︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ        ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/6/13
          ᠥᠪᠥᠷ ᠵᠠᠰᠠᠭ ᠲᠠᠷᠬᠠᠭᠠᠭᠰᠠᠨ ﹇2024﹈ 5 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠪᠯᠡᠯ ᠤᠨ  ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ ᠳᠤ᠄      ︽ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠨᠠᠢᠮᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ︵ᠰᠤᠷᠭᠠᠨ ᠬᠢᠨᠠᠯᠲᠠ ᠬᠠᠮᠢᠶᠠᠷᠤᠯᠲᠠ ﹇2023﹈ 2 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠳᠣᠬᠠᠨ ᠤ ᠮᠠᠨ ᠤ ᠣᠷᠣᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ ᠭᠤᠷᠪᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾ ᠢ ᠰᠤᠳᠤᠯᠤᠨ ᠲᠣᠭᠲᠠᠭᠠᠵᠤ᠂ ᠡᠳᠦᠭᠡ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ      ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ      ᠬᠤᠷᠢᠶᠠᠨ ᠤ ᠢᠨᠲ᠋ᠧᠷ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ      ᠬᠤᠷᠢᠶᠠᠨ ᠤ ᠠᠯᠪᠠᠨ ᠭᠡᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ      ᠵᠥᠪᠯᠡᠯ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ      ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ      ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ      ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠬᠤ ᠬᠦᠷᠢᠶᠡᠯᠡᠩ      ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠥᠪᠥᠷ ᠮᠣᠩᠭᠤᠯ ᠤᠨ      ᠥᠪᠡᠷᠲᠡᠭᠡᠨ ᠵᠠᠰᠠᠬᠤ ᠣᠷᠣᠨ ᠤ ᠬᠤᠷᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ      ᠨᠡᠶᠢᠭᠡᠮᠯᠢᠭ      ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠥᠪᠥᠷ ᠮᠣᠩᠭᠤᠯ ᠤᠨ      ᠥᠪᠡᠷᠲᠡᠭᠡᠨ ᠵᠠᠰᠠᠬᠤ ᠣᠷᠣᠨ ᠤ ᠠᠵᠢᠯ ᠤᠨ ᠵᠥᠪᠯᠡᠯ             2024 ᠣᠨ ᠤ 5 ᠰᠠᠷ᠎ᠠ ᠶᠢᠨ 21 ᠤ ᠡᠳᠦᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ       ᠭᠤᠷᠪᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ       ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ      ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ  ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ᠂ ︽ᠰᠤᠷᠭᠠᠨ ᠬᠥᠮᠦᠵᠢᠯ ᠤᠨ ᠶᠠᠮᠤᠨ ᠵᠡᠷᠭᠡ ᠠᠷᠪᠠᠨ ᠨᠠᠢᠮᠠᠨ ᠰᠠᠯᠠᠭ᠎ᠠ ᠮᠥᠴᠢᠷ ᠤᠨ ᠰᠢᠨ᠎ᠡ ᠴᠠᠭ ᠦᠶ᠎ᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠶᠠᠪᠤᠴᠠ ᠳᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠨᠡᠮᠡᠯᠲᠡ ᠦᠢᠯᠡᠳᠦᠯ ᠢ ᠬᠦᠴᠦᠯᠡᠨ ᠰᠠᠶᠢᠲᠤᠷ  ᠪᠡᠶᠡᠯᠡᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠴᠢᠨᠠᠷᠯᠢᠭ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠶᠢᠨ ᠲᠥᠯᠦᠭᠡ᠂ ᠲᠤᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ  ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠣᠷᠭᠠᠨᠢᠭ ᠢᠶᠠᠷ ᠨᠡᠶᠢᠳᠭᠡᠨ᠂ ᠪᠠᠶᠠᠯᠢᠭ ᠰᠠᠶᠢᠬᠠᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠪᠠᠭᠰᠢ ᠶᠢᠨ ᠬᠡᠪ ᠴᠢᠨᠠᠷ ᠪᠠ ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠤᠣᠯ ᠵᠢᠭᠰᠠᠭᠠᠯ ᠤᠨ ᠭᠠᠵᠠᠷ ᠪᠣᠯᠤᠨ ᠨᠡᠶᠢᠭᠡᠮ ᠤᠨ ᠲᠣᠮᠣ ᠬᠢᠴᠢᠶᠡᠯ ᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨᠲᠠᠨ ᠤ ᠳᠠᠯᠳᠠ ᠴᠢᠨᠠᠷ ᠢ ᠪᠦᠷᠢᠳᠦᠭᠦᠯᠦᠭᠰᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠰ ᠲᠤ ᠬᠤᠪᠢ ᠪᠡᠶ᠎ᠡ ᠪᠠᠨ ᠵᠣᠷᠢᠭᠤᠯᠬᠤ ᠳᠤᠷᠠᠲᠠᠢ ᠵᠠᠯᠠᠭᠤᠴᠤᠳ ᠪᠠᠭᠠᠴᠤᠳ ᠢ ᠪᠣᠶᠢᠵᠢᠭᠤᠯᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠦᠨ᠎ᠡ᠃ 3 - 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠲᠣᠪᠤᠶᠢᠮ᠎ᠠ ᠳᠡᠭᠡᠭᠰᠢᠯᠡᠭᠦᠯᠦᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠲᠣᠪᠤᠶᠢᠮ᠎ᠠ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠬᠢᠨ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠦᠨᠳᠦᠰᠦᠨ ᠳᠤ ᠨᠢ ᠪᠠᠶᠢᠭᠤᠯᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠦᠨ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠶᠠᠪᠤᠴᠠ ᠳᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠴᠢᠬᠤᠯᠠ ᠰᠠᠭᠤᠷᠢ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ᠃      ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ      ᠳᠡᠭᠡᠭᠰᠢᠯᠡᠭᠦᠯᠬᠦ ᠠᠵᠢᠯᠯᠠᠭ᠎ᠠ      1. ᠰᠢᠨᠵᠢᠯᠡᠬᠦ ᠤᠬᠠᠭᠠᠨ ᠤ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠬᠢᠴᠢᠶᠡᠯ ᠤᠨ ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠵᠢᠴᠢ ᠬᠠᠮᠢᠶ᠎ᠠ ᠪᠦᠬᠦᠢ  ᠬᠢᠴᠢᠶᠡᠯ ᠲᠥᠷᠦᠯ ︵ᠹᠢᠽᠢᠺ᠂ ᠬᠢᠮᠢ᠂ ᠠᠮᠢᠳᠤ ᠪᠣᠳᠠᠰ ᠤᠨ ᠰᠤᠳᠤᠯᠤᠯ᠂ ᠭᠠᠵᠠᠷ ᠵᠦᠢ᠂ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ / ᠮᠡᠳᠡᠭᠡ ᠵᠠᠩᠭᠢ ᠶᠢᠨ ᠮᠡᠷᠭᠡᠵᠢᠯ᠂ ᠨᠡᠶᠢᠳᠡᠮ ᠬᠡᠷᠡᠭᠯᠡᠬᠦ ᠮᠡᠷᠭᠡᠵᠢᠯ ᠵᠡᠷᠭᠡ︶ ᠢ ᠪᠦᠷᠢᠨ ᠭᠦᠢᠴᠡᠳ ᠰᠠᠶᠢᠲᠤᠷ ᠨᠡᠭᠡᠭᠡᠵᠦ᠂ ︽ᠤᠯᠤᠰ ᠤᠨ ᠬᠢᠴᠢᠶᠡᠯ ︵ᠵᠠᠪᠠᠯ ᠰᠤᠷᠬᠤ ᠬᠢᠴᠢᠶᠡᠯ︶ + ᠣᠷᠣᠨ ᠨᠤᠲᠤᠭ ᠤᠨ ᠬᠢᠴᠢᠶᠡᠯ ︵ᠰᠣᠩᠭᠤᠨ ᠵᠠᠪᠠᠯ ᠰᠤᠷᠬᠤ ᠬᠢᠴᠢᠶᠡᠯ︶ + ᠰᠤᠷᠭᠠᠭᠤᠯᠢ ᠶᠢᠨ ᠬᠢᠴᠢᠶᠡᠯ ︵ᠰᠣᠩᠭᠤᠨ ᠰᠤᠷᠬᠤ ᠬᠢᠴᠢᠶᠡᠯ︶ + ᠨᠡᠶᠢᠭᠡᠮᠯᠢᠭ ᠤᠨ  ᠠᠵᠢᠯᠯᠠᠭ᠎ᠠ + ᠬᠢᠴᠢᠶᠡᠯ ᠤᠨ ᠳᠠᠷᠠᠭᠠᠬᠢ ᠦᠢᠯᠡᠴᠢᠯᠡᠭᠡ + ᠬᠢᠴᠢᠶᠡᠯ ᠤᠨ ᠭᠠᠳᠠᠨᠠᠬᠢ ᠦᠢᠯᠡᠳᠦᠯᠭᠡ︾ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠢᠴᠢᠶᠡᠯ ᠤᠨ ᠳᠣᠭᠲᠠᠯᠴᠠᠭ᠎ᠠ ᠶᠢ ᠪᠠᠶᠢᠭᠤᠯᠵᠤ᠂ ᠲᠤᠷᠰᠢᠯᠲᠠ ᠪᠠ ᠰᠦᠪᠡᠭᠴᠢᠯᠡᠬᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠂ ᠬᠢᠴᠢᠶᠡᠯ ᠲᠥᠷᠥᠯ ᠤᠨ ᠭᠤᠣᠯ ᠰᠡᠳᠦᠪᠲᠦ ᠰᠤᠷᠤᠯᠴᠠᠯᠭ᠎ᠠ ᠶᠢ ᠵᠠᠷᠴᠢᠮ ᠳᠡᠭᠡᠷ᠎ᠡ ᠪᠠᠨ ᠬᠠᠮᠤᠭ ᠤᠨ ᠴᠥᠬᠡᠨ ᠳᠤ ᠪᠠᠨ 10% ᠬᠢᠴᠢᠶᠡᠯ ᠤᠨ ᠴᠠᠭ ᠤᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠲᠤᠰ ᠭᠠᠵᠠᠷ ᠤᠨ ᠲᠤᠰ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠨᠵᠡᠭᠡᠢ ᠢᠯᠡᠷᠡᠭᠦᠯᠵᠦ᠂ ᠥᠪᠡᠷᠮᠢᠴᠡ ᠣᠨᠴᠠᠯᠢᠭᠲᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠴᠢᠶᠡᠯ ᠢ ᠨᠡᠭᠡᠭᠡᠨ᠎ᠡ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ᠂ ᠰᠢᠨᠵᠢᠯᠡᠬᠦ ᠤᠬᠠᠭᠠᠨ ᠵᠢᠴᠢ ᠬᠠᠮᠢᠶ᠎ᠠ ᠪᠦᠬᠦᠢ ᠬᠢᠴᠢᠶᠡᠯ ᠲᠥᠷᠦᠯ ᠤᠨ ᠵᠢᠭᠠᠨ ᠰᠤᠷᠭᠠᠯᠲᠠ ᠳᠤ ᠬᠠᠪᠰᠤᠷᠤᠨ ᠬᠡᠷᠡᠭᠯᠡᠬᠦ ᠪᠢᠴᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠬᠤ ᠪᠢᠴᠢᠭ ᠤᠨ ᠦᠵᠡᠯ ᠰᠠᠨᠠᠭᠠᠴᠢ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ           ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶      2. ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠵᠢᠭᠠᠬᠤ ᠳᠥᠰᠦᠯ ᠪᠠ ᠰᠤᠷᠬᠤ ᠳᠥᠰᠦᠯ ᠢ ᠰᠢᠯᠢᠳᠡᠭᠵᠢᠭᠦᠯᠵᠦ᠂ ᠰᠡᠩᠬᠡᠷᠡᠭᠦᠯᠬᠦ ᠮᠠᠶ᠋ᠢᠭ ᠤᠨ ᠪᠠ ᠬᠠᠶᠢᠬᠤ ᠮᠠᠶ᠋ᠢᠭ ᠤᠨ ᠵᠢᠭᠠᠨ ᠰᠤᠷᠭᠠᠯᠲᠠ ᠶᠢ ᠬᠡᠷᠡᠭᠵᠢᠭᠦᠯᠦᠨ᠂ ᠲᠥᠷᠥᠯ ᠵᠦᠢᠯ ᠤᠨ ᠬᠡᠯᠪᠡᠷᠢ ᠶᠢᠨ᠂ ᠬᠢᠴᠢᠶᠡᠯ ᠲᠥᠷᠥᠯ ᠠᠯᠤᠰᠯᠠᠨ ᠰᠤᠷᠤᠯᠴᠠᠬᠤ ᠶᠢ ᠰᠦᠪᠡᠭᠴᠢᠯᠡᠵᠦ᠂ ᠱᠠᠲᠤ ᠬᠤᠪᠢᠶᠠᠭᠰᠠᠨ ᠣᠯᠠᠨ ᠶᠠᠩᠵᠤ ᠶᠢᠨ᠂ ᠦᠢᠯᠡᠳᠦᠯᠭᠡᠲᠦ ᠴᠢᠨᠠᠷ ᠢᠶᠠᠷ ᠴᠢᠩᠭ᠎ᠠ ᠳᠠᠰᠬᠠᠯ ᠢ ᠲᠥᠯᠥᠪᠯᠡᠵᠦ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠳᠤᠷ᠎ᠠ ᠪᠠᠬ᠎ᠠ᠂ ᠰᠢᠨᠵᠢᠯᠡᠬᠦ ᠤᠬᠠᠭᠠᠨ ᠤ ᠰᠡᠳᠬᠢᠮᠵᠢ᠂ ᠦᠢᠯᠡᠳᠦᠯᠭᠡ ᠶᠢᠨ ᠴᠢᠳᠠᠪᠤᠷᠢ ᠶᠢ ᠰᠦᠪᠡᠭᠴᠢᠯᠡᠬᠦ ᠬᠥᠮᠦᠵᠢᠯ ᠢ ᠴᠢᠬᠤᠯᠠᠴᠢᠯᠠᠨ᠎ᠠ᠃ ᠣᠨ ᠪᠠ ᠰᠤᠷᠤᠯᠭ᠎ᠠ ᠶᠢᠨ ᠱᠠᠲᠤ ᠶᠢ ᠣᠷᠭᠠᠨᠢᠭ ᠢᠶᠠᠷ ᠵᠣᠯᠭᠠᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠭᠰᠡᠨ ᠴᠢᠨᠠᠷ᠂ ᠦᠢᠯᠡᠳᠦᠯᠭᠡ ᠶᠢᠨ ᠴᠢᠨᠠᠷ᠂ ᠰᠢᠨᠵᠢᠯᠡᠬᠦ ᠤᠬᠠᠭᠠᠨᠴᠢ           ᠴᠢᠨᠠᠷ ᠢ ᠢᠯᠡᠷᠡᠭᠦᠯᠦᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠭᠤᠣᠯᠯᠠᠬᠤ ᠬᠡᠪ ᠪᠣᠯᠪᠠᠰᠤᠷᠠᠯ ᠢ ᠬᠥᠮᠦᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠠᠶᠠᠯᠢᠭᠵᠢᠭᠤᠯᠵᠤ᠂ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠰᠤᠷᠤᠭᠴᠢᠳ ᠲᠤ ᠲᠥᠯᠦᠪᠦᠷᠢ ᠦᠭᠡᠢ ᠬᠡᠷᠡᠭᠯᠡᠭᠦᠯᠦᠨ᠎ᠡ᠃ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠪᠠ  ᠵᠢᠭᠠᠨ ᠰᠤᠷᠭᠠᠯᠲᠠ ᠶᠢ ᠵᠢᠯᠣᠭᠤᠳᠬᠤ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠲᠡᠷᠢᠭᠦᠨ ᠤ ᠵᠢᠭᠠᠨ ᠰᠤᠷᠭᠠᠯᠲᠠ ᠶᠢᠨ ᠠᠷᠭ᠎ᠠ ᠪᠠ ᠵᠠᠭᠪᠤᠷ ᠢ ᠢᠯᠭᠠᠨ ᠲᠣᠳᠣᠯᠠᠵᠤ᠂ ᠪᠤᠶᠢᠵᠢᠭᠤᠯᠵᠤ᠂ ᠳᠡᠯᠭᠡᠷᠡᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠰᠤᠳᠤᠯᠭᠠᠨ ᠢ ᠴᠢᠩᠭᠠᠳᠬᠠᠵᠤ᠂ ︽ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠠᠮᠲᠤ ᠶᠢᠨ ᠴᠣᠭᠴᠠ︾ ᠶᠢ ᠪᠠᠶᠢᠭᠤᠯᠤᠨ᠂ ᠶᠡᠭᠡ ᠳᠡᠭᠡᠳᠦ ᠰᠤᠷᠭᠠᠭᠤᠯᠢ ᠪᠣᠯᠤᠨ ᠳᠤᠮᠳᠠᠳᠤ ᠪᠠᠭ᠎ᠠ ᠰᠤᠷᠭᠠᠭᠤᠯᠢ ᠬᠠᠮᠲᠤᠷᠠᠨ ᠵᠢᠭᠠᠬᠤ ᠶᠢ ᠰᠣᠳᠤᠯᠬᠤ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠠᠭᠤᠯᠭ᠎ᠠ᠂ ᠵᠢᠭᠠᠨ ᠰᠤᠷᠭᠠᠯᠲᠠ  ᠶᠢᠨ ᠠᠷᠭ᠎ᠠ ᠶᠢ ᠪᠦᠲᠦᠮᠵᠢᠲᠡᠢ ᠵᠣᠯᠭᠠᠭᠤᠯᠬᠤ ᠶᠢ           ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶      3. ᠲᠤᠷᠰᠢᠯᠲᠠ ᠶᠢᠨ ᠵᠢᠭᠠᠨ ᠰᠤᠷᠭᠠᠯᠲᠠ ᠶᠢ ᠵᠢᠷᠤᠮᠵᠢᠯ ᠲᠠᠢ ᠥᠷᠨᠢᠭᠦᠯᠦᠨ᠎ᠡ᠃ ᠡᠯ᠎ᠡ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠬᠢᠴᠢᠶᠡᠯ ᠲᠥᠷᠦᠯ ᠤᠨ ᠠᠩᠭᠢ ᠶᠢᠨ ᠭᠡᠷ᠂ ᠴᠢᠳᠠᠮᠵᠢᠲᠤ ᠬᠢᠴᠢᠶᠡᠯ ᠤᠨ ᠭᠡᠷ᠂ ᠰᠢᠨᠵᠢᠯᠡᠬᠦ ᠤᠬᠠᠭᠠᠨ  ᠤ ᠠᠵᠢᠯᠯᠠᠬᠤ ᠲᠠᠰᠤᠭ᠂ ᠶᠡᠷᠦᠩᠬᠡᠶᠢᠯᠡᠭᠰᠡᠨ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ  ᠤ ᠲᠥᠷᠥᠯ ᠤᠨ ᠵᠢᠭᠠᠨ ᠰᠤᠷᠭᠠᠯᠲᠠ ᠶᠢᠨ ᠪᠠᠶᠢᠷᠢ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠵᠢᠴᠢ ᠪᠡᠯᠡᠳᠬᠡᠮᠵᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠲᠣᠬᠢᠷᠠᠭᠤᠯᠤᠨ᠎ᠠ᠃ ᠬᠢᠴᠢᠶᠡᠯ ᠤᠨ ᠪᠠᠷᠢᠮᠵᠢᠶ᠎ᠠ ᠶᠣᠰᠣᠭᠠᠷ ᠲᠤᠷᠰᠢᠯᠲᠠ ᠪᠠ ᠰᠥᠪᠡᠭᠴᠢᠯᠡᠯᠲᠡ ᠦᠢᠯᠡᠳᠦᠯᠭᠡ ᠶᠢᠨ ᠠᠵᠢᠯᠯᠠᠭ᠎ᠠ  ᠶᠢ ᠥᠷᠨᠢᠭᠦᠯᠵᠦ᠂ ᠲᠤᠷᠰᠢᠯᠲᠠ ᠶᠢᠨ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠢᠴᠢᠶᠡᠯ ᠶᠠᠷᠢᠬᠤ ᠤᠷᠤᠯᠳᠤᠭᠠᠨ᠂ ᠥᠪᠡᠰᠦᠪᠡᠨ ᠦᠢᠯᠡᠳᠦᠭᠰᠡᠨ ᠵᠢᠭᠠᠨ ᠰᠤᠷᠭᠠᠯᠲᠠ ᠶᠢᠨ ᠪᠠᠭᠠᠵᠢ ᠶᠢ ᠳᠡᠯᠭᠡᠨ ᠦᠵᠡᠭᠦᠯᠬᠦ ᠠᠵᠢᠯᠯᠠᠭ᠎ᠠ ᠪᠠ ᠪᠠᠭᠰᠢ ᠰᠤᠷᠤᠭᠴᠢᠳ ᠤᠨ ᠮᠡᠳᠡᠭᠡ ᠵᠠᠩᠭᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠢᠮᠡᠯ ᠣᠶᠤᠨ᠂ ᠵᠢᠱᠢᠮᠡᠭ ᠦᠨᠡᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢ ᠰᠠᠶᠢᠵᠢᠷᠠᠭᠤᠯᠤᠨ ᠴᠢᠩᠭᠠᠳᠬᠠᠬᠤ ᠶᠢ ᠰᠦᠪᠡᠭᠴᠢᠯᠡᠬᠦ ᠶᠢᠨ ᠬᠠᠮᠲᠤ᠂ ᠲᠡᠷᠢᠭᠦᠨ ᠤ ᠰᠤᠷᠭᠠᠨ ᠬᠥᠮᠦᠵᠢᠯ ᠤᠨ ᠮᠡᠷᠭᠡᠵᠢᠯ ᠢ ᠠᠰᠢᠭᠯᠠᠨ ᠪᠠᠭᠤᠷᠠᠢ ᠭᠠᠵᠠᠷ ᠣᠷᠣᠨ᠂ ᠨᠥᠬᠦᠴᠡᠯ ᠪᠠᠷᠤᠭᠲᠠᠢ ᠰᠤᠷᠭᠠᠭᠤᠯᠢ ᠵᠢᠴᠢ ᠣᠨᠴᠠᠭᠠᠢ ᠬᠡᠦᠬᠡᠳ ᠤᠨ ᠬᠠᠮᠲᠤᠯᠢᠭ ᠲᠤ ᠰᠢᠯᠢᠳᠡᠭ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠬᠦᠷᠦᠯᠴᠡᠬᠦ ᠦᠭᠡᠢ ᠪᠠᠶᠢᠬᠤ ᠪᠠᠶᠢᠳᠠᠯ ᠢ ᠨᠥᠬᠦᠪᠥᠷᠢᠯᠡᠬᠦ ᠶᠢ           ᠴᠢᠬᠤᠯᠠᠴᠢᠯᠠᠨ᠎ᠠ᠃ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠲᠤᠷᠰᠢᠯᠲᠠ  ᠶᠢᠨ ᠵᠢᠭᠠᠨ ᠰᠤᠷᠭᠠᠯᠲᠠ ᠶᠢᠨ ᠠᠮᠤᠷ ᠲᠦᠪᠰᠢᠨ ᠤ ᠪᠡᠯᠡᠳᠬᠡᠯ ᠲᠥᠰᠦᠯ ᠢ ᠳᠣᠭᠲᠠᠭᠠᠨ᠂ ᠲᠤᠷᠰᠢᠯᠲᠠ ᠶᠢᠨ ᠵᠢᠭᠠᠨ ᠰᠤᠷᠭᠠᠯᠲᠠ ᠶᠢ ᠬᠡᠪ ᠤᠨ ᠪᠠᠶᠢᠳᠠᠯ ᠢᠶᠠᠷ ᠥᠷᠨᠢᠭᠦᠯᠬᠦ ᠪᠠ ᠲᠤᠷᠰᠢᠯᠲᠠ ᠶᠢᠨ ᠲᠠᠰᠤᠭ ᠢ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      4. ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠠᠯᠪᠠᠨ ᠵᠢᠷᠤᠮ ᠤᠨ ᠰᠤᠷᠭᠠᠨ ᠬᠥᠮᠦᠵᠢᠯ  ᠤᠨ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠬᠠᠮᠤᠭ ᠤᠨ ᠦᠨᠳᠦᠰᠦᠨ᠂ ᠡᠷᠬᠡᠪᠰᠢ ᠪᠦᠷᠢᠯᠳᠦᠭᠦᠯᠬᠦ ᠲᠥᠷᠥᠯ ᠵᠦᠢᠯ ᠪᠣᠯᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ᠂ ᠰᠢᠨᠵᠢᠯᠡᠬᠦ ᠤᠬᠠᠭᠠᠨ ᠤ ᠲᠤᠷᠰᠢᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠣᠬᠢᠶᠠᠯ ᠪᠥᠲᠦᠭᠡᠯ᠂ ᠡᠭᠦᠳᠦᠨ ᠪᠦᠲᠦᠭᠡᠯᠲᠡ ᠶᠢᠨ ᠠᠵᠢᠯᠯᠠᠭ᠎ᠠ᠂ ᠠᠵᠢᠭᠯᠠᠨ ᠰᠣᠳᠤᠯᠬᠤ᠂ ᠰᠢᠨᠵᠢᠯᠡᠬᠦ ᠤᠬᠠᠭᠠᠨ ᠤ ᠵᠢᠷᠤᠭ ᠳᠦᠷᠰᠦ ᠶᠢ ᠵᠣᠬᠢᠶᠠᠨ ᠪᠦᠲᠦᠭᠡᠬᠦ᠂ ᠰᠢᠨᠵᠢᠯᠡᠬᠦ ᠤᠬᠠᠭᠠᠨᠴᠢ ᠪᠠᠷ ᠪᠠᠶᠢᠴᠠᠭᠠᠵᠤ ᠪᠡᠶᠡᠴᠢᠯᠡᠨ ᠣᠶᠢᠯᠠᠭᠠᠬᠤ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠲᠠᠲᠠᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠤᠭᠴᠢᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠣᠯᠤᠨ ᠳᠤᠷ᠎ᠠ ᠰᠣᠨᠢᠷᠬᠠᠯ ᠤᠨ ᠳᠤᠭᠤᠶᠢᠯᠠᠩ ᠢ ᠵᠢᠯᠣᠭᠤᠳᠬᠤ ᠶᠢ ᠴᠢᠩᠭᠠᠳᠬᠠᠵᠤ᠂ ᠳᠤᠷ᠎ᠠ ᠰᠣᠨᠢᠷᠬᠠᠯ ᠲᠠᠢ ᠰᠤᠷᠤᠭᠴᠢᠳ ᠰᠢᠨᠵᠢᠯᠡᠬᠦ ᠤᠬᠠᠭᠠᠨ ᠤ ᠰᠥᠪᠡᠭᠴᠢᠯᠡᠯᠲᠡ ᠪᠠ ᠲᠤᠷᠰᠢᠯᠲᠠ ᠶᠢ ᠤᠷᠲᠤ ᠬᠤᠭᠤᠴᠠᠭ᠎ᠠ ᠪᠠᠷ᠂ ᠭᠦᠨᠵᠡᠭᠡᠢ᠂ ᠰᠢᠰᠲ᠋ᠧᠮ ᠲᠠᠢ ᠥᠷᠨᠢᠭᠦᠯᠬᠦ ᠶᠢ ᠬᠥᠲᠥᠯᠥᠨ ᠵᠢᠯᠣᠭᠤᠳᠴᠤ ᠳᠡᠮᠵᠢᠨ᠎ᠡ᠃ ᠭᠤᠷᠪᠠᠳᠠᠬᠢ ᠡᠲᠡᠭᠡᠳ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠴᠢᠨᠠᠷᠯᠢᠭ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠰᠢᠭᠯᠠᠵᠤ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠪᠠᠷᠢᠮᠲᠠᠯᠠᠨ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭᠠᠨ ᠤ ᠲᠥᠪ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ ᠨᠡᠶᠢᠭᠡᠮ ᠤᠨ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠲᠥᠷᠥᠯ ᠤᠨ ᠬᠢᠴᠢᠶᠡᠯ ᠪᠠ ᠠᠵᠢᠯᠯᠠᠭ᠎ᠠ ᠶᠢ ᠬᠢᠴᠢᠶᠡᠯ ᠤᠨ ᠳᠠᠷᠠᠭᠠᠬᠢ ᠦᠢᠯᠡᠴᠢᠯᠡᠭᠡ ᠳᠤ ᠣᠷᠣᠭᠤᠯᠵᠤ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠳᠤ ᠠᠰᠢᠭᠲᠠᠢ ᠨᠥᠬᠦᠪᠥᠷᠢ ᠬᠠᠩᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ           ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠤᠳᠤᠯᠭᠠᠨ  ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      5. ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠶᠢ ᠬᠥᠮᠦᠵᠢᠭᠦᠯᠬᠦ‍ ᠨᠢᠭᠡ ᠪᠦᠯᠦᠭ ᠪᠠᠭᠰᠢ ᠶᠢᠨ ᠰᠤᠷᠭᠠᠭᠤᠯᠢ ᠶᠢᠨ ᠲᠥᠷᠥᠯ ᠤᠨ ᠲᠤᠰᠬᠠᠢ ᠮᠡᠷᠭᠡᠵᠢᠯ ᠢ ᠪᠠᠶᠢᠭᠤᠯᠤᠨ ᠬᠦᠴᠦᠷᠬᠡᠭᠵᠢᠭᠦᠯᠵᠦ᠂ ᠠᠯᠪᠠᠨ ᠤ ᠰᠦᠢᠳᠬᠡᠯ ᠢᠶᠠᠷ ᠰᠤᠷᠤᠯᠴᠠᠬᠤ ᠪᠠᠭᠰᠢ ᠶᠢᠨ ᠰᠤᠷᠭᠠᠭᠤᠯᠢ  ᠶᠢᠨ ᠲᠥᠷᠥᠯ ᠤᠨ ᠲᠤᠰᠬᠠᠢ ᠮᠡᠷᠭᠡᠵᠢᠯ ᠤᠨ ᠣᠶᠤᠲᠠᠨ᠂ ︽ᠰᠢᠯᠢᠳᠡᠭ ᠪᠠᠭᠰᠢ ᠶᠢᠨ ᠲᠥᠯᠥᠪᠯᠡᠭᠡ︾ ᠵᠡᠷᠭᠡ ᠲᠥᠷᠥᠯ ᠵᠦᠢᠯ ᠳᠤ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠶᠢ ᠬᠥᠮᠦᠵᠢᠭᠦᠯᠬᠦ ᠬᠠᠷᠢᠴᠠᠯ ᠢ ᠳᠡᠭᠡᠭᠰᠢᠯᠡᠭᠦᠯᠦᠨ᠂ ᠥᠨᠳᠥᠷ ᠬᠡᠪ ᠴᠢᠨᠠᠷ ᠲᠠᠢ ᠲᠤᠰᠬᠠᠶᠢᠵᠢᠭᠰᠠᠨ ᠰᠢᠨᠵᠢᠯᠡᠬᠦ ᠤᠬᠠᠭᠠᠨ ᠤ ᠲᠥᠷᠥᠯ ᠤᠨ ᠪᠠᠭᠰᠢ ᠶᠢᠨ ᠬᠠᠩᠭᠠᠯᠭ᠎ᠠ ᠶᠢ ᠡᠬᠢ ᠡᠭᠦᠰᠦᠯ ᠠᠴᠠ ᠨᠢ ᠴᠢᠩᠭᠠᠳᠬᠠᠨ᠎ᠠ᠃ ᠡᠯ᠎ᠡ ᠱᠠᠲᠤᠨ ᠤ ᠪᠠᠭᠰᠢ ᠶᠢᠨ ᠪᠣᠯᠪᠠᠰᠤᠷᠠᠯ ᠤᠨ ᠲᠥᠷᠥᠯ ᠵᠦᠢᠯ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ  ᠶᠢᠨ ᠪᠣᠯᠪᠠᠰᠤᠷᠠᠯ ᠤᠨ ᠲᠥᠷᠥᠯ ᠵᠦᠢᠯ ᠢ ᠲᠤᠰᠬᠠᠢ ᠲᠣᠬᠢᠷᠠᠭᠤᠯᠵᠤ᠂ ᠪᠠᠭᠰᠢ ᠶᠢᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠲᠤᠷᠰᠢᠯᠲᠠ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠨᠢᠭᠡ ᠪᠦᠷᠢ ᠳᠤ ᠰᠤᠷᠭᠠᠭᠤᠯᠢ ᠶᠢᠨ ᠤᠳᠤᠷᠢᠳᠤᠯᠭ᠎ᠠ ᠪᠤᠶᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ ᠡᠷᠳᠡᠮᠲᠡᠳ ᠢᠶᠠᠷ ᠰᠢᠨᠵᠢᠯᠡᠬᠦ ᠤᠬᠠᠭᠠᠨ ᠤ ᠰᠤᠷᠭᠠᠭᠤᠯᠢ ᠶᠢᠨ ᠳᠡᠳ᠋ ᠵᠠᠬᠢᠷᠤᠯ ᠤᠨ ᠲᠤᠰᠢᠶᠠᠯ ᠢ ᠡᠭᠦᠷᠭᠡᠯᠡᠭᠦᠯᠵᠦ᠂ ᠵᠠᠷᠴᠢᠮ ᠳᠡᠭᠡᠷ᠎ᠡ ᠪᠠᠨ ᠬᠠᠮᠤᠭ ᠤᠨ ᠪᠠᠭ᠎ᠠ ᠳᠤ ᠪᠠᠨ 1 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠨ ᠵᠢᠯᠣᠭᠤᠳᠤᠭᠴᠢ ᠲᠣᠬᠢᠷᠠᠭᠤᠯᠤᠨ᠎ᠠ᠃ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠤᠨ ᠪᠠᠭᠰᠢ ᠶᠢᠨ ᠠᠵᠢᠯ ᠤᠨ ᠪᠠᠶᠢᠷᠢ ᠶᠢᠨ ᠣᠷᠣᠨ ᠲᠤᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ︵ᠬᠠᠮᠢᠶᠠᠷᠤᠯᠲᠠ︶ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠪᠠ ᠳᠤᠷᠰᠢᠯᠲᠠ ᠶᠢᠨ ᠠᠵᠢᠯᠲᠠᠨ᠂ ᠲᠤᠷᠰᠢᠯᠲᠠ ᠶᠢᠨ ᠬᠠᠮᠢᠶᠠᠷᠤᠭᠴᠢ ᠶᠢᠨ ᠵᠣᠬᠢᠬᠤ ᠠᠵᠢᠯ ᠤᠨ ᠬᠡᠮᠵᠢᠶ᠎ᠡ ᠶᠢ ᠵᠦᠢ ᠵᠣᠬᠢᠰᠲᠠᠢ ᠬᠢᠨᠠᠨ ᠲᠣᠭᠲᠠᠭᠠᠨ᠎ᠠ᠃ ᠣᠷᠣᠨ ᠪᠦᠰᠡ ᠶᠢᠨ ᠳᠣᠲᠣᠷᠠᠬᠢ ᠪᠠᠭᠰᠢ ᠶᠢᠨ ᠬᠦᠴᠦᠨ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠰᠢᠶᠠᠨ ᠠᠴᠠ ᠬᠠᠮᠢᠶᠠᠷᠤᠨ ᠰᠤᠷᠭᠠᠭᠤᠯᠢ ᠠᠴᠠ ᠤᠷᠢᠬᠤ ᠥᠭᠡᠷᠡᠴᠢᠯᠡᠯᠲᠡ ᠶᠢᠨ ᠶᠠᠪᠤᠴᠠ ᠳᠤ᠂ ᠠᠵᠢᠯ ᠤᠨ ᠪᠠᠶᠢᠷᠢ  ᠳᠤ ᠪᠠᠶᠢᠭ᠎ᠠ ᠪᠠᠭᠰᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠢ ᠠᠵᠢᠯ ᠤᠨ ᠪᠠᠶᠢᠷᠢ ᠰᠣᠯᠢᠨ ᠪᠣᠯᠪᠠᠰᠤᠷᠠᠭᠤᠯᠬᠤ ᠶᠢ ᠴᠠᠭ ᠲᠤ ᠨᠢ ᠲᠣᠬᠢᠷᠠᠭᠤᠯᠤᠨ ᠥᠷᠨᠢᠭᠦᠯᠵᠦ᠂ ᠰᠢᠯᠢᠳᠡᠭ ᠪᠠᠭᠰᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠡᠷᠬᠢᠯᠡᠬᠦ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠱᠠᠲᠤᠨ ᠤ ᠵᠢᠭᠠᠬᠤ ᠶᠢ ᠰᠤᠳᠤᠯᠬᠤ ᠰᠠᠯᠠᠭ᠎ᠠ ᠮᠥᠴᠢᠷ ᠤᠨ  ᠬᠢᠨ ᠰᠢᠨᠵᠢᠯᠡᠬᠦ ᠤᠬᠠᠭᠠᠨ ᠤ ᠵᠢᠭᠠᠬᠤ ᠶᠢ ᠰᠤᠳᠤᠯᠤᠭᠴᠢ ᠶᠢ ᠲᠣᠬᠢᠷᠠᠭᠤᠯᠬᠤ ᠶᠢ ᠴᠢᠩᠭᠠᠳᠬᠠᠵᠤ᠂ ᠨᠡᠮᠡᠭᠳᠡᠯ ᠢ ᠳᠡᠭᠡᠭᠰᠢᠯᠡᠭᠦᠯᠵᠦ᠂  ᠨᠥᠭᠡᠴᠡ ᠶᠢ ᠰᠠᠶᠢᠵᠢᠷᠠᠭᠤᠯᠬᠤ ᠠᠷᠭ᠎ᠠ ᠮᠠᠶ᠋ᠢᠭ ᠢᠶᠠᠷ ᠰᠢᠨᠵᠢᠯᠡᠬᠦ ᠤᠬᠠᠭᠠᠨ ᠤ ᠲᠥᠷᠦᠯ ᠤᠨ ᠬᠢᠴᠢᠶᠡᠯ ᠤᠨ ᠪᠠᠭᠰᠢ ᠶᠢ ᠬᠥᠮᠦᠵᠢᠭᠦᠯᠬᠦ᠂ ᠨᠥᠬᠦᠪᠥᠷᠢᠯᠡᠬᠦ ᠠᠵᠢᠯ ᠢ ᠰᠠᠶᠢᠲᠤᠷ ᠬᠢᠵᠦ᠂ ᠪᠠᠭ᠎ᠠ ᠰᠤᠷᠭᠠᠭᠤᠯᠢ ᠨᠢᠭᠡ ᠪᠦᠷᠢ ᠳᠤ ᠬᠠᠮᠤᠭ ᠤᠨ ᠪᠠᠭ᠎ᠠ ᠳᠤ ᠪᠠᠨ ᠪᠠᠶᠢᠭᠠᠯᠢ ᠲᠧᠭᠨᠢᠭ ᠤᠨ ᠮᠠᠰᠲ᠋ᠧᠷ ᠴᠣᠯᠠ ᠲᠠᠢ 1 ᠰᠢᠨᠵᠢᠯᠡᠬᠦ ᠤᠬᠠᠭᠠᠨ ᠤ ᠲᠥᠷᠦᠯ ᠤᠨ ᠬᠢᠴᠢᠶᠡᠯ ᠤᠨ ᠪᠠᠭᠰᠢ ᠲᠠᠢ ᠪᠠᠶᠢᠬᠤ ᠶᠢ ᠪᠡᠶᠡᠯᠡᠭᠦᠯᠬᠦ ᠶᠢ ᠠᠯᠬᠤᠮ ᠠᠯᠬᠤᠮ ᠢᠶᠠᠷ           ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      ︵ᠬᠤᠶᠠᠷ︶ ᠨᠡᠶᠢᠭᠡᠮ ᠤᠨ ᠡᠬᠢ ᠪᠠᠶᠠᠯᠢᠭ ᠤᠨ ᠦᠢᠯᠡᠳᠦᠯᠭᠡ ᠶᠢᠨ ᠬᠦᠮᠦᠨ      ᠬᠦᠮᠦᠵᠢᠭᠦᠯᠬᠦ ᠠᠵᠢᠯᠯᠠᠭ᠎ᠠ      6. ᠴᠢᠨᠠᠷᠯᠢᠭ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠎ᠡ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠵᠠᠯᠠᠭᠤᠴᠤᠳ ᠪᠠᠭᠠᠴᠤᠳ ᠤᠨ ᠣᠷᠳᠣᠨ᠂ ᠬᠡᠦᠬᠡᠳ ᠤᠨ ᠠᠵᠢᠯᠯᠠᠭᠠᠨ ᠤ ᠲᠥᠪ᠂ ᠮᠦᠽᠧᠶ᠂ ᠰᠣᠶᠣᠯ ᠤᠨ ᠣᠷᠳᠣᠨ᠂ ᠨᠣᠮ ᠤᠨ ᠰᠠᠩ᠂ ᠲᠥᠯᠥᠪᠵᠢᠭᠦᠯᠭᠡ ᠶᠢᠨ ᠦᠵᠡᠰᠬᠦᠯᠡᠩ ᠤᠨ ᠣᠷᠳᠣᠨ ᠪᠣᠯᠤᠨ ᠠᠵᠢᠯᠴᠢᠨ ᠲᠠᠷᠢᠶᠠᠴᠢᠨ ᠤ ᠠᠵᠤ ᠠᠬᠤᠶᠢᠯᠠᠯ ᠵᠡᠷᠭᠡ ᠨᠢᠭᠡᠴᠢ ᠶᠢ ᠨᠢᠭᠡᠳᠦᠯᠲᠡᠶ ᠳᠠᠶᠢᠴᠢᠯᠠᠵᠤ ᠰᠤᠷᠤᠭᠴᠢᠳ ᠲᠤ ᠬᠠᠷᠢᠶ᠎ᠠ ᠪᠦᠬᠦᠢ ᠣᠷᠳᠣᠨ᠂ ᠰᠠᠭᠤᠷᠢᠨ ᠭᠠᠵᠠᠷ᠂ ᠪᠠᠭᠤᠴᠠ᠂ ᠬᠦᠷᠢᠶᠡᠯᠡᠩ ᠲᠣᠭᠤᠷᠢᠭ᠂ ᠦᠢᠯᠡᠳᠪᠦᠷᠢᠯᠡᠯ ᠤᠨ ᠱᠣᠭᠤᠮ ᠵᠡᠷᠭᠡ ᠵᠢᠭᠰᠠᠭᠠᠯ ᠤᠨ ᠭᠠᠵᠠᠷ᠂ ᠲᠠᠪᠴᠠᠩ᠂ ᠠᠴᠢᠶᠠᠯᠠᠪᠤᠷᠢ ᠪᠣᠯᠤᠨ ᠡᠬᠢ ᠪᠠᠶᠠᠯᠢᠭ ᠢ ᠴᠢᠯᠥᠭᠡᠲᠡᠶ ᠨᠡᠭᠡᠭᠡᠵᠦ᠂ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠰᠤᠷᠭᠠᠨ ᠬᠥᠮᠦᠵᠢᠯ ᠢ ᠥᠷᠭᠡᠨ ᠢᠶᠠᠷ ᠬᠡᠷᠡᠭᠵᠢᠭᠦᠯᠬᠦ ᠳᠤ ᠪᠣᠳᠠᠰ ᠤᠨ ᠰᠠᠭᠤᠷᠢ ᠬᠠᠩᠭᠠᠨ᠎ᠠ᠃ ᠣᠷᠴᠢᠨ ᠠᠬᠤᠢ ᠶᠢ ᠬᠠᠮᠠᠭᠠᠯᠠᠬᠤ ᠲᠥᠬᠦᠭᠡᠷᠦᠮᠵᠢ ᠶᠢᠨ ᠨᠡᠭᠡᠭᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠭᠤᠯᠭ᠎ᠠ ᠬᠡᠯᠪᠡᠷᠢ ᠶᠢ ᠪᠠᠶᠠᠯᠢᠭᠵᠢᠭᠤᠯᠤᠨ᠂ ᠠᠮᠢ ᠠᠬᠤᠢ ᠣᠷᠴᠢᠨ ᠲᠣᠭᠤᠷᠢᠨ ᠤ ᠬᠥᠮᠦᠵᠢᠯ ᠤᠨ ᠰᠠᠭᠤᠷᠢᠨ  ᠢ           ᠪᠠᠶᠢᠭᠤᠯᠤᠨ᠎ᠠ᠃ ᠬᠡᠦᠬᠡᠳ ᠤᠨ ᠨᠥᠬᠦᠷᠰᠡᠭ ᠬᠤᠲᠠ ᠶᠢ ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠡᠯ᠎ᠡ ᠭᠠᠵᠠᠷ ᠤᠨ ᠬᠢᠨ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠣᠯᠠᠨ ᠴᠢᠳᠠᠮᠵᠢᠲᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠠᠶᠢᠭᠤᠯᠬᠤ ᠶᠢ ᠠᠬᠢᠭᠤᠯᠤᠨ᠎ᠠ᠃ ᠳᠡᠭᠡᠳᠦ ᠨᠠᠷᠢᠯᠢᠭ ᠣᠷᠦ᠋ᠢᠯᠠᠭᠰᠠᠨ ᠮᠡᠷᠭᠡᠵᠢᠯ ᠤᠨ ᠠᠵᠤ ᠠᠬᠤᠶᠢᠯᠠᠯ ᠪᠣᠯᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠴᠢᠨ ᠲᠠᠷᠢᠶᠠᠴᠢᠨ ᠤ ᠠᠵᠤ ᠠᠬᠤᠶᠢᠯᠠᠯ ᠢ ᠢᠳᠡᠪᠬᠢᠲᠡᠶ ᠳᠠᠶᠢᠴᠢᠯᠠᠵᠤ᠂ ᠪᠡᠯᠡ ᠮᠥᠩᠭᠦ ᠬᠠᠨᠳᠢᠪᠯᠠᠬᠤ᠂ ᠫᠠᠶᠢᠰᠠ ᠡᠯᠭᠦᠬᠦ᠂ ᠨᠡᠷ᠎ᠡ ᠬᠠᠳᠠᠬᠤ ᠵᠡᠷᠭᠡ ᠬᠡᠯᠪᠡᠷᠢ ᠪᠠᠷ ᠪᠠᠭᠤᠷᠠᠶ ᠭᠠᠵᠠᠷ ᠣᠷᠣᠨ᠂ ᠪᠠᠭᠤᠷᠠᠶ ᠰᠤᠷᠭᠠᠭᠤᠯᠢ ᠳᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠠᠯᠠᠪᠤᠷ ᠭᠠᠵᠠᠷ ᠢ ᠲᠤᠰᠠᠯᠠᠨ ᠪᠠᠶᠢᠭᠤᠯᠵᠤ᠂ ᠲᠥᠬᠦᠭᠡᠷᠦᠮᠵᠢ᠂ ᠪᠠᠭᠠᠵᠢ ᠬᠡᠷᠡᠭᠰᠡᠯ᠂ ᠨᠣᠮ ᠪᠢᠴᠢᠭ᠂ ᠵᠥᠭᠡᠯᠡᠨ ᠲᠣᠨᠤᠭ ᠵᠡᠷᠭᠡ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠡᠪᠯᠡᠯ ᠤᠨ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ︶      7. ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠪᠣᠯᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠬᠦᠷᠢᠶᠡᠯᠡᠩ ᠯᠦᠭᠡ ᠬᠠᠷᠢᠯᠴᠠᠬᠤ ᠶᠢ ᠳᠡᠮᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠲᠤᠷᠰᠢᠯᠲᠠ ᠶᠢᠨ ᠲᠠᠰᠤᠭ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠵᠣᠬᠢᠰᠲᠠᠶ ᠨᠡᠭᠡᠭᠡᠵᠦ᠂ ᠰᠢᠨᠵᠢᠯᠡᠬᠦ ᠤᠬᠠᠭᠠᠨ ︵ᠡᠪᠦᠯ ᠤᠨ ᠠᠮᠠᠷᠠᠯᠲᠠ ᠶᠢᠨ ᠭᠠᠵᠠᠷ︶ ᠤ ᠵᠤᠰᠠᠯᠠᠩ ᠵᠡᠷᠭᠡ ᠶᠢ ᠬᠠᠮᠵᠢᠨ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ  ᠤ ᠦᠢᠯᠡᠳᠦᠯᠭᠡ ᠶᠢᠨ ᠠᠵᠢᠯᠯᠠᠭ᠎ᠠ ᠳᠤ ᠬᠦᠴᠦᠲᠡᠶ ᠪᠠᠲᠤᠯᠠᠭ᠎ᠠ ᠬᠠᠩᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠬᠥᠮᠦᠵᠢᠯ ᠤᠨ ᠪᠠᠭᠤᠴᠠ ︵ᠰᠠᠭᠤᠷᠢᠨ ᠭᠠᠵᠠᠷ︶ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ︽ᠰᠢᠨᠵᠢᠯᠡᠬᠦ ᠤᠬᠠᠭᠠᠨ ᠤ ᠢᠯᠡ ᠬᠢᠴᠢᠶᠡᠯ︾᠂ ︽ᠰᠢᠨᠵᠢᠯᠡᠬᠦ ᠤᠬᠠᠭᠠᠨᠲᠠᠨ ︵ᠵᠣᠷᠢᠭ           ᠰᠠᠨᠠᠭ᠎ᠠ︶ ᠢ ᠰᠤᠷᠭᠠᠭᠤᠯᠢ  ᠶᠢᠨ ᠬᠦᠷᠢᠶᠡᠨ ᠳᠤ ᠣᠷᠣᠭᠤᠯᠬᠤ︾᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠠᠵᠢᠯᠯᠠᠭᠠᠨ ᠤ ᠭᠠᠷᠠᠭ᠂ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠨᠡᠭᠦᠳᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠰᠢᠨᠵᠢᠯᠡᠬᠦ ᠤᠬᠠᠭᠠᠨ ᠤ ᠪᠠᠶᠢᠴᠠᠭᠠᠯᠲᠠ ᠪᠠ ᠪᠡᠶᠡᠴᠢᠯᠡᠨ ᠣᠶᠢᠯᠠᠭᠠᠯᠲᠠ ᠵᠡᠷᠭᠡ ᠶᠢ ᠦᠷᠭᠦᠯᠵᠢᠯᠡᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠠᠬᠤᠢ ᠦᠵᠡᠭᠳᠡᠯ ᠤᠨ ᠮᠠᠶ᠋ᠢᠭᠲᠤ᠂ ᠪᠡᠶᠡᠴᠢᠯᠡᠨ ᠣᠶᠢᠯᠠᠭᠠᠬᠤ ᠮᠠᠶ᠋ᠢᠭᠲᠤ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ︽ᠰᠢᠨᠵᠢᠯᠡᠬᠦ ᠤᠬᠠᠭᠠᠨᠲᠠᠨ ᠤ ᠦᠯᠢᠭᠡᠷ ᠵᠢᠴᠢ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠭᠡᠬᠦ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢᠨ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠢ ᠡᠷᠬᠢᠯᠡᠵᠦ᠂ ︽ᠬᠢᠯᠢ ᠬᠢᠵᠠᠭᠠᠷ ᠤᠨ ᠬᠤᠰᠢᠭᠤ ᠰᠢᠶᠠᠨ ᠳᠤ ᠣᠷᠣᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠵᠦᠢᠯ᠂ ᠰᠢᠨᠵᠢᠯᠡᠬᠦ ᠤᠬᠠᠭᠠᠨ ᠤ ᠬᠢᠴᠢᠶᠡᠯ ᠤᠨ ᠵᠢᠷᠤᠭ ᠲᠥᠯᠥᠪᠯᠡᠭᠡ ᠵᠢᠴᠢ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠡᠪᠯᠡᠯ ᠤᠨ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ︶      8. ᠠᠵᠤ ᠠᠬᠤᠶᠢᠯᠠᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠥᠷᠭᠡᠳᠬᠡᠨ᠎ᠡ᠃ ᠮᠠᠨ ᠤ ᠣᠷᠣᠨ ᠤ ᠬᠤᠪᠣᠷ ᠰᠢᠷᠣᠢ᠂ ᠡᠨᠧᠷᠭᠢ᠂ ᠴᠠᠬᠢᠯᠭᠠᠨ ᠬᠦᠴᠦᠨ᠂  ᠰᠦᠨ ᠤ ᠦᠢᠯᠡᠰ᠂ ᠮᠠᠯ ᠠᠵᠤ ᠠᠬᠤᠢ᠂ ᠠᠮᠢᠳᠤ ᠪᠣᠳᠠᠰ ᠤᠨ ᠡᠮ ᠦᠢᠯᠡᠳᠬᠦ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠵᠡᠷᠭᠡ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠴᠢᠨ ᠲᠠᠷᠢᠶᠠᠴᠢᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ︽ᠮᠡᠷᠭᠡᠵᠢᠯ ᠤᠨ ᠪᠥᠲᠦᠭᠡᠭᠳᠡᠭᠦᠨ  ᠢ ᠢᠲᠡᠭᠡᠯ ᠳᠦᠭᠦᠷᠡᠩ ᠪᠡᠶᠡᠴᠢᠯᠡᠨ ᠣᠶᠢᠯᠠᠭᠠᠬᠤ︾ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠪᠣᠳᠠᠲᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠭᠤᠯᠵᠤ᠂ ᠮᠠᠨ ᠤ ᠣᠷᠣᠨ ᠤ ᠲᠤᠯᠭᠠᠭᠤᠷᠢ ᠠᠵᠤ ᠦᠢᠯᠡᠰ ᠢ ᠣᠶᠢᠯᠠᠭᠠᠭᠤᠯᠵᠤ᠂ ᠬᠥᠳᠡᠯᠮᠦᠷᠢ ᠶᠢᠨ ᠵᠣᠷᠢᠭ ᠰᠠᠨᠠᠭ᠎ᠠ᠂ ᠰᠤᠳᠤᠯᠬᠤ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠪᠠ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠣᠶᠢᠯᠠᠭᠠᠭᠤᠯᠵᠤ᠂ ᠨᠤᠲᠤᠭ ᠤᠰᠤᠨ ᠤ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠪᠦᠲᠦᠭᠡᠨ ᠪᠠᠶᠢᠭᠤᠯᠬᠤ ᠰᠢᠨᠵᠢᠯᠡᠬᠦ ᠤᠬᠠᠭᠠᠨ ᠤ ᠵᠣᠷᠢᠯᠲᠠ ᠶᠢ ᠪᠣᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      9. ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠡᠪ ᠵᠠᠭᠪᠤᠷ ᠢ ᠰᠢᠯᠢᠳᠡᠭᠵᠢᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠰᠦᠯᠵᠢᠶᠡᠨ ᠳᠠᠬᠢ ︽ᠰᠢᠨᠵᠢᠯᠡᠬᠦ  ᠤᠬᠠᠭᠠᠨ ᠤ ᠢᠯᠡ ᠬᠢᠴᠢᠶᠡᠯ︾᠂ ︽ᠭᠡᠷ ᠪᠦᠯᠢ ᠶᠢᠨ           ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ  ᠢ ᠵᠢᠯᠣᠭᠤᠳᠬᠤ ᠬᠢᠴᠢᠶᠡᠯ︾ ᠵᠡᠷᠭᠡ ᠶᠢ ᠦᠢᠯᠡᠳᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠰᠢᠨᠵᠢᠯᠡᠬᠦ ᠤᠬᠠᠭᠠᠨᠲᠠᠨ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ           ᠠᠵᠢᠯᠲᠠᠨ︶᠂ ᠰᠢᠨᠵᠢᠯᠡᠬᠦ ᠤᠬᠠᠭᠠᠨ ᠤ ᠬᠢᠴᠢᠶᠡᠯ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ  ᠤᠨ ᠲᠠᠯᠠᠪᠤᠷ ᠭᠠᠵᠠᠷ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠡᠬᠢ ᠪᠠᠶᠠᠯᠢᠭ ᠢ ᠴᠤᠭᠯᠠᠭᠤᠯᠬᠤ᠂ ᠵᠣᠯᠭᠠᠭᠤᠯᠬᠤ᠂ ᠲᠣᠬᠢᠷᠠᠭᠤᠯᠬᠤ ᠲᠣᠭᠲᠠᠴᠠ ᠶᠢ ᠴᠢᠩᠭᠠᠷᠠᠭᠤᠯᠤᠨ᠂ ᠣᠷᠣᠨ ᠨᠤᠲᠤᠭ ᠵᠢᠴᠢ ᠰᠤᠷᠭᠠᠭᠤᠯᠢ ᠶᠢ ᠰᠣᠩᠭᠤᠨ ᠬᠡᠷᠡᠭᠯᠡᠬᠦ ᠶᠢ ᠥᠨᠳᠥᠷ ᠪᠦᠲᠦᠮᠵᠢᠲᠡᠢ ᠪᠥᠭᠡᠳ ᠡᠮᠬᠢ ᠵᠢᠷᠤᠮ ᠲᠠᠢ ᠲᠣᠬᠢᠷᠠᠭᠤᠯᠤᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠡᠬᠢ ᠪᠠᠶᠠᠯᠢᠭ ᠢ ᠪᠦᠷᠢᠳᠬᠡᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠲᠤᠰᠢᠶᠠᠯ ᠬᠠᠪᠰᠤᠷᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠡᠩᠨᠡᠭᠡ ᠶᠢ ᠬᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠮᠢᠩᠭᠠᠨ ᠲᠤᠰᠬᠠᠢ ᠮᠡᠷᠭᠡᠵᠢᠯᠲᠡᠨ ᠢ ᠮᠢᠩᠭᠠᠨ ᠰᠤᠷᠭᠠᠭᠤᠯᠢ ᠳᠤ ᠣᠷᠣᠭᠤᠯᠬᠤ︾ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠰᠢᠨᠵᠢᠯᠡᠬᠦ ᠤᠬᠠᠭᠠᠨᠲᠠᠨ᠂ ᠢᠨᠵᠧᠨᠧᠷ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠬᠠᠮᠠᠳ ᠠᠵᠢᠯᠲᠠᠨ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠳᠤ  ᠣᠷᠣᠭᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠪᠤᠶᠤ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠳᠤ ᠣᠷᠣᠯᠴᠠᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      10. ᠦᠨᠡᠯᠡᠵᠦ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠴᠢᠨᠠᠷ ᠴᠢᠨᠰᠠᠭ᠎ᠠ ᠶᠢ ᠦᠨᠡᠯᠡᠬᠦ ᠳᠦᠷᠢᠮ ᠢ ᠲᠣᠭᠲᠠᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠯᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠨᠡᠯᠡᠬᠦ ᠲᠠᠪᠴᠠᠩ ᠢ ᠡᠬᠢᠯᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠴᠢᠨᠠᠷ ᠴᠢᠨᠰᠠᠭ᠎ᠠ ᠶᠢ ᠦᠨᠡᠯᠡᠬᠦ ᠳᠦᠷᠢᠮ ᠳᠤ ᠣᠷᠣᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢ ᠵᠢᠯᠣᠭᠤᠳᠴᠤ ᠥᠪᠡᠷ ᠢ ᠪᠠᠨ ᠦᠨᠡᠯᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭᠠᠲᠤ ᠰᠤᠷᠭᠠᠭᠤᠯᠢ ᠪᠠᠶᠢᠴᠠᠭᠠᠭᠴᠢ ᠪᠠᠶᠢᠩᠭᠤ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶      ︵ᠭᠤᠷᠪᠠ︶ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ      ᠰᠢᠨ᠎ᠡ ᠶᠢ ᠡᠭᠦᠳᠬᠦ ᠠᠵᠢᠯᠯᠠᠭ᠎ᠠ      11. ᠲᠤᠷᠰᠢᠯᠲᠠ ᠶᠢᠨ ᠣᠷᠣᠨ ᠤ ᠲᠤᠷᠰᠢᠯᠲᠠ ᠶᠢᠨ ᠰᠤᠷᠭᠠᠭᠤᠯᠢ ᠶᠢ ᠡᠭᠦᠳᠦᠨ             ᠪᠠᠶᠢᠭᠤᠯᠤᠨ᠎ᠠ᠃ ᠤᠯᠤᠰ ᠤᠨ ᠳᠡᠰ ᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠤᠷᠰᠢᠯᠲᠠ ᠶᠢᠨ ᠣᠷᠣᠨ᠂ ᠲᠤᠷᠰᠢᠯᠲᠠ ᠶᠢᠨ ᠰᠤᠷᠭᠠᠭᠤᠯᠢ ᠪᠠ ᠬᠢᠮᠡᠯ ᠣᠶᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠣᠷᠴᠢᠨ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ᠂ ᠲᠤᠷᠰᠢᠯᠲᠠ ᠶᠢᠨ ᠣᠷᠣᠨ ︵ᠰᠤᠷᠭᠠᠭᠤᠯᠢ︶ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠬᠦ ᠶᠢ ᠵᠣᠷᠢᠭᠵᠢᠭᠤᠯᠤᠨ ᠳᠡᠮᠵᠢᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ  ᠤ ᠳᠡᠰ ᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ᠂ ᠬᠢᠮᠡᠯ ᠣᠶᠤᠨ ᠵᠡᠷᠭᠡ ᠨᠢᠭᠡ ᠪᠦᠯᠦᠭ ᠲᠤᠷᠰᠢᠯᠲᠠ ᠶᠢᠨ ᠣᠷᠣᠨ᠂ ᠲᠤᠷᠰᠢᠯᠲᠠ ᠶᠢᠨ ᠰᠤᠷᠭᠠᠭᠤᠯᠢ ᠶᠢ ᠰᠣᠩᠭᠤᠬᠤ ᠪᠠ ᠮᠠᠭᠠᠳᠯᠠᠨ ᠲᠣᠭᠲᠠᠭᠠᠵᠤ᠂ ︽ᠨᠢᠭᠡ ᠪᠦᠯᠦᠭ ᠨᠢ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠰᠢᠯᠭᠠᠨ ᠠᠪᠬᠤ᠂ ᠨᠢᠭᠡ ᠪᠦᠯᠦᠭ ᠢ ᠮᠠᠭᠠᠳᠯᠠᠨ ᠲᠣᠭᠲᠠᠭᠠᠬᠤ︾ ᠵᠠᠷᠴᠢᠮ ᠶᠣᠰᠣᠭᠠᠷ᠂ ᠪᠠᠶᠢᠷᠢᠰᠢᠯᠠᠭᠤᠯᠤᠯᠲᠠ ᠵᠦᠢ ᠵᠣᠬᠢᠰᠲᠠᠢ᠂ ᠣᠨᠴᠠᠯᠢᠭ ᠣᠯᠠᠨ ᠶᠠᠩᠵᠤᠴᠢᠯᠠᠭᠰᠠᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      12. ᠴᠢᠳᠠᠪᠤᠷᠢᠲᠠᠨ ᠰᠣᠩᠭᠤᠬᠤ ᠲᠣᠭᠲᠠᠴᠠ ᠶᠢ ᠰᠦᠪᠡᠭᠴᠢᠯᠡᠨ᠎ᠡ᠃ ᠣᠷᠦ᠋ᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠰᠣᠩᠭᠤᠵᠤ ᠬᠥᠮᠦᠵᠢᠭᠦᠯᠬᠦ ᠪᠦᠲᠦᠮᠵᠢᠲᠡᠢ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ︽ᠳᠤᠮᠳᠠᠳᠤ ᠰᠤᠷᠭᠠᠭᠤᠯᠢ ᠶᠢᠨ ᠭᠠᠷᠮᠠᠭᠠᠢ ᠴᠢᠳᠠᠪᠤᠷᠢᠲᠠᠨ ᠤ ᠲᠥᠯᠥᠪᠯᠡᠭᠡ︾᠂ ︽ᠰᠠᠭᠤᠷᠢ ᠬᠢᠴᠢᠶᠡᠯ ᠲᠥᠷᠦᠯ ᠤᠨ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠲᠥᠯᠥᠪᠯᠡᠭᠡ︾᠂ ︽ᠵᠠᠯᠠᠭᠤᠴᠤᠳ ᠪᠠᠭᠠᠴᠤᠳ ᠤᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠪᠠᠭᠤᠴᠠ︾᠂ ︽ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠡᠯᠡᠳᠬᠡᠯ ᠴᠢᠳᠠᠪᠤᠷᠢᠲᠠᠨ ᠢ           ᠬᠥᠮᠦᠵᠢᠭᠦᠯᠬᠦ︾ ᠵᠡᠷᠭᠡ ᠲᠥᠷᠥᠯ ᠵᠦᠢᠯ ᠢ ᠰᠣᠩᠭᠤᠵᠤ᠂ ᠬᠥᠮᠥᠵᠢᠭᠦᠯᠵᠦ᠂ ᠬᠡᠷᠡᠭᠯᠡᠬᠦ ᠲᠠᠯ᠎ᠠ ᠪᠠᠷ ᠲᠤᠰ ᠲᠤᠰ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠡᠮᠬᠢ ᠵᠢᠷᠤᠮ ᠲᠠᠢ ᠬᠡᠷᠡᠭᠵᠢᠭᠦᠯᠬᠦ ᠶᠢ ᠠᠬᠢᠭᠤᠯᠵᠤ᠂ ᠬᠥᠮᠦᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠪᠣᠯᠤᠨ ᠳᠤᠮᠳᠠᠳᠤ ᠰᠤᠷᠭᠠᠭᠤᠯᠢ ᠬᠠᠮᠲᠤᠷᠠᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠥᠷᠲᠡᠭᠡ᠂ ᠴᠢᠳᠠᠪᠤᠷᠢᠲᠠᠨ ᠬᠥᠮᠦᠵᠢᠭᠦᠯᠬᠦ ᠠᠩᠭᠢ ᠶᠢ ᠬᠠᠮᠲᠤ ᠳᠤ ᠪᠠᠨ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠶᠡᠭᠡ ᠰᠤᠷᠭᠠᠭᠤᠯᠢ᠂ ᠳᠤᠮᠳᠠᠳᠤ ᠰᠤᠷᠭᠠᠭᠤᠯᠢ ᠶᠢᠨ ᠬᠤᠣᠰ ᠵᠢᠯᠣᠭᠤᠳᠣᠭᠴᠢ ᠪᠠᠭᠰᠢ ᠶᠢᠨ ᠳᠦᠷᠢᠮ ᠢ ᠰᠦᠪᠡᠭᠴᠢᠯᠡᠵᠦ᠂ ᠠᠪᠢᠶᠠᠰ ᠲᠤ ᠨᠢ ᠲᠣᠬᠢᠷᠠᠭᠤᠯᠤᠨ           ᠵᠢᠭᠠᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠠᠮᠢᠳᠤ ᠪᠣᠳᠠᠰ ᠤᠨ ᠰᠢᠨᠵᠢᠯᠡᠬᠦ ᠤᠬᠠᠭᠠᠨ ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠲᠥᠯᠥᠪᠯᠡᠭᠡ 2.0 ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠠᠭᠤᠷᠢ ᠰᠢᠨᠵᠢᠯᠡᠭᠡᠨ ᠤ ᠰᠠᠯᠠᠭᠠᠨ ᠤ ᠣᠷᠦ᠋ᠢᠯᠠᠭᠰᠠᠨ ᠰᠤᠷᠤᠭᠴᠢ ᠶᠢ ᠬᠥᠮᠦᠵᠢᠭᠦᠯᠬᠦ ᠰᠠᠭᠤᠷᠢᠨ ᠭᠠᠵᠠᠷ ᠢ ᠰᠠᠶᠢᠲᠤᠷ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠳᠤᠯᠭᠠᠨ ᠤ ᠬᠦᠷᠢᠶᠡᠯᠡᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      13. ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠠᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ  ᠳᠤ ᠳᠡᠪᠰᠢᠬᠦ ᠰᠢᠯᠭᠠᠯᠲᠠ ᠶᠢᠨ ᠰᠡᠳᠦᠪ ᠤᠨ ᠬᠡᠯᠪᠡᠷᠢ ᠶᠢ ᠲᠡᠭᠦᠯᠳᠡᠷᠵᠢᠭᠦᠯᠵᠦ᠂ ᠬᠡᠪ ᠪᠣᠯᠪᠠᠰᠤᠷᠠᠯ ᠢᠶᠠᠷ ᠭᠤᠣᠯ ᠰᠠᠨᠠᠭ᠎ᠠ ᠶᠢ ᠳᠣᠭᠲᠠᠭᠠᠬᠤ ᠶᠢ ᠪᠠᠷᠢᠮᠲᠠᠯᠠᠨ᠂ ᠰᠢᠯᠭᠠᠯᠲᠠ ᠶᠢᠨ ᠰᠡᠳᠦᠪ ᠤᠨ ᠰᠦᠪᠡᠭᠴᠢᠯᠡᠯᠳᠦ ᠴᠢᠨᠠᠷ᠂ ᠨᠡᠭᠡᠭᠡᠯᠲᠡᠲᠦ ᠴᠢᠨᠠᠷ᠂ ᠶᠡᠷᠦᠩᠬᠡᠶᠢᠯᠡᠭᠰᠡᠨ ᠴᠢᠨᠠᠷ ᠢ ᠴᠢᠩᠭᠠᠳᠬᠠᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠬᠥᠮᠦᠵᠢᠭᠦᠯᠦᠨ᠎ᠡ᠃ ᠣᠯᠠᠨ ᠡᠰᠢᠵᠢᠭᠦᠯᠦᠭᠰᠡᠨ ᠦᠨᠡᠯᠡᠬᠦ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠰᠤᠷᠤᠭᠴᠢᠳ ᠤᠨ ᠡᠳᠦᠷ ᠲᠤᠲᠤᠮ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠣᠷᠣᠯᠴᠠᠭᠰᠠᠨ ᠪᠠᠶᠢᠳᠠᠯ ᠢ ᠶᠡᠷᠦᠩᠬᠡᠶᠢᠯᠡᠨ᠂ ᠡᠯ᠎ᠡ ᠠᠶᠢᠮᠠᠭ ᠬᠤᠲᠠ ᠶᠢᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠹᠢᠽᠢᠺ ᠬᠢᠮᠢ ᠠᠮᠢᠳᠤ ᠪᠣᠳᠠᠰ ᠤᠨ ᠲᠤᠷᠰᠢᠯᠲᠠ ᠶᠢᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ᠃ ᠰᠡᠳᠦᠪ ᠭᠠᠷᠭᠠᠭᠰᠠᠨ ᠪᠠᠭᠰᠢ ᠶᠢᠨ ᠬᠥᠮᠥᠷᠭᠡ ᠶᠢ ᠰᠣᠩᠭᠤᠨ ᠪᠠᠶᠢᠭᠤᠯᠵᠤ᠂ ᠭᠤᠣᠯ ᠰᠡᠳᠦᠪ ᠭᠠᠷᠭᠠᠭᠰᠠᠨ ᠪᠠᠭᠰᠢ ᠶᠢ ᠰᠣᠩᠭᠤᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠰᠡᠳᠦᠪ ᠭᠠᠷᠭᠠᠬᠤ ᠪᠠᠭᠰᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠵᠣᠬᠢᠴᠠᠬᠤ ᠰᠢᠯᠭᠠᠯᠲᠠ ᠶᠢ ᠥᠷᠨᠢᠭᠦᠯᠦᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠤᠨ ᠬᠦᠴᠢᠷᠳᠡᠯ ᠢ ᠵᠦᠢ ᠵᠣᠬᠢᠰᠲᠠᠢ ᠲᠣᠭᠲᠠᠭᠠᠵᠤ᠂ ᠠᠯᠪᠠᠨ ᠵᠢᠷᠤᠮ ᠤᠨ ᠬᠢᠴᠢᠶᠡᠯ ᠤᠨ ᠪᠠᠷᠢᠮᠵᠢᠶ᠎ᠠ ᠪᠥᠬᠦᠢ ᠰᠡᠳᠦᠪ ᠭᠠᠷᠭᠠᠬᠤ ᠶᠢ ᠴᠢᠩᠭ᠎ᠠ ᠵᠢᠷᠤᠮᠯᠠᠨ᠂ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠭᠠᠵᠠᠷ ᠵᠦᠢ ᠪᠠ ᠠᠮᠢᠳᠤ ᠪᠣᠳᠠᠰ ᠤᠨ ᠤᠬᠠᠭᠠᠨ ︵ᠪᠡᠶ᠎ᠡ ᠶᠢᠨ ᠲᠠᠮᠢᠷ ᠡᠷᠡᠭᠦᠯ ᠮᠡᠨᠳᠦ ᠶᠢᠨ ᠮᠡᠳᠡᠯᠭᠡ ᠶᠢ ᠪᠠᠭᠲᠠᠭᠠᠨ᠎ᠠ︶ ᠤ ᠰᠤᠷᠤᠯᠭ᠎ᠠ ᠲᠡᠭᠦᠰᠬᠦ ᠰᠢᠯᠭᠠᠯᠲᠠ ᠶᠢᠨ ᠰᠡᠳᠦᠪ ᠢ ᠪᠦᠬᠦ ᠣᠷᠣᠨ ᠳᠤ ᠨᠢᠭᠡᠳᠦᠯᠲᠡᠢ ᠰᠡᠳᠦᠪ ᠭᠠᠷᠭᠠᠬᠤ ᠶᠢ ᠪᠡᠶᠡᠯᠡᠭᠦᠯᠵᠦ᠂ 2025 ᠣᠨ ᠤ ᠪᠦᠬᠦ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ︶ ᠶᠢᠨ ᠪᠢᠷ ᠤᠨ ᠰᠢᠯᠭᠠᠯᠲᠠ ᠶᠢᠨ ᠰᠡᠳᠦᠪ ᠢ ᠪᠦᠬᠦ ᠣᠷᠣᠨ ᠳᠤ ᠨᠢᠭᠡᠳᠦᠯᠲᠡᠢ ᠰᠡᠳᠦᠪ ᠭᠠᠷᠭᠠᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶      14. ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠤᠷᠤᠯᠳᠤᠭᠠᠨ ᠢ             ᠵᠢᠷᠤᠮᠵᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠬᠢᠴᠢᠶᠡᠯ ᠲᠥᠷᠦᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠤᠯᠢ ᠶᠣᠰᠣᠭᠠᠷ ᠡᠵᠡᠩᠨᠡᠬᠦ᠂ ᠵᠢᠷᠤᠮᠵᠢᠭᠤᠯᠤᠨ ᠬᠥᠭᠵᠢᠭᠦᠯᠬᠦ ᠶᠢ ᠬᠥᠲᠥᠯᠥᠨ ᠵᠢᠯᠣᠭᠤᠳᠴᠤ᠂ ᠰᠤᠷᠤᠭᠴᠢᠳ ᠤᠨ ᠥᠪᠡᠷᠮᠢᠴᠡ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠢ ᠬᠠᠩᠭᠠᠨ᠎ᠠ᠃ ᠵᠥᠪ ᠢᠶᠠᠷ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠵᠢᠯᠣᠭᠤᠳᠤᠨ ︽ᠴᠠᠭᠠᠨ ᠨᠡᠷᠡᠰ ᠤᠨ ᠵᠢᠭᠰᠠᠭᠠᠯᠲᠠ︾  ᠶᠢᠨ ᠤᠷᠤᠯᠳᠤᠭᠠᠨ ᠳᠤ ᠣᠷᠣᠯᠴᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠥᠰᠦᠨ ᠪᠤᠶᠢᠵᠢᠬᠤ ᠲᠠᠪᠴᠠᠩ ᠢ ᠪᠠᠶᠢᠭᠤᠯᠤᠨ᠂ ᠨᠢᠭᠤᠭᠳᠠᠮᠠᠯ ᠬᠦᠴᠦᠨ ᠪᠥᠬᠦᠢ ᠰᠤᠷᠤᠭᠴᠢ ᠶᠢ ᠢᠯᠡᠷᠡᠭᠦᠯᠵᠦ᠂ ᠲᠡᠳᠡᠨ ᠢ ᠬᠥᠲᠥᠯᠥᠨ ᠵᠢᠯᠣᠭᠤᠳᠴᠤ ᠰᠢᠨᠵᠢᠯᠡᠬᠦ ᠤᠬᠠᠭᠠᠨ ᠤ ᠰᠤᠳᠤᠯᠭᠠᠨ ᠳᠤ ᠢᠳᠡᠪᠬᠢᠲᠡᠢ          ᠣᠷᠣᠯᠴᠠᠭᠤᠯᠤᠨ᠎ᠠ᠃ ᠨᠢᠭᠡᠳᠦᠯᠲᠡᠢ ᠲᠥᠯᠥᠪᠯᠡᠬᠦ ᠪᠠ ᠬᠢᠨᠠᠨ ᠬᠠᠮᠢᠶᠠᠷᠬᠤ  ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠭᠰᠠᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠤ ᠠᠵᠢᠯᠯᠠᠭ᠎ᠠ ᠶᠢ ᠵᠢᠷᠤᠮᠵᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠮᠡᠳᠡᠭᠦᠯᠦᠨ ᠳᠠᠩᠰᠠᠯᠠᠭᠤᠯᠤᠭᠰᠠᠨ ᠦᠭᠡᠢ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠯᠳᠤᠭᠠᠨ ᠤ ᠲᠥᠷᠥᠯ ᠵᠦᠢᠯ ᠡᠷᠬᠢᠯᠡᠬᠦ ᠶᠢ ᠬᠤᠷᠢᠭᠯᠠᠨ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠤᠬᠠᠮᠰᠠᠷ ᠢ ᠬᠥᠮᠦᠵᠢᠭᠦᠯᠬᠦ ᠳᠤ ᠠᠰᠢᠭᠲᠠᠢ ᠤᠷᠤᠯᠳᠤᠭᠠᠨ ᠤ ᠠᠵᠢᠯᠯᠠᠭ᠎ᠠ ᠶᠢ ᠳᠡᠮᠵᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭᠠᠨ ᠤ ᠦᠷ᠎ᠡ ᠪᠦᠲᠦᠭᠡᠯ ᠢ ᠳᠡᠯᠭᠡᠨ ᠦᠵᠡᠭᠦᠯᠵᠦ ᠰᠣᠯᠢᠯᠴᠠᠬᠤ ᠲᠠᠪᠴᠠᠩ ᠢ ᠪᠠᠶᠢᠭᠤᠯᠵᠤ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ︶      15. ᠭᠡᠷ ᠪᠦᠯᠢ ᠰᠤᠷᠭᠠᠭᠤᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠶᠢ ᠠᠬᠢᠭᠤᠯᠤᠨ᠎ᠠ᠃ ᠭᠡᠷ ᠪᠦᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠶᠡᠭᠡ ᠪᠠᠷ ᠰᠠᠨᠠᠭᠠᠴᠢᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠨ᠎ᠡ ᠥᠷᠲᠡᠭ ᠢ ᠲᠣᠪᠤᠶᠢᠯᠭᠠᠨ ᠬᠥᠲᠥᠯᠥᠨ ᠳᠠᠭᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠬᠦᠴᠦᠨ ᠢ  ᠬᠤᠷᠠᠮᠳᠤᠭᠤᠯᠤᠨ᠂ ᠭᠡᠷ ᠪᠦᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠢᠯᠡ ᠬᠢᠴᠢᠶᠡᠯ ᠭᠠᠷᠭᠠᠵᠤ᠂ ᠣᠯᠠᠨ ᠬᠡᠯᠪᠡᠷᠢᠲᠦ ᠭᠡᠷ ᠪᠦᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠦᠨ᠂ ︽ᠭᠡᠷ ᠤᠨ ᠡᠭᠦᠳᠡᠨ ᠳᠠᠬᠢ︾ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠲᠦᠭ ᠲᠦᠮᠡᠨ ᠠᠶᠢᠯ ᠡᠷᠦᠬᠡ ᠳᠤ ᠣᠷᠣᠭᠤᠯᠬᠤ ᠶᠢ ᠠᠬᠢᠭᠤᠯᠵᠤ᠂ ᠭᠡᠷ ᠤᠨ ᠠᠬᠠᠮᠠᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠯ ᠤᠬᠠᠮᠰᠠᠷ ᠪᠣᠯᠤᠨ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠭᠡᠷ ᠤᠨ ᠠᠬᠠᠮᠠᠳ ᠤᠨ ᠰᠤᠷᠭᠠᠭᠤᠯᠢ᠂ ᠬᠡᠦᠬᠡᠳ ᠤᠨ ᠭᠡᠷ ᠣᠷᠣᠨ᠂ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠠᠵᠢᠯᠯᠠᠬᠤ ᠲᠠᠰᠤᠭ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠰᠠᠭᠤᠷᠢᠨ ᠭᠠᠵᠠᠷ ᠵᠡᠷᠭᠡ ᠦᠢᠯᠡᠴᠢᠯᠡᠭᠡᠨ ᠤ ᠬᠡᠯᠪᠡᠷᠢ ᠪᠣᠯᠤᠨ ᠵᠠᠭᠪᠤᠷ ᠢ ᠠᠰᠢᠭᠯᠠᠨ᠂ ᠭᠡᠷ ᠪᠦᠯᠢ ᠪᠣᠯᠤᠨ ᠵᠠᠯᠠᠭᠤᠴᠤᠳ ᠪᠠᠭᠠᠴᠤᠳ ᠲᠤ ᠬᠠᠨᠳᠤᠭᠤᠯᠤᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠬᠢᠨ᠎ᠡ᠃ ᠡᠴᠢᠭᠡ ᠡᠬᠡ ᠦᠷ᠎ᠡ ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠩᠰᠢᠯᠭ᠎ᠠ ᠶᠢ ᠳᠡᠯᠭᠡᠷᠡᠭᠦᠯᠵᠦ᠂ ᠭᠡᠷ ᠤᠨ ᠠᠬᠠᠮᠠᠳ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠦᠵᠡᠯᠲᠡ ᠶᠢ ᠬᠤᠪᠢᠷᠠᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠶᠢ ᠪᠦᠲᠦᠮᠵᠢᠲᠡᠢ ᠠᠬᠢᠭᠤᠯᠤᠨ᠂ ᠬᠡᠦᠬᠡᠳ ᠢ ᠰᠢᠨᠵᠢᠯᠡᠬᠦ ᠤᠬᠠᠭᠠᠨ ᠢᠶᠠᠷ ᠰᠡᠩᠬᠡᠷᠡᠭᠦᠯᠬᠦ᠂ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠵᠡᠷᠭᠡ ᠲᠠᠯ᠎ᠠ ᠪᠠᠷ ᠬᠢ ᠭᠡᠷ ᠪᠦᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠠᠭᠠᠴᠤᠳ ᠤᠨ ᠠᠵᠢᠯ ᠤᠨ ᠵᠥᠪᠯᠡᠯ︶      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ  ᠪᠠᠨ ᠦᠨᠡᠨ ᠬᠦ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠬᠡᠦᠬᠡᠳ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠥᠰᠦᠨ ᠪᠤᠶᠢᠵᠢᠬᠤ᠂ ᠪᠦᠬᠦ ᠲᠠᠯ᠎ᠠ ᠪᠠᠷ ᠬᠥᠭᠵᠢᠬᠦ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠥᠪᠡᠷᠲᠡᠭᠡᠨ ᠵᠠᠰᠠᠬᠤ ᠣᠷᠣᠨ ᠨᠢᠭᠡᠳᠦᠯᠲᠡᠢ ᠲᠥᠯᠥᠪᠯᠡᠬᠦ᠂ ᠠᠶᠢᠮᠠᠭ ᠬᠤᠲᠠ ᠵᠢᠯᠣᠭᠤᠳᠬᠤ᠂ ᠬᠤᠰᠢᠭᠤ ᠰᠢᠶᠠᠨ ︵ᠬᠤᠲᠠ᠂ ᠲᠣᠭᠤᠷᠢᠭ︶ ᠬᠡᠷᠡᠭᠵᠢᠭᠦᠯᠬᠦ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠤᠰ ᠭᠠᠵᠠᠷ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠪᠠᠲᠤᠯᠠᠭ᠎ᠠ ᠶᠢ ᠰᠠᠨᠠᠭᠠᠴᠢᠯᠠᠭ᠎ᠠ ᠠᠴᠠ ᠪᠠᠨ ᠣᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠶᠢ  ᠪᠠᠲᠤᠯᠠᠨ᠎ᠠ᠃ ᠡᠯ᠎ᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ‍ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠵᠤ᠂ ᠥᠪᠡᠷ ᠤᠨ ᠰᠢᠨᠵᠢᠯᠡᠬᠦ ᠤᠬᠠᠭᠠᠨ ᠤ ᠰᠣᠳᠤᠯᠭᠠᠨ ᠤ ᠳᠠᠪᠠᠭᠤᠯᠢᠭ ᠪᠣᠯᠤᠨ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠠᠰᠢᠭᠯᠠᠨ ᠂ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠢᠳᠡᠪᠬᠢᠲᠡᠢ ᠳᠡᠮᠵᠢᠨ ᠣᠷᠣᠯᠴᠠᠨ᠎ᠠ᠃      ︵ᠬᠤᠶᠠᠷ︶ ᠦᠢᠯᠡᠴᠢᠯᠡᠭᠡᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠠᠯ᠎ᠠ ᠶᠢᠨ ᠪᠡᠯᠡ ᠮᠥᠩᠭᠦ ᠪᠠ ᠲᠥᠷᠥᠯ ᠵᠦᠢᠯ ᠢ ᠨᠢᠭᠡᠳᠦᠯᠲᠡᠢ ᠲᠥᠯᠥᠪᠯᠡᠨ᠂ ᠨᠡᠶᠢᠭᠡᠮ ᠤᠨ ᠪᠡᠯᠡ ᠮᠥᠩᠭᠦ ᠶᠢ ᠥᠷᠭᠡᠨ ᠢᠶᠠᠷ ᠣᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠲᠥᠷᠥᠯ ᠵᠦᠢᠯ ᠪᠠ ᠢᠯᠡ ᠡᠬᠢ ᠪᠠᠶᠠᠯᠢᠭ ᠤᠨ ᠭᠤᠣᠯᠳᠠᠯᠭ᠎ᠠ ᠶᠢ ᠬᠥᠳᠡᠭᠡ ᠲᠣᠰᠬᠤᠨ ᠤ ᠭᠠᠵᠠᠷ ᠣᠷᠣᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠲᠡᠶᠢᠰᠢ ᠬᠡᠯᠪᠠᠶᠢᠯᠭᠡᠵᠦ᠂ ᠪᠠᠭᠤᠷᠠᠢ ᠰᠤᠷᠭᠠᠭᠤᠯᠢ ᠵᠢᠴᠢ ᠣᠨᠴᠠᠭᠠᠢ ᠬᠡᠦᠬᠡᠳ ᠤᠨ ᠬᠠᠮᠲᠤᠯᠢᠭ ᠢ ᠬᠠᠯᠠᠮᠵᠢᠯᠠᠨ ᠬᠠᠪᠰᠤᠷᠴᠤ ᠵᠢᠯᠣᠭᠤᠳᠤᠨ᠎ᠠ᠃ ᠰᠤᠷᠭᠠᠨ ᠬᠥᠮᠦᠵᠢᠯ ᠢᠶᠠᠷ ᠰᠤᠷᠤᠯᠭ᠎ᠠ ᠶᠢ ᠲᠡᠳᠬᠦᠬᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠳᠤᠯᠤᠨ ᠰᠤᠷᠤᠯᠴᠠᠬᠤ ᠠᠵᠢᠯ ᠢ ᠦᠨᠡᠨ ᠬᠦ ᠰᠠᠶᠢᠲᠤᠷ ᠬᠢᠨ᠎ᠡ᠃ ᠡᠯ᠎ᠡ ᠡᠬᠢ ᠪᠠᠶᠠᠯᠢᠭ ᠤᠨ  ᠨᠢᠭᠡᠴᠢ ᠨᠡᠶᠢᠲᠡ ᠶᠢᠨ ᠠᠰᠠᠷᠠᠮᠵᠢ ᠶᠢᠨ ᠣᠷᠣᠨ ᠪᠠᠶᠢᠷᠢ ᠶᠢ ᠲᠣᠭᠲᠠᠭᠠᠬᠤ ᠶᠢ ᠪᠠᠷᠢᠮᠲᠠᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠠᠴᠠ ᠰᠦᠢᠳᠬᠡᠯ ᠬᠤᠷᠢᠶᠠᠬᠤ ᠦᠭᠡᠢ ᠪᠤᠶᠤ ᠬᠠᠷᠠᠭᠠᠯᠵᠠᠯ ᠦᠵᠡᠭᠦᠯᠦᠨ᠎ᠡ᠃      ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠪᠣᠯᠤᠨ ᠰᠦᠯᠵᠢᠶ᠎ᠡ ᠵᠡᠷᠭᠡ ᠡᠯ᠎ᠡ ᠲᠥᠷᠥᠯ ᠤᠨ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠨ ᠣᠯᠠᠨ ᠶᠠᠩᠵᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠤᠰᠬᠠᠢ ᠪᠤᠯᠤᠩ ᠭᠠᠷᠭᠠᠵᠤ᠂ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ ᠤᠬᠠᠭᠤᠯᠵᠤ ᠬᠥᠲᠥᠯᠥᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠣᠯᠤᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠲᠤ ᠪᠠᠨ ᠵᠢᠳᠬᠦᠬᠦ ᠠᠯᠤᠰ ᠬᠡᠳᠦ ᠶᠢᠨ ᠬᠦᠰᠡᠯ ᠵᠣᠷᠢᠯᠲᠠ ᠲᠠᠢ ᠪᠣᠯᠬᠤ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠢ ︽ᠬᠤᠶᠠᠷ ᠢ ᠬᠥᠩᠭᠡᠷᠡᠭᠦᠯᠬᠦ︾ ᠤᠬᠠᠭᠤᠯᠭ᠎ᠠ ᠶᠢᠨ ᠠᠵᠢᠯ ᠤᠨ ᠵᠢᠭᠰᠠᠭᠠᠯ ᠤᠨ ᠭᠠᠵᠠᠷ ᠤᠨ ᠭᠤᠣᠯᠳᠠᠯᠭ᠎ᠠ ᠲᠠᠢ ᠡᠭᠦᠷᠭᠡ ᠳᠤ ᠣᠷᠣᠭᠤᠯᠤᠨ᠂ ᠣᠷᠣᠨ ᠤ ᠳᠣᠲᠣᠷᠠᠬᠢ ᠭᠤᠣᠯ ᠵᠠᠭᠤᠴᠢᠯᠠᠭᠤᠷ ᠤᠨ ᠬᠢᠨ ᠡᠯ᠎ᠡ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠵᠤ᠂ ᠠᠩᠬᠠᠨ ᠤ ᠡᠭᠦᠳᠦᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠲᠦᠭᠡᠯ ᠢ ᠵᠣᠬᠢᠶᠠᠨ ᠪᠦᠲᠦᠭᠡᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠤᠷᠭᠠᠨ ᠬᠥᠮᠦᠵᠢᠯ ᠢ ᠤᠯᠠᠮᠵᠢᠯᠠᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠷᠭᠠᠨ ᠬᠥᠮᠦᠵᠢᠯ ᠢ ᠴᠢᠬᠤᠯᠠᠴᠢᠯᠠᠨ ᠳᠡᠮᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map