨ ᠬᠠᠷᠢᠭᠤᠴᠠᠯᠭ᠎ᠠ ᠪᠠ ᠡᠭᠦᠷᠭᠡ ᠶᠢ ᠴᠢᠩᠭᠠᠷᠠᠭᠤᠯᠵᠤ᠂ ᠭᠡᠷ ᠤᠨ ᠬᠥᠮᠦᠵᠢᠯ ᠤᠨ ᠵᠢᠯᠣᠭᠤᠳᠣᠯᠭ᠎ᠠ ᠬᠠᠩᠭᠠᠨ᠎ᠠ᠃ ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ᠂ ᠳᠤᠷᠠᠰᠬᠠᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠲᠥᠪ᠂ ᠵᠠᠯᠠᠭᠤᠴᠤᠳ ᠪᠠᠭᠠᠴᠤᠳ ᠤᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠠᠵᠢᠯᠯᠠᠭ᠎ᠠ ᠲᠠᠢ ᠤᠶᠠᠯᠳᠤᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠡᠷ ᠤᠨ ᠬᠥᠮᠦᠵᠢᠯ ᠤᠨ ᠤᠬᠠᠭᠤᠯᠭ᠎ᠠ᠂ ᠵᠢᠯᠣᠭᠤᠳᠬᠤ ᠦᠢᠯᠡᠴᠢᠯᠡᠭᠡ ᠪᠠ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠣᠯᠠᠨ ᠶᠡᠩᠵᠦᠴᠢᠯᠠᠭᠰᠡᠨ᠂ ᠴᠢᠨᠠᠷᠯᠢᠭ ᠭᠡᠷ ᠤᠨ ᠬᠥᠮᠦᠵᠢᠯ ᠤᠨ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠡᠷ ᠤᠨ ᠬᠥᠮᠦᠵᠢᠯ ᠤᠨ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠷᠠᠳ  ᠤᠨ ᠶᠠᠪᠤᠳᠠᠯ ᠤᠨ ᠲᠢᠩᠬᠢᠮ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      11. ᠨᠡᠶᠢᠭᠡᠮ ᠤᠨ ᠬᠥᠮᠦᠨ ᠬᠥᠮᠦᠵᠢᠭᠦᠯᠬᠦ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠭᠡᠨ᠎ᠡ᠃ ᠨᠡᠶᠢᠭᠡᠮ ᠲᠣᠭᠤᠷᠢᠭ ᠤᠨ ᠬᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠠᠨᠳᠤᠭᠤᠯᠤᠨ ᠬᠢᠴᠢᠶᠡᠯ ᠤᠨ ᠭᠠᠳᠠᠨᠠᠬᠢ ᠡᠯ᠎ᠡ ᠵᠦᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠠᠬᠢᠭᠤᠯᠤᠨ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ᠂ ᠦᠢᠯᠡᠳᠦᠯᠭᠡ ᠶᠢ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠪᠣᠯᠤᠨ ᠨᠣᠮ ᠤᠨ ᠰᠠᠩ᠂ ᠮᠦᠽᠧᠢ᠂ ᠰᠣᠶᠣᠯ ᠤᠨ ᠣᠷᠳᠣᠨ᠂ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ᠂ ᠤᠷᠠᠨ ᠵᠢᠷᠤᠭ ᠤᠨ ᠣᠷᠳᠣᠨ᠂ ᠳᠤᠷᠠᠰᠬᠠᠯ ᠤᠨ ᠣᠷᠳᠣᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠲᠣᠭᠯᠠᠯᠲᠠ ᠶᠢᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ᠂ ᠤᠯᠤᠰ ᠤᠨ ᠴᠡᠴᠡᠷᠯᠢᠭ᠂ ᠵᠠᠯᠠᠭᠤᠴᠤᠳ ᠪᠠᠭᠠᠴᠤᠳ ᠤᠨ ᠣᠷᠳᠣᠨ᠂ ᠬᠡᠦᠬᠡᠳ ᠤᠨ ᠠᠵᠢᠯᠯᠠᠭᠠᠨ ᠤ ᠲᠥᠪ ᠵᠡᠷᠭᠡ ᠨᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠵᠢᠴᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠲᠠᠢ ᠨᠡᠭᠡᠭᠡᠨ᠎ᠡ᠃ ᠤᠬᠠᠭᠤᠯᠭ᠎ᠠ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠳᠤᠷ᠎ᠠ ᠰᠣᠨᠢᠷᠬᠠᠯ  ᠢ ᠬᠥᠮᠦᠵᠢᠭᠦᠯᠬᠦ ᠪᠠ ᠦᠢᠯᠡᠳᠦᠯᠭᠡ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢᠨ ᠬᠠᠮᠲᠤ ᠰᠠᠭᠠᠳ ᠦᠭᠡᠢ ᠨᠡᠪᠲᠡᠷᠡᠬᠦ ᠵᠠᠮ᠂ ᠡᠯ᠎ᠡ ᠪᠠᠶᠢᠷᠢ ᠲᠠᠯᠠᠪᠤᠷ  ᠢ ᠰᠦᠯᠵᠢᠶᠡᠨ ᠳᠤ ᠪᠣᠯᠵᠤᠨ ᠨᠡᠪᠲᠡᠷᠡᠬᠦ ᠵᠠᠮ᠂ ᠨᠡᠭᠡᠭᠡᠯᠲᠡᠲᠦ ᠡᠳᠦᠷ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠥᠮᠦᠨ ᠬᠥᠮᠦᠵᠢᠭᠦᠯᠬᠦ ᠳᠤ ᠳᠥᠭᠦᠮ ᠦᠵᠡᠭᠦᠯᠬᠦ ᠡᠬᠢ ᠪᠠᠶᠠᠯᠢᠭ ᠢ ᠬᠠᠩᠭᠠᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ  ᠤᠨ ᠪᠦᠯᠬᠦᠮ ᠵᠡᠷᠭᠡ ᠨᠢ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠲᠥᠷᠥᠯ ᠵᠦᠢᠯ ᠪᠣᠯᠤᠨ ᠠᠵᠢᠯᠯᠠᠭ᠎ᠠ  ᠶᠢ ᠥᠷᠨᠢᠭᠦᠯᠵᠦ᠂ ᠰᠤᠷᠤᠭᠴᠢᠳ ᠲᠤ ᠦᠢᠯᠡᠳᠦᠯᠭᠡᠵᠢᠭᠦᠯᠬᠦ᠂ ᠪᠣᠯᠪᠠᠰᠤᠷᠠᠬᠤ ᠲᠣᠬᠢᠶᠠᠯ ᠬᠠᠩᠭᠠᠨ᠎ᠠ᠃ ︽ᠡᠷᠬᠢᠮᠰᠦᠭ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ           ᠣᠷᠣᠭᠤᠯᠬᠤ︾᠂ ︽ᠰᠢ ᠵᠦᠴᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠵᠡᠷᠭᠡ ᠠᠵᠢᠯ ᠢ ᠦᠷᠭᠦᠯᠵᠢᠯᠡᠨ ᠠᠬᠢᠭᠤᠯᠵᠤ᠂ ᠰᠤᠷᠤᠭᠴᠢᠳ ᠤᠨ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      12. ᠨᠡᠶᠢᠭᠡᠮ ᠤᠨ ᠬᠥᠮᠦᠨ ᠬᠥᠮᠦᠵᠢᠭᠦᠯᠬᠦ ᠣᠷᠴᠢᠨ ᠢ ᠦᠷᠭᠦᠯᠵᠢᠯᠡᠨ ᠴᠡᠪᠡᠷᠰᠢᠭᠦᠯᠦᠨ᠎ᠡ᠃ ᠬᠡᠦᠬᠡᠳ ᠤᠨ ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠬᠡᠪᠯᠡᠭᠳᠡᠬᠦᠨ ᠢ ᠢᠯᠭᠠᠷᠠᠭᠤᠯᠤᠨ ᠴᠡᠭᠴᠡᠯᠡᠬᠦ ᠶᠢ ᠭᠦᠨᠵᠡᠭᠡᠢ ᠥᠷᠨᠢᠭᠦᠯᠵᠦ᠂ ᠰᠦᠯᠵᠢᠶᠡᠨ ᠤ ᠶᠡᠷᠦᠩᠬᠡᠶᠢᠯᠡᠨ ᠵᠠᠰᠠᠬᠤ ᠰᠢᠰᠲ᠋ᠧᠮ ᠢ ᠲᠡᠭᠦᠯᠳᠡᠷᠵᠢᠭᠦᠯᠦᠨ᠂ ᠰᠦᠯᠵᠢᠶᠡᠨ ᠤ ᠬᠤᠣᠷ ᠬᠥᠨᠥᠭᠡᠯ ᠲᠠᠢ ᠮᠡᠳᠡᠭᠡ ᠵᠠᠩᠭᠢ᠂ ᠰᠦᠯᠵᠢᠶᠡᠨ ᠤ ᠲᠣᠭᠯᠠᠭᠠᠮ ᠳᠤ ᠰᠢᠨᠤᠬᠤ᠂ ᠡᠷᠡᠭᠦᠯ ᠪᠤᠰᠤ ᠰᠦᠯᠵᠢᠶᠡᠨ ᠤ ᠦᠢᠯᠡ ᠠᠵᠢᠯᠯᠠᠭ᠎ᠠ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠳᠦᠷᠢᠮ ᠠᠴᠠ ᠵᠥᠷᠢᠴᠡᠭᠰᠡᠨ ᠰᠦᠯᠵᠢᠶᠡᠨ  ᠤ ᠲᠠᠪᠴᠠᠩ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠷᠢᠶ᠎ᠠ ᠭᠠᠵᠠᠷ ᠤᠨ ᠰᠦᠯᠵᠢᠶᠡᠨ ᠥᠷᠲᠡᠭᠡ ᠶᠢ ᠰᠢᠪᠠᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠥᠰᠦᠨ ᠪᠤᠶᠢᠵᠢᠬᠤ ᠳᠤ ᠠᠰᠢᠭᠲᠠᠢ ᠪᠥᠭᠡᠳ ᠴᠢᠭᠡᠴᠢ ᠨᠡᠶᠢᠭᠡᠮ ᠤᠨ ᠰᠣᠶᠣᠯ ᠵᠢᠴᠢ ᠰᠠᠶᠢᠨ ᠰᠠᠶᠢᠬᠠᠨ ᠰᠦᠯᠵᠢᠶᠡᠨ ᠤ ᠠᠮᠢ ᠠᠬᠤᠢ ᠶᠢ ᠬᠦᠴᠦᠯᠡᠨ ᠪᠤᠢ ᠪᠣᠯᠭᠠᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠢᠩᠬᠢᠮ ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠬᠠᠮᠲᠤᠷᠠᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠵᠤ᠂ ᠰᠤᠷᠭᠠᠭᠤᠯᠢ ᠶᠢᠨ ᠡᠷᠭᠢᠨ ᠲᠣᠭᠤᠷᠢᠨ ᠳᠤ ᠨᠠᠰᠤᠨ ᠳᠤ ᠦᠯᠦ ᠬᠦᠷᠦᠭᠰᠡᠳ ᠲᠤ ᠦᠯᠦ ᠲᠣᠬᠢᠷᠠᠬᠤ ᠠᠵᠢᠯᠯᠠᠭᠠᠨ ᠤ ᠪᠠᠶᠢᠷᠢ ᠲᠠᠯᠠᠪᠤᠷ ᠭᠠᠷᠭᠠᠵᠤ ᠪᠣᠯᠬᠤ ᠦᠭᠡᠢ᠃ ᠡᠯ᠎ᠡ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠣᠯᠠᠨ ᠰᠠᠯᠠᠭ᠎ᠠ ᠮᠥᠴᠢᠷ ᠬᠠᠮᠲᠤᠷᠠᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠶᠢ ᠠᠬᠢᠭᠤᠯᠤᠨ᠂ ᠬᠢᠴᠢᠶᠡᠯ ᠲᠥᠷᠥᠯ ᠤᠨ ᠬᠡᠯᠪᠡᠷᠢ ᠪᠠᠨ ᠥᠭᠡᠷᠡᠲᠦᠭᠦᠯᠦᠭᠰᠡᠨ ᠪᠣᠯᠪᠠᠰᠤᠷᠠᠯ ᠢ ᠵᠠᠰᠠᠬᠤ ᠡᠷᠴᠢᠮ            ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ           ᠰᠢᠢᠳᠬᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      ︵ᠳᠥᠷᠪᠡ︶ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠮ       ᠬᠦᠴᠦᠨ  ᠢ ᠴᠢᠩᠭᠠᠷᠠᠭᠤᠯᠤᠨ᠎ᠠ      13. ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠲᠠ ᠶᠢᠨ ᠣᠷᠣᠨ ᠤ ᠪᠠᠶᠢᠭᠤᠯᠤᠯᠲᠠ  ᠶᠢ           ᠠᠬᠢᠭᠤᠯᠤᠨ᠎ᠠ᠃ ᠠᠶᠢᠮᠠᠭ ᠬᠤᠲᠠ ᠶᠢ ᠵᠢᠯᠣᠭᠤᠳᠤᠨ ᠪᠦᠬᠦ ᠤᠯᠤᠰ ᠤᠨ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠲᠠ ᠶᠢᠨ ᠣᠷᠣᠨ ᠤ ᠠᠵᠢᠯ ᠢ ᠵᠣᠬᠢᠶᠠᠨ ᠪᠠᠶᠢᠭᠤᠯᠬᠤ ᠤᠳᠤᠷᠢᠳᠤᠯᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠣᠯᠤᠨ ᠵᠠᠷᠤᠳᠠᠯ ᠤᠨ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠨᠥᠬᠦᠴᠡᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠲᠤᠷᠰᠢᠯᠲᠠ ᠶᠢᠨ ᠣᠷᠣᠨ ᠨᠢ ᠲᠤᠷᠰᠢᠯᠲᠠ ᠶᠢᠨ ᠠᠭᠤᠯᠭ᠎ᠠ ᠪᠠ ᠠᠵᠢᠯ ᠤᠨ ᠲᠣᠬᠢᠷᠠᠭᠤᠯᠤᠯᠲᠠ ᠪᠠᠨ ᠲᠣᠳᠣᠷᠬᠠᠶᠢᠯᠠᠵᠤ᠂ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠷᠠᠯᠲᠠ ᠪᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠬᠠᠮᠵᠢᠯᠴᠠᠨ ᠬᠥᠮᠦᠨ ᠬᠥᠮᠦᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠶᠢᠭᠤᠯᠤᠯ ᠲᠣᠭᠲᠠᠴᠠ ᠶᠢ ᠰᠦᠪᠡᠭᠴᠢᠯᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠰᠢᠢᠳᠪᠦᠷᠢᠯᠡᠨ᠂ ᠬᠠᠮᠵᠢᠯᠴᠠᠨ ᠬᠥᠮᠦᠨ ᠬᠥᠮᠦᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠭᠦᠢᠴᠡᠳ ᠪᠤᠶᠢᠵᠢᠭᠤᠯᠤᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ  ᠪᠠᠳᠠᠷᠠᠭᠤᠯᠤᠨ᠂ ᠲᠤᠷᠰᠢᠯᠲᠠ ᠶᠢᠨ ᠣᠷᠣᠨ ᠳᠤ ᠬᠠᠮᠵᠢᠯᠴᠠᠨ ᠬᠥᠮᠦᠨ ᠬᠥᠮᠦᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠪᠣᠳᠠᠲᠠᠢ ᠦᠷ᠎ᠡ ᠪᠦᠲᠦᠮᠵᠢ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠳᠡᠯᠭᠡᠷᠡᠭᠦᠯᠦᠨ ᠤᠬᠠᠭᠤᠯᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠰᠢᠨ᠎ᠡ ᠪᠠᠶᠢᠷᠢᠰᠢᠯᠠᠭᠤᠯᠤᠯᠲᠠ ᠶᠢ ᠲᠦᠷᠭᠡᠳᠬᠡᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ︶      14. ᠭᠡᠷ ᠤᠨ ᠬᠥᠮᠦᠵᠢᠯ ᠢ ᠵᠢᠯᠣᠭᠤᠳᠬᠤ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠢ           ᠴᠢᠩᠭᠠᠷᠠᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠪᠠᠶᠢᠭᠤᠯᠤᠮᠵᠢ᠂ ᠲᠤᠰᠬᠠᠢ ᠮᠡᠷᠭᠡᠵᠢᠯ ᠤᠨ ᠪᠦᠯᠬᠦᠮ ᠨᠡᠶᠢᠲᠡ ᠶᠢ ᠵᠣᠷᠢᠭᠵᠢᠭᠤᠯᠤᠨ ᠳᠠᠮᠵᠢᠵᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠣᠨᠣᠯ ᠪᠠ ᠦᠢᠯᠡᠳᠦᠯᠭᠡ ᠶᠢᠨ ᠰᠣᠳᠤᠯᠭᠠᠨ ᠢ ᠥᠷᠨᠢᠭᠦᠯᠵᠦ᠂ ᠣᠨᠣᠯ ᠤᠨ ᠪᠠᠶᠢᠭᠤᠯᠤᠯᠲᠠ ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠨ᠂ ᠭᠡᠷ ᠤᠨ ᠬᠥᠮᠦᠵᠢᠯ ᠢ ᠵᠢᠯᠣᠭᠤᠳᠬᠤ ᠲᠤᠰᠬᠠᠢ ᠮᠡᠷᠭᠡᠵᠢᠯᠲᠡᠨ ᠤ ᠡᠩᠨᠡᠭᠡᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠭᠡᠷ ᠤᠨ ᠬᠥᠮᠦᠵᠢᠯ ᠤᠨ ᠬᠢᠴᠢᠶᠡᠯ ᠤᠨ ᠵᠢᠯᠣᠭᠤᠳᠬᠤ ᠲᠣᠪᠴᠢ︾ ᠭᠡᠬᠦ ᠤᠩᠰᠢᠬᠤ ᠪᠢᠴᠢᠭ ᠢ ᠨᠠᠶᠢᠷᠠᠭᠤᠯᠤᠨ ᠳᠠᠷᠤᠮᠠᠯᠯᠠᠵᠤ᠂ ᠭᠡᠷ ᠤᠨ ᠬᠥᠮᠦᠵᠢᠯ ᠢ ᠵᠢᠯᠣᠭᠤᠳᠬᠤ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢ ᠥᠷᠨᠢᠭᠦᠯᠦᠨ᠎ᠡ᠃ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠬᠥᠮᠦᠵᠢᠭᠦᠯᠬᠦ ᠬᠢᠴᠢᠶᠡᠯ ᠤᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠡᠷ ᠤᠨ ᠬᠥᠮᠦᠵᠢᠯ  ᠢ ᠵᠢᠯᠣᠭᠤᠳᠬᠤ ᠶᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠶᠢ ᠬᠥᠮᠦᠵᠢᠭᠦᠯᠬᠦ ᠪᠠ ᠪᠠᠭᠰᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠴᠢᠬᠤᠯᠠ ᠠᠭᠤᠯᠭ᠎ᠠ ᠳᠤ ᠣᠷᠣᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠥᠷᠲᠡᠭᠡᠨ ᠤ ᠠᠵᠢᠯᠲᠠᠨ ᠤ ᠪᠣᠯᠪᠠᠰᠤᠷᠠᠯ ᠢ ᠴᠢᠩᠭᠠᠳᠬᠠᠨ᠂ ᠪᠠᠭᠰᠢ ᠪᠣᠯᠤᠨ ᠨᠡᠶᠢᠭᠡᠮ ᠲᠣᠭᠤᠷᠢᠭ ᠤᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠡᠯ᠎ᠡ ᠳᠡᠭᠡᠳᠦ ᠰᠤᠷᠭᠠᠭᠤᠯᠢ ᠤᠶᠤᠲᠠᠳ ᠲᠤ ᠭᠡᠷ ᠤᠨ ᠬᠥᠮᠦᠵᠢᠯ ᠤᠨ ᠲᠤᠬᠠᠢ ᠰᠣᠩᠭᠤᠨ ᠰᠤᠷᠬᠤ ᠬᠢᠴᠢᠶᠡᠯ ᠨᠡᠭᠡᠭᠡᠬᠦ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠭᠡᠷ ᠤᠨ ᠠᠬᠠᠮᠠᠳ ᠤᠨ ᠰᠤᠷᠭᠠᠭᠤᠯᠢ ᠶᠢᠨ ᠦᠢᠯᠡᠴᠢᠯᠡᠭᠡᠨ ᠤ ᠴᠢᠳᠠᠮᠵᠢ ᠶᠢ ᠲᠠᠰᠤᠷᠠᠯᠲᠠ ᠥᠬᠡᠶ ᠥᠷᠭᠡᠳᠬᠡᠵᠦ᠂ ᠥᠷᠭᠡᠨ ᠣᠯᠠᠨ ᠭᠡᠷ ᠤᠨ ᠠᠬᠠᠮᠠᠳ ᠲᠤ ᠬᠠᠨᠳᠤᠭᠤᠯᠤᠨ ᠭᠡᠷ ᠤᠨ ᠬᠥᠮᠦᠵᠢᠯ ᠤᠨ ᠰᠦᠯᠵᠢᠶᠡᠨ ᠤ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢ ᠨᠡᠭᠡᠭᠡᠵᠦ᠂ ᠴᠢᠨᠠᠷᠯᠢᠭ ᠭᠡᠷ ᠤᠨ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ ᠪᠠᠶᠢᠭᠤᠯᠵᠤ ᠬᠠᠮᠲᠤ ᠳᠤ ᠪᠠᠨ ᠬᠤᠪᠢᠶᠠᠯᠴᠠᠨ ᠡᠳ᠋ᠯᠡᠬᠦ ᠵᠢᠴᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ᠃ ᠡᠯ᠎ᠡ ᠭᠠᠵᠠᠷ ᠤᠨ ᠬᠢᠨ ᠭᠡᠷ ᠤᠨ ᠬᠥᠮᠦᠵᠢᠯ ᠤᠨ ᠦᠢᠯᠡᠴᠢᠯᠡᠭᠡᠨ ᠤ ᠵᠢᠯᠣᠭᠤᠳᠬᠤ ᠵᠠᠭᠪᠤᠷ ᠤᠨ ᠰᠢᠨ᠎ᠡ ᠶᠢ ᠡᠭᠦᠳᠴᠦ᠂ ᠰᠦᠯᠵᠢᠶᠡᠨ ᠳᠠᠬᠢ ᠭᠡᠷ ᠤᠨ ᠠᠬᠠᠮᠠᠳ ᠤᠨ ᠰᠤᠷᠭᠠᠭᠤᠯᠢ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠷᠣᠨ ᠪᠦᠰᠡ ᠶᠢᠨ ᠳᠣᠲᠣᠷᠠᠬᠢ ᠭᠡᠷ ᠤᠨ ᠬᠥᠮᠦᠵᠢᠯ ᠤᠨ ᠡᠬᠢ ᠪᠠᠶᠠᠯᠢᠭ ᠢ ᠪᠠᠶᠠᠯᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ︶      15. ᠬᠠᠮᠵᠢᠯᠴᠠᠨ ᠬᠥᠮᠦᠨ ᠬᠥᠮᠦᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠢ           ᠪᠣᠯᠭᠠᠨ᠎ᠠ᠃ ᠬᠠᠮᠵᠢᠯᠴᠠᠨ ᠬᠥᠮᠦᠨ ᠬᠥᠮᠦᠵᠢᠭᠦᠯᠬᠦ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠡᠯ᠎ᠡ ᠭᠠᠵᠠᠷ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠪᠦᠲᠦᠮᠵᠢᠲᠡᠢ ᠵᠠᠭᠪᠤᠷ᠂ ᠰᠢᠨ᠎ᠡ ᠶᠢ ᠡᠭᠦᠳᠦᠭᠰᠡᠨ ᠠᠷᠭ᠎ᠠ ᠪᠠᠷᠢᠯ ᠪᠠ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠰᠦᠪᠡᠭᠴᠢᠯᠡᠵᠦ᠂ ᠲᠠᠰᠤᠷᠠᠯᠲᠠ ᠦᠭᠡᠢ ᠳ᠋ᠦᠩᠨᠡᠨ᠂ ᠶᠡᠭᠡ ᠪᠠᠷ ᠳᠡᠯᠭᠡᠷᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠶᠢ ᠦᠷᠭᠦᠯᠵᠢᠯᠡᠨ ᠴᠢᠩᠭᠠᠳᠬᠠᠵᠤ᠂ ᠪᠣᠯᠪᠠᠰᠤᠨ ᠰᠦᠯᠵᠢᠶ᠎ᠡ᠂ ᠦᠢᠯᠡᠳᠦᠯᠭᠡ ᠰᠦᠯᠵᠢᠶ᠎ᠡ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠥᠪᠥᠷ ᠮᠣᠩᠭᠤᠯ ᠤᠨ ᠲᠠᠪᠴᠠᠩ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠠᠪᠴᠠᠩ᠂ ᠤᠮᠠᠷᠠᠲᠤ ᠬᠢᠯᠢ ᠶᠢᠨ ᠰᠤᠷᠭᠠᠨ ᠬᠥᠮᠦᠵᠢᠯ᠂ ᠲᠠᠯ᠎ᠠ ᠨᠤᠲᠤᠭ ᠬᠡᠷᠡᠭᠯᠡᠭᠴᠢ ᠶᠢᠨ ᠬᠡᠰᠡᠭ᠂ ᠪᠧᠨ ᠲᠧᠩ ᠬᠠᠮ ᠵᠠᠭᠤᠴᠢᠯᠠᠭᠤᠷ᠂ ᠤᠮᠠᠷᠠᠲᠤ ᠬᠢᠯᠢ ᠶᠢᠨ ᠤᠶᠠᠩᠭᠠᠯᠠᠯ᠂ ᠬᠥᠮᠦᠯᠢᠭ ᠤᠮᠠᠷᠠᠲᠤ ᠬᠢᠯᠢ ᠵᠡᠷᠭᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠨᠠᠷᠢᠯᠢᠭ ᠣᠨᠣᠴᠠᠲᠠᠢ ᠤᠬᠠᠭᠤᠯᠤᠨ ᠲᠠᠶᠢᠯᠪᠤᠷᠢᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠣᠨᠣᠪᠴᠢᠲᠠᠢ ᠤᠬᠠᠭᠤᠯᠤᠨ ᠲᠠᠶᠢᠯᠪᠤᠷᠢᠯᠠᠵᠤ᠂ ᠬᠠᠮᠵᠢᠯᠴᠠᠨ ᠬᠥᠮᠦᠨ ᠬᠥᠮᠦᠵᠢᠭᠦᠯᠬᠦ ᠲᠤᠷᠰᠢᠯᠭ᠎ᠠ ᠶᠢᠨ ᠦᠷ᠎ᠡ ᠪᠦᠲᠦᠮᠵᠢ ᠶᠢ ᠤᠯᠠᠮᠵᠢᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠣᠨᠣᠯᠵᠢᠬᠤᠨ ᠪᠠ ᠵᠥᠪ ᠣᠨᠣᠪᠴᠢᠲᠠᠢ ᠭᠡᠷ ᠤᠨ ᠬᠥᠮᠦᠵᠢᠯ ᠤᠨ ᠠᠷᠭ᠎ᠠ ᠶᠢ ᠥᠷᠭᠡᠨ ᠢᠶᠠᠷ ᠳᠡᠯᠭᠡᠷᠡᠭᠦᠯᠬᠦ ᠶᠢ ᠬᠥᠲᠥᠯᠥᠨ ᠵᠢᠯᠣᠭᠤᠳᠴᠤ᠂ ᠪᠦᠬᠦ ᠨᠡᠶᠢᠭᠡᠮ ᠢᠶᠠᠷ ᠢᠶᠠᠨ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠥᠰᠦᠨ ᠪᠤᠶᠢᠵᠢᠬᠤ ᠶᠢ ᠴᠢᠬᠤᠯᠠᠴᠢᠯᠠᠨ ᠬᠠᠯᠠᠮᠵᠢᠯᠠᠵᠤ᠂ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠬᠥᠮᠦᠨ ᠬᠥᠮᠦᠵᠢᠭᠦᠯᠬᠦ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠥᠮᠦᠨ ᠬᠥᠮᠦᠵᠢᠭᠦᠯᠬᠦ ᠬᠠᠮ ᠬᠦᠴᠦᠨ ᠢ ᠳᠡᠭᠡᠭᠰᠢᠯᠡᠭᠦᠯᠦᠨ᠂ ᠪᠦᠬᠦ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠮᠵᠢᠯᠴᠠᠨ ᠬᠥᠮᠦᠨ ᠬᠥᠮᠦᠵᠢᠭᠦᠯᠬᠦ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠤᠢ           ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠲᠢᠩᠬᠢᠮ᠂ ᠡᠮᠡᠭᠲᠡᠶᠢᠴᠦᠳ ᠤᠨ ᠬᠤᠯᠪᠣᠭᠠᠲᠤ ᠬᠤᠷᠠᠯ︶      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠡᠯ᠎ᠡ ᠭᠠᠵᠠᠷ ᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠠᠶᠢᠭᠤᠯᠬᠤ ᠶᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠵᠣᠬᠢᠶᠠᠨ  ᠪᠠᠶᠢᠭᠤᠯᠤᠨ ᠵᠣᠬᠢᠴᠠᠭᠤᠯᠬᠤ᠂ ᠰᠠᠯᠠᠭ᠎ᠠ ᠮᠥᠴᠢᠷ ᠬᠤᠯᠪᠤᠯᠳᠤᠨ ᠬᠥᠳᠡᠯᠦᠯᠴᠡᠬᠦ ᠶᠢ ᠴᠢᠩᠭᠠᠳᠬᠠᠨ᠂ ᠵᠠᠷᠤᠳᠠᠯ ᠤᠨ ᠨᠥᠬᠦᠴᠡᠯ ᠢ ᠪᠠᠲᠤᠯᠠᠬᠤ ᠶᠢ ᠲᠡᠭᠦᠯᠳᠡᠷᠵᠢᠭᠦᠯᠵᠦ᠂ ᠰᠤᠷᠭᠠᠭᠤᠯᠢ ᠭᠡᠷ ᠪᠦᠯᠢ ᠨᠡᠶᠢᠭᠡᠮ ᠨᠢᠭᠲᠠ ᠬᠠᠮᠵᠢᠯᠴᠠᠭᠰᠠᠨ ᠬᠥᠮᠦᠨ ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠶᠢ ᠢᠳᠡᠪᠬᠢᠲᠡᠢ ᠠᠬᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠪᠠᠶᠢᠭᠤᠯᠤᠮᠵᠢ ᠭᠡᠷ ᠤᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ᠂ ᠰᠢᠪᠠᠳᠠᠭᠤᠯᠬᠤ ᠪᠠ ᠰᠠᠶᠢᠲᠤᠷ ᠬᠢᠬᠦ ᠶᠢ ᠬᠠᠷᠢᠭᠤᠴᠠᠨ᠎ᠠ︔ ᠰᠤᠷᠭᠠᠨ ᠬᠥᠮᠦᠵᠢᠯ  ᠤᠨ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢ ᠬᠠᠷᠢᠭᠤᠴᠠᠨ ᠵᠢᠯᠣᠭᠤᠳᠴᠤ ᠬᠠᠮᠵᠢᠯᠴᠠᠨ ᠬᠥᠮᠦᠨ ᠬᠥᠮᠦᠵᠢᠭᠦᠯᠬᠦ ᠭᠤᠣᠯᠯᠠᠬᠤ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠭᠡᠷ ᠪᠦᠯᠢ᠂ ᠨᠡᠶᠢᠭᠡᠮ ᠯᠦᠭᠡ ᠨᠢᠭᠲᠠ ᠨᠡᠪᠲᠡᠷᠡᠯᠴᠡᠨ ᠬᠠᠮᠵᠢᠯᠴᠠᠬᠤ ᠶᠢ ᠴᠢᠩᠭᠠᠷᠠᠭᠤᠯᠤᠨ᠎ᠠ︔ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ  ᠨᠢ ᠰᠤᠷᠭᠠᠭᠤᠯᠢ ᠪᠠ ᠨᠡᠶᠢᠭᠡᠮ ᠳᠤ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠶᠢ ᠬᠠᠷᠢᠭᠤᠴᠠᠨ᠎ᠠ︔ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠡᠶᠢᠭᠡᠮ ᠲᠣᠭᠤᠷᠢᠭ ᠤᠨ ᠭᠡᠷ ᠤᠨ ᠬᠥᠮᠦᠵᠢᠯ ᠢ ᠵᠢᠯᠣᠭᠤᠳᠬᠤ ᠦᠢᠯᠡᠴᠢᠯᠡᠭᠡᠨ ᠤ  ᠥᠷᠲᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ︔ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠨᠡᠶᠢᠭᠡᠮ  ᠲᠠᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ ᠰᠠᠶᠢᠲᠤᠷ ᠬᠢᠨ᠎ᠡ᠃      ︵ᠬᠤᠶᠠᠷ︶ ᠰᠢᠯᠭᠠᠨ ᠬᠢᠨᠠᠵᠤ ᠦᠨᠡᠯᠡᠬᠦ ᠠᠵᠢᠯ ᠢ ᠴᠢᠩᠭᠠᠳᠬᠠᠨ᠎ᠠ      ᠡᠯ᠎ᠡ ᠭᠠᠵᠠᠷ ᠤᠨ ᠬᠢᠨ ᠨᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠲᠤᠰ ᠭᠠᠵᠠᠷ ᠣᠷᠣᠨ ᠤ ᠰᠤᠷᠭᠠᠭᠤᠯᠢ ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠤᠨ ᠲᠣᠭᠲᠠᠴᠠ ᠶᠢᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠤᠨ ᠦᠷ᠎ᠡ ᠪᠦᠲᠦᠮᠵᠢ ᠶᠢ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠪᠠ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠴᠢᠬᠤᠯᠠ ᠠᠭᠤᠯᠭ᠎ᠠ ᠳᠤ ᠣᠷᠣᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠪᠠ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠬᠢᠨᠠᠨ ᠰᠢᠯᠭᠠᠬᠤ  ᠳᠣᠭᠲᠠᠯᠴᠠᠭᠠᠨ ᠳᠤ ᠣᠷᠣᠭᠤᠯᠤᠨ᠎ᠠ᠃ ᠡᠯ᠎ᠡ ᠱᠠᠲᠤᠨ  ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠰᠤᠷᠭᠠᠭᠤᠯᠢ ᠲᠠᠢ ᠬᠠᠮᠵᠢᠯᠴᠠᠨ ᠬᠥᠮᠦᠨ ᠬᠥᠮᠦᠵᠢᠭᠦᠯᠬᠦ ᠠᠵᠢᠯ ᠢ ᠰᠢᠯᠭᠠᠨ ᠬᠢᠨᠠᠬᠤ ᠪᠠᠨ ᠴᠢᠩᠭᠠᠳᠬᠠᠵᠤ᠂ ᠰᠢᠯᠭᠠᠨ ᠬᠢᠨᠠᠵᠤ ᠦᠨᠡᠯᠡᠬᠦ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠰᠤᠷᠭᠠᠭᠤᠯᠢ  ᠲᠠᠢ ᠬᠠᠮᠵᠢᠯᠴᠠᠨ ᠬᠥᠮᠦᠨ ᠬᠥᠮᠦᠵᠢᠭᠦᠯᠬᠦ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠬᠤ ᠶᠢ ᠪᠦᠲᠦᠮᠵᠢᠲᠡᠢ ᠤᠷᠮᠠᠰᠢᠭᠤᠯᠤᠨ᠎ᠠ᠃ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map