ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2024/6/14
      6 ᠰᠠᠷ᠎ᠠ ᠶᠢᠨ 6 ᠤ ᠡᠳᠦᠷ᠂ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ ᠳᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ 7 ᠳ᠋ᠤᠭᠠᠷ ᠤᠳᠠᠭᠠᠨ ︵ᠥᠷᠭᠡᠳᠭᠡᠭᠰᠡᠨ︶ ᠤ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃

1.jpg

      ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ

ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠤᠯᠠᠮᠵᠢᠯᠠᠨ

ᠰᠤᠷᠤᠯᠴᠠᠬᠤ ᠶᠢᠨ ᠬᠠᠮᠲᠤ ᠲᠤᠰᠬᠠᠢ ᠰᠡᠳᠦᠪ ᠢᠶᠠᠷ ᠰᠣᠯᠢᠯᠴᠠᠵᠤ ᠰᠤᠳᠤᠯᠤᠨ ᠶᠠᠷᠢᠯᠴᠠᠪᠠ᠃

      ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ

ᠫᠢᠩ ᠤᠨ ᠨᠠᠮ ᠤᠨ ᠥᠪᠡᠷ ᠪᠡᠶ᠎ᠡ ᠳᠤ ᠪᠠᠨ ᠬᠤᠪᠢᠰᠬᠠᠯ ᠬᠢᠬᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ

ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ

ᠪᠦᠬᠦ ᠲᠠᠯ᠎ᠠ ᠪᠠᠷ ᠴᠢᠩᠭᠠᠳᠬᠠᠬᠤ ᠲᠠᠢ ᠨᠢᠭᠲᠠ ᠤᠶᠠᠯᠳᠤᠭᠤᠯᠤᠨ ᠰᠢᠷᠢᠰ ᠴᠢᠬᠤᠯᠠ ᠶᠠᠷᠢᠶ᠎ᠠ ᠲᠠᠯᠪᠢᠨ᠂ ᠰᠢᠷᠢᠰ

ᠴᠢᠬᠤᠯᠠ ᠥᠭᠦᠯᠡᠯᠲᠡ ᠬᠢᠵᠦ᠂ ᠰᠢᠨ᠎ᠡ ᠠᠶᠠᠯᠠᠯ ᠳᠤ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠬᠤ ᠶᠢ

ᠦᠷᠭᠦᠯᠵᠢᠯᠡᠨ ᠠᠬᠢᠭᠤᠯᠵᠤ᠂ ᠭᠤᠣᠯ ᠰᠠᠨᠠᠭ᠎ᠠ ᠶᠢ ᠴᠢᠩᠭ᠎ᠠ ᠲᠤᠪᠤᠶᠢᠯᠭᠠᠨ ᠨᠠᠮ ᠤᠨ ᠰᠠᠬᠢᠯᠭ᠎ᠠ ᠪᠠᠲᠤ  ᠶᠢᠨ

ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠠ ᠦᠨᠳᠦᠰᠦᠨ ᠵᠢᠷᠤᠮᠯᠠᠯ

ᠬᠠᠩᠭᠠᠵᠠᠢ᠃ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠤᠳᠤᠷᠢᠳᠬᠤ ᠺᠠᠳ᠋ᠷ ᠨᠠᠷ ᠶᠡᠷᠦᠩᠬᠡᠢ

ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ  ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ

ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠬᠤ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ

ᠬᠥᠮᠦᠵᠢᠯ ᠤᠨ ᠴᠢᠬᠤᠯᠠ ᠡᠭᠦᠷᠭᠡ ᠪᠣᠯᠭᠠᠵᠤ᠂ ᠲᠡᠭᠦᠨ ᠤ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ

ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠭᠦᠨᠵᠡᠭᠡᠢ ᠣᠶᠢᠯᠠᠭᠠᠨ ᠡᠵᠡᠮᠰᠢᠵᠦ᠂ ᠬᠡᠯᠪᠠᠶᠢᠬᠦ

ᠦᠭᠡᠢ᠂ ᠰᠠᠷᠨᠢᠬᠤ ᠦᠭᠡᠢ᠂ ᠠᠯᠮᠠᠶᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠦᠨᠡᠨ ᠪᠣᠳᠠᠲᠠᠢ ᠦᠷ᠎ᠡ

ᠪᠦᠲᠦᠮᠵᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

        ︵ᠨᠠᠶᠢᠷᠠᠭᠤᠯᠤᠭᠴᠢ᠄ ᠵᠧᠩ ᠵᠢᠶᠠ ᠴᠢ  ᠬᠢᠨᠠᠭᠴᠢ᠄ ᠠᠨ ᠶᠥᠩ ᠮᠢᠩ︶

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map