ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠡᠷᠡᠮᠵᠢᠯᠡᠭᠦᠯᠬᠦ ᠬᠥᠮᠦᠵᠢᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠬᠢᠯᠡᠪᠡ
ᠨᠡᠶᠢᠲᠡᠯᠡᠭᠰᠡᠨ ᠴᠠᠭ᠄
2024/6/24
      ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ  ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠰᠡᠷᠡᠮᠵᠢᠯᠡᠭᠦᠯᠬᠦ ᠬᠥᠮᠦᠵᠢᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ  ᠪᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠪᠦᠬᠦ ᠨᠠᠮ  ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ  ᠤᠨ ᠬᠤᠷᠢᠶᠠᠨ ᠤ ᠶᠡᠷᠦᠩᠬᠡᠶᠢᠯᠡᠭᠰᠡᠨ ᠪᠠᠲᠤᠯᠠᠭᠠᠨ ᠤ ᠲᠥᠪ ᠤᠨ ᠡᠷᠬᠢᠯᠡᠭᠴᠢ ᠸᠠᠩ ᠵᠢᠶᠦ᠋ᠨ ᠵᠢᠶᠧ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃   

94cf7d19fa1420fbd56366e7877f3637.jpg

      ᠶᠠᠩ ᠵᠢᠶᠧ ᠨᠠᠮ ᠤᠨ ᠬᠢᠴᠢᠶᠡᠯ ᠣᠷᠣᠬᠤ ᠶᠠᠪᠤᠴᠠ ᠳᠤ ᠵᠠᠭᠤᠨ ᠵᠢᠯ ᠤᠨ ᠲᠤᠷᠰᠢᠬᠢ ᠨᠠᠮ ᠤᠨ ᠰᠠᠬᠢᠯᠭ᠎ᠠ

ᠪᠠᠲᠤ ᠶᠢᠨ ᠪᠠᠶᠢᠭᠤᠯᠤᠯᠲᠠ ᠶᠢᠨ ᠥᠩᠭᠡᠷᠡᠯᠲᠡ ᠶᠢ ᠡᠷᠭᠢᠴᠡᠭᠦᠯᠵᠦ᠂ ᠣᠶᠢᠷ᠎ᠠ ᠶᠢᠨ ᠵᠢᠯ ᠤᠨ ᠪᠦᠬᠦ ᠤᠯᠤᠰ ᠤᠨ

ᠰᠤᠷᠭᠠᠨ ᠬᠥᠮᠦᠵᠢᠯ ᠤᠨ ᠬᠦᠷᠢᠶᠡᠨ ᠤ ᠨᠠᠮ ᠤᠨ ᠭᠡᠰᠢᠭᠦᠨ ᠺᠠᠳ᠋ᠷᠴᠤᠳ ᠤᠨ ︽ᠵᠢᠷᠭᠤᠭᠠᠨ ᠶᠡᠭᠡ ᠰᠠᠬᠢᠯᠭ᠎ᠠ          

ᠪᠠᠲᠤ︾ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠡᠮᠬᠢᠯᠡᠵᠦ᠂ ᠨᠠᠮ ᠤᠨ ᠰᠠᠬᠢᠯᠭ᠎ᠠ ᠪᠠᠲᠤ ᠶᠢᠨ

ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠲᠤᠬᠠᠢ ᠳᠠᠬᠢᠨ ᠪᠠᠶᠢᠷᠢᠯᠠᠭᠤᠯᠪᠠ᠃ ᠬᠤᠷᠠᠯ ᠠᠴᠠ᠂ ᠪᠦᠬᠦ

ᠨᠠᠮ ᠤᠨ ᠭᠡᠰᠢᠭᠦᠨ ᠺᠠᠳ᠋ᠷ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠤᠯᠤᠰ ᠲᠥᠷᠥ ᠶᠢᠨ

ᠰᠠᠬᠢᠯᠭ᠎ᠠ ᠪᠠᠲᠤ ᠪᠣᠯᠤᠨ ᠤᠯᠤᠰ ᠲᠥᠷᠥ ᠶᠢᠨ ᠶᠣᠰᠣ ᠳᠦᠷᠢᠮ ᠢ ᠵᠢᠷᠤᠮᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂

ᠪᠠᠶᠢᠯᠳᠤᠬᠤ ᠪᠣᠳᠣᠯᠭ᠎ᠠ ᠶᠢᠨ ᠰᠡᠳᠬᠢᠮᠵᠢ ᠪᠠᠨ ᠲᠠᠰᠤᠷᠠᠯᠲᠠ ᠦᠭᠡᠢ ᠴᠢᠩᠭᠠᠳᠬᠠᠨ᠂ ᠦᠵᠦ ᠲᠥᠯᠥᠪᠯᠡᠭᠡ ᠶᠢ

ᠴᠢᠩᠭᠠᠳᠬᠠᠵᠤ᠂ ᠤᠬᠠᠮᠰᠠᠷ ᠠᠴᠠ ᠪᠠᠨ ᠰᠡᠷᠡᠮᠵᠢᠯᠡᠭᠦᠯᠬᠦ ᠬᠥᠮᠦᠵᠢᠯ ᠢ ᠨᠠᠮ ᠪᠣᠯᠤᠨ ᠤᠯᠤᠰ ᠤᠨ ᠠᠵᠢᠯ ᠦᠢᠯᠡᠰ ᠤᠨ

︽ᠲᠣᠮᠤ ᠰᠢᠲᠠᠷ᠎ᠠ ᠶᠢᠨ ᠬᠥᠯᠭᠡ︾ ᠳᠤ ᠠᠭᠤᠰᠬᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂

ᠵᠠᠰᠠᠭ ᠤᠨ ᠣᠷᠳᠣᠨ ᠤ ᠠᠵᠢᠯ ᠤᠨ ︽ᠲᠣᠮᠤ ᠰᠠᠭᠰᠤ︾ ᠳᠤ ᠠᠭᠤᠰᠬᠠᠵᠤ᠂ ᠪᠠᠶᠢᠷᠢᠰᠢᠯ ᠢ ᠣᠨᠣᠪᠴᠢᠲᠠᠢ ᠣᠯᠵᠤ᠂

ᠠᠵᠠ ᠲᠣᠬᠢᠶᠠᠯ ᠢ ᠠᠮᠵᠢᠨ᠂ ᠳᠤᠲᠠᠭᠤᠳᠠᠯ ᠢᠶᠠᠨ ᠨᠥᠬᠦᠪᠥᠷᠢᠯᠡᠬᠦ ᠬᠡᠷᠡᠭᠲᠡᠢ᠃ ᠰᠤᠷᠤᠯᠴᠠᠯᠭ᠎ᠠ ᠦᠢᠯᠡᠳᠦᠯᠭᠡ ᠪᠠᠨ

ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ

ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ

ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠳᠤᠮᠳᠠᠳᠤ ᠤᠯᠤᠰ ᠤᠨ ᠡᠪ

ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ᠂ ᠤᠭ

ᠶᠣᠰᠤ ᠪᠠᠷ ᠨᠢ ᠰᠤᠷᠤᠯᠴᠠᠵᠤ᠂ ᠳᠦᠷᠢᠮ ᠲᠣᠭᠲᠠᠭᠠᠯ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ ᠤᠶᠠᠯᠳᠤᠭᠤᠯᠤᠨ

ᠰᠤᠷᠤᠯᠴᠠᠬᠤ ᠶᠢ ᠪᠠᠷᠢᠮᠲᠠᠯᠠᠨ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠣᠣᠷ᠎ᠠ ᠠᠵᠢᠯᠯᠠᠵᠤ᠂ ᠰᠤᠷᠤᠯᠴᠠᠭᠰᠠᠨ ᠦᠷ᠎ᠡ

ᠪᠦᠲᠦᠭᠡᠯ ᠢ ᠦᠨᠡᠨ ᠬᠦ ᠠᠵᠢᠯ ᠢᠶᠠᠨ ᠲᠥᠯᠥᠪᠵᠢᠭᠦᠯᠬᠦ ᠰᠡᠳᠬᠢᠮᠵᠢ᠂ ᠠᠵᠢᠯ ᠢᠶᠠᠨ ᠠᠬᠢᠭᠤᠯᠬᠤ ᠠᠷᠭ᠎ᠠ ᠬᠡᠮᠵᠢᠶ᠎ᠡ

ᠪᠣᠯᠭᠠᠨ ᠬᠤᠪᠢᠷᠠᠭᠤᠯᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ

ᠵᠢᠯ ᠤᠨ ᠬᠠᠷᠠᠯᠲᠠ ᠪᠠ ᠡᠭᠦᠷᠭᠡ ᠲᠠᠢ ᠬᠠᠷᠢᠴᠠᠭᠤᠯᠤᠨ᠂ ᠰᠠᠭᠤᠷᠢ ᠰᠤᠷᠭᠠᠨ ᠬᠥᠮᠦᠵᠢᠯ᠂ ᠳᠡᠭᠡᠳᠦ ᠵᠡᠷᠭᠡ  ᠶᠢᠨ

ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠭᠤᠷᠪᠠᠨ ᠶᠡᠭᠡ ᠭᠤᠣᠯᠳᠠᠯᠭ᠎ᠠ ᠲᠠᠢ

ᠬᠡᠰᠡᠭ ᠢ ᠴᠢᠩᠭ᠎ᠠ ᠠᠩᠬᠠᠷᠴᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠰᠤᠷᠲᠠᠯ ᠤᠨ ᠳᠠᠯᠳᠠ ᠭᠡᠮ ᠢ

ᠡᠷᠡᠰ ᠲᠡᠪᠴᠢᠵᠦ᠂ ᠳᠠᠷᠤᠢ ᠳᠤ ᠨᠢ ᠬᠡᠷᠡᠭᠵᠢᠭᠦᠯᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠥᠪᠡᠷᠲᠡᠭᠡᠨ

ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ᠂ ︽ᠰᠢᠨ᠎ᠡ ᠵᠠᠮ ᠢ ᠨᠡᠭᠡᠭᠡᠵᠦ᠂ ᠳᠤᠮᠳᠠ

ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠤᠨ ᠬᠦᠴᠦᠨ ᠴᠢᠳᠠᠯ ᠢᠶᠠᠨ ᠡᠷᠭᠦᠬᠦ 

ᠬᠡᠷᠡᠭᠲᠡᠢ ᠱᠠᠭᠠᠷᠳᠠᠪᠠ᠃

      ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠳᠠᠭᠤᠰᠤᠭᠰᠠᠨ ᠤ ᠳᠠᠷᠠᠭ᠎ᠠ᠂ ᠳᠡᠳ᠋ ᠭᠠᠵᠠᠷ ᠤᠨ ᠳᠡᠰ ᠠᠴᠠ

ᠳᠡᠭᠡᠭᠰᠢᠬᠢ ᠨᠠᠮ ᠤᠨ ᠭᠡᠰᠢᠭᠦᠨ ᠺᠠᠳ᠋ᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠠᠬᠢᠯᠭ᠎ᠠ ᠪᠠᠲᠤ ᠪᠠ ᠶᠣᠰᠣ

ᠳᠦᠷᠢᠮ ᠢ ᠲᠡᠷᠢᠭᠦᠨ ᠳᠤ ᠲᠠᠯᠪᠢᠬᠤ ᠬᠡᠷᠡᠭᠲᠡᠢ︾ ᠶᠢ ᠲᠥᠪᠯᠡᠷᠡᠭᠦᠯᠦᠨ ᠦᠵᠡᠪᠡ᠃ ᠲᠢᠩᠬᠢᠮ ᠤᠨ ᠤᠳᠤᠷᠢᠳᠬᠤ ᠪᠠᠭ

 ᠤᠨ ᠬᠡᠰᠢᠭᠦᠨ᠂ ᠲᠣᠭᠤᠷᠢᠨ ᠪᠠᠶᠢᠴᠠᠭᠠᠭᠴᠢ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ

ᠪᠠᠶᠢᠴᠠᠭᠠᠬᠤ ᠳᠤᠭᠤᠶᠢᠯᠠᠩ᠂ ᠲᠢᠩᠬᠢᠮ ᠤᠨ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ᠂ ᠰᠢᠭᠤᠳ ᠬᠠᠷᠢᠶ᠎ᠠ ᠠᠵᠢᠯ

ᠦᠢᠯᠡᠰ ᠤᠨ ᠨᠢᠭᠡᠴᠢ ᠶᠢᠨ ᠳᠡᠳ᠋ ᠭᠠᠵᠠᠷ ᠤᠨ ᠳᠡᠰ ᠠᠴᠠ ᠳᠡᠭᠡᠭᠰᠢᠬᠢ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map