︽6 · 26︾ ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠣᠷ ᠴᠠᠭᠠᠵᠠᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
      6 ᠳ᠋ᠤᠭᠠᠷ ᠰᠠᠷ᠎ᠠ ᠶᠢᠨ 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠣᠷ ᠴᠠᠭᠠᠵᠠᠯᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠥᠬᠡᠬᠤᠲᠠ ᠳᠤ ᠬᠤᠷᠠᠯᠳᠤᠭᠤᠯᠵᠤ᠂ 2019 ᠣᠨ ᠠᠴᠠ ᠨᠠᠭᠠᠰᠢᠬᠢ ᠪᠦᠬᠦ ᠣᠷᠣᠨ ᠤ ᠬᠤᠣᠷ ᠴᠠᠭᠠᠵᠠᠯᠠᠬᠤ ᠠᠵᠢᠯ ᠤᠨ ᠪᠠᠶᠢᠳᠠᠯ ᠢ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠳᠡᠳ᠋ ᠡᠷᠬᠢᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠭᠡᠰᠢᠭᠦᠨ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ  ᠳᠣᠪᠴᠢᠶᠠᠨ ᠤ ᠳᠡᠳ᠋ ᠳᠠᠷᠤᠭ᠎ᠠ ᠵᠠᠩ ᠳ᠋ᠧ ᡁᠢ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠵᠥᠪᠯᠡᠯ ᠤᠨ ᠭᠡᠰᠢᠭᠦᠨ᠂ ᠰᠢᠤᠳᠠᠨ  ᠤ ᠬᠠᠮᠢᠶᠠᠷᠤᠯᠲᠠ ᠶᠢᠨ  ᠳᠣᠪᠴᠢᠶᠠᠨ ᠤ ᠳᠡᠳ᠋ ᠳᠠᠷᠤᠭ᠎ᠠ ᠳ᠋ᠦᠩ ᠭᠠᠩ᠂ ᠥᠪᠡᠷᠲᠡᠭᠡᠨ ᠵᠠᠰᠠᠬᠤ ᠣᠷᠣᠨ ᠤ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ ᠴᠠᠭᠠᠵᠠᠯᠠᠬᠤ ᠶᠡᠷᠦᠩᠬᠡᠢ ᠠᠩᠭᠢ ᠶᠢᠨ ᠳᠠᠷᠤᠭ᠎ᠠ ᠯᠢᠦ ᡁᠢ ᠭᠠᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠡᠮ ᠡᠮᠨᠡᠯᠭᠡ ᠶᠢᠨ ᠲᠥᠷᠦ ᠶᠢᠨ ᠪᠣᠳᠤᠯᠭ᠎ᠠ ᠶᠢᠨ ᠭᠠᠵᠠᠷ ᠤᠨ ᠳᠠᠷᠤᠭ᠎ᠠ ᠠᠷᠰᠯᠠᠨ᠂ ᠥᠪᠡᠷᠲᠡᠭᠡᠨ ᠵᠠᠰᠠᠬᠤ ᠣᠷᠣᠨ ᠤ ᠬᠤᠣᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ ᠳᠣᠪᠴᠢᠶᠠᠨ ᠤ ᠳᠡᠳ᠋ ᠳᠠᠷᠤᠭ᠎ᠠ ᠫᠠᠨ ᠲᠤᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃   

1.webp.png

     ᠲᠠᠪᠤᠨ ᠵᠢᠯ ᠤᠨ ᠲᠤᠷᠰᠢ᠂ ᠥᠪᠥᠷ ᠮᠣᠩᠭᠤᠯ ᠤᠨ ᠡᠯ᠎ᠡ ᠱᠠᠲᠤᠨ ᠤ ᠬᠤᠣᠷ ᠴᠠᠭᠠᠵᠠᠯᠠᠬᠤ ᠰᠠᠯᠠᠭ᠎ᠠ

ᠮᠥᠴᠢᠷ ᠤᠨ ᠬᠢᠨ ︽ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠰᠡᠷᠡᠮᠵᠢᠯᠡᠭᠦᠯᠬᠦ᠂          

ᠤᠬᠠᠭᠤᠯᠬᠤ︾ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ︽ᠬᠤᠣᠷ

ᠴᠠᠭᠠᠵᠠᠯᠠᠨ ᠬᠠᠤᠯᠢ ᠬᠡᠷᠡᠭᠵᠢᠭᠦᠯᠵᠦ᠂ ᠴᠣᠬᠢᠯᠲᠠ ᠥᠭᠭᠦᠨ ᠦᠷ᠎ᠡ ᠪᠥᠲᠦᠮᠵᠢ ᠶᠢ ᠳᠡᠭᠡᠭᠰᠢᠯᠡᠭᠦᠯᠬᠦ᠂ ᠬᠤᠣᠷ

ᠴᠠᠭᠠᠵᠠᠯᠠᠨ ᠤᠬᠠᠭᠤᠯᠤᠨ ᠬᠥᠮᠥᠵᠢᠭᠦᠯᠵᠦ ᠦᠷ᠎ᠡ ᠠᠰᠢᠭ ᠢ ᠳᠡᠭᠡᠭᠰᠢᠯᠡᠭᠦᠯᠬᠦ᠂ ᠬᠤᠣᠷ ᠲᠠᠲᠠᠬᠤ ᠬᠥᠮᠦᠰ ᠢ

ᠬᠠᠮᠢᠶᠠᠷᠤᠨ ᠡᠵᠡᠮᠳᠡᠬᠦ ᠨᠣᠷᠮ᠎ᠠ ᠶᠢ ᠳᠡᠭᠡᠭᠰᠢᠯᠡᠭᠦᠯᠬᠦ ᠪᠠ ᠬᠤᠣᠷᠲᠤ ᠡᠳ᠋ ᠤᠨ ᠭᠦᠢᠯᠭᠡᠭᠡᠨ ᠤ ᠲᠤᠭ᠎ᠠ ᠬᠡᠮᠵᠢᠶ᠎ᠡ ᠶᠢ 

ᠪᠠᠭᠤᠷᠠᠭᠤᠯᠬᠤ᠂ ᠬᠤᠣᠷ ᠲᠠᠲᠠᠬᠤ ᠬᠥᠮᠦᠰ ᠤᠨ ᠡᠵᠡᠯᠡᠬᠦ ᠬᠠᠷᠢᠴᠠᠯ ᠢ ᠪᠠᠭᠠᠰᠬᠠᠬᠤ︾ ᠠᠵᠢᠯ ᠤᠨ ᠪᠠᠶᠢᠳᠠᠯ ᠢ

ᠪᠠᠲᠤᠯᠠᠵᠤ᠂ ᠰᠢᠨ᠎ᠡ ᠴᠠᠭ ᠦᠶ᠎ᠡ ᠶᠢᠨ ᠬᠤᠣᠷ ᠴᠠᠭᠠᠵᠠᠯᠠᠬᠤ ᠠᠷᠠᠳ ᠤᠨ ᠳᠠᠶᠢᠨ ᠢᠯᠡᠳᠲᠡ ᠦᠷ᠎ᠡ ᠪᠦᠲᠦᠮᠵᠢ

ᠣᠯᠵᠤ᠂ ᠪᠦᠬᠦ ᠣᠷᠣᠨ ᠤ ᠬᠤᠣᠷ ᠴᠠᠭᠠᠵᠠᠯᠠᠬᠤ ᠠᠵᠢᠯ ᠤᠨ ᠪᠠᠶᠢᠳᠠᠯ ᠢ ᠲᠣᠭᠲᠠᠭᠤᠨ ᠢᠶᠠᠷ  ᠰᠠᠶᠢᠵᠢᠷᠠᠭᠤᠯᠪᠠ᠃

   

2.webp.png

      ᠬᠤᠣᠷᠲᠤ ᠡᠳ᠋ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠲᠣᠭᠲᠠᠴᠠ ᠶᠢ ᠲᠠᠰᠤᠷᠠᠯᠲᠠ ᠥᠬᠡᠶ

ᠲᠡᠭᠦᠯᠳᠡᠷᠵᠢᠭᠦᠯᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠣᠷ

ᠴᠠᠭᠠᠵᠠᠯᠠᠬᠤ ᠠᠵᠢᠯ ᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠡᠪᠴᠢᠶᠡᠨ ᠳᠤ ᠣᠷᠣᠭᠤᠯᠵᠤ᠂

ᠠᠮᠤᠷ ᠲᠠᠶᠢᠪᠤᠭᠤᠨ ᠪᠠᠶᠢᠭᠤᠯᠤᠯᠲᠠ ᠪᠠ ᠪᠣᠯᠪᠠᠰᠤᠨ ᠢ ᠡᠭᠦᠳᠦᠨ ᠪᠠᠶᠢᠭᠤᠯᠬᠤ ᠰᠢᠯᠭᠠᠨ ᠦᠨᠡᠯᠡᠯᠲᠡ ᠳᠤ ᠵᠢᠭᠰᠠᠭᠠᠨ

ᠣᠷᠣᠭᠤᠯᠪᠠ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠢᠯ ᠪᠦᠷᠢ ᠬᠤᠣᠷ ᠴᠠᠭᠠᠵᠠᠯᠠᠬᠤ ᠲᠤᠰᠬᠠᠢ

ᠵᠠᠷᠤᠳᠠᠯ ᠢ ᠢᠵᠢ ᠪᠦᠷᠢᠳᠦᠭᠦᠯᠵᠦ᠂ ᠰᠠᠭᠤᠷᠢ ᠪᠡᠯᠡᠳᠬᠡᠮᠵᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ

ᠲᠣᠨᠣᠭᠯᠠᠯ ᠤᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠪᠡ︔ ᠥᠪᠡᠷᠲᠡᠭᠡᠨ ᠵᠠᠰᠠᠬᠤ ᠣᠷᠣᠨ ᠤ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠬᠤᠣᠷ ᠴᠠᠭᠠᠵᠠᠯᠠᠬᠤ ᠳᠦᠷᠢᠮ︾ ᠢ ᠨᠡᠶᠢᠲᠡᠯᠡᠨ ᠬᠡᠷᠡᠭᠵᠢᠭᠦᠯᠪᠡ︔ ᠬᠤᠣᠷ ᠴᠠᠭᠠᠵᠠᠯᠠᠬᠤ ᠵᠥᠪᠯᠡᠯ ᠤᠨ ᠪᠦᠷᠢᠯᠳᠦᠬᠦᠨ

ᠨᠢᠭᠡᠴᠢ ᠬᠦᠴᠦ ᠪᠠᠨ ᠬᠠᠮᠲᠤᠳᠬᠠᠨ ᠬᠤᠣᠷ ᠴᠠᠭᠠᠵᠠᠯᠠᠬᠤ ᠤᠬᠠᠭᠤᠯᠭ᠎ᠠ᠂ ᠬᠤᠣᠷ ᠲᠠᠲᠠᠬᠤ ᠶᠢ  ᠵᠣᠭᠰᠤᠭᠠᠬᠤ᠂

ᠬᠤᠣᠷ ᠲᠠᠷᠢᠬᠤ ᠶᠢ ᠴᠠᠭᠠᠵᠠᠯᠠᠬᠤ ᠵᠡᠷᠭᠡ ᠠᠵᠢᠯ ᠢ ᠠᠬᠢᠭᠤᠯᠪᠠ︔ ᠨᠡᠶᠢᠭᠡᠮ ᠤᠨ ᠬᠢᠨ ᠣᠷᠣᠯᠴᠠᠬᠤ ᠲᠠᠪᠴᠠᠩ ᠢ

ᠪᠠᠶᠢᠭᠤᠯᠵᠤ᠂ ᠬᠤᠣᠷ ᠴᠠᠭᠠᠵᠠᠯᠠᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ  ᠪᠠᠶᠢᠭᠤᠯᠤᠨ᠂ ᠬᠤᠣᠷᠲᠤ ᠡᠳ᠋ ᠤᠨ

ᠠᠰᠠᠭᠤᠳᠠᠯ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠣᠭᠲᠠᠴᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠪᠡ᠃

      ᠬᠤᠣᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠦᠢᠯᠡᠳᠦᠯ

ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠭᠤᠣᠯ

ᠬᠠᠷᠢᠭᠤᠴᠠᠯᠭ᠎ᠠ ᠶᠢ ᠡᠭᠦᠷᠭᠡᠯᠡᠵᠦ᠂ ︽ᠡᠬᠢ ᠰᠤᠷᠪᠤᠯᠵᠢ ᠶᠢ ᠴᠡᠪᠡᠷᠯᠡᠨ ᠤᠷᠤᠰᠬᠠᠯ ᠢ ᠲᠠᠰᠤᠯᠬᠤ︾ ᠠᠵᠢᠯᠯᠠᠭ᠎ᠠ ᠪᠠᠷ

ᠬᠥᠲᠥᠯᠦᠮᠵᠢ ᠪᠣᠯᠭᠠᠵᠤ᠂ ᠰᠢᠤᠳᠠᠨ᠂ ᠪᠣᠭᠤᠮᠲᠠ᠂ ᠠᠷᠠᠳ ᠤᠨ ᠠᠭᠠᠷ ᠤᠨ ᠲᠡᠭᠡᠭᠡᠪᠦᠷᠢ᠂ ᠲᠡᠮᠦᠷ ᠵᠠᠮ ᠵᠡᠷᠭᠡ

ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠤᠣᠷ ᠴᠠᠭᠠᠵᠠᠯᠠᠬᠤ ᠳᠤ ᠴᠢᠩᠭ᠎ᠠ ᠴᠣᠬᠢᠯᠲᠠ

ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ 5 ᠵᠢᠯ ᠳᠤ ᠬᠤᠣᠷᠲᠤ ᠡᠳ᠋ ᠤᠨ ᠡᠷᠡᠭᠦᠦ ᠶᠢᠨ

ᠬᠡᠷᠡᠭ 2061 ᠶᠢ ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ 3540 ᠶᠢ ᠪᠠᠷᠢᠪᠴᠢᠯᠠᠵᠤ᠂ ᠡᠯ᠎ᠡ ᠲᠥᠷᠥᠯ ᠤᠨ

ᠬᠤᠣᠷᠲᠤ ᠡᠳ᠋ ᠢ 102.3 ᠺᠢᠯᠣᠭ᠍ᠷᠠᠮ ᠣᠯᠵᠠᠯᠠᠪᠠ︔ ᠡᠯ᠎ᠡ ᠲᠥᠷᠦᠯ ᠤᠨ ᠢᠯᠡᠭᠡᠵᠦ ᠶᠠᠪᠤᠭᠤᠯᠤᠭᠰᠠᠨ ᠪᠠᠷᠠᠭᠠᠨ ᠤ

ᠭᠦᠢᠯᠭᠡᠭᠡᠨ ᠤ ᠬᠤᠣᠷ ᠫᠠᠨᠽᠠᠯᠠᠬᠤ ᠵᠠᠮ ᠢ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ 12 ᠠᠶᠢᠮᠠᠭ

ᠬᠤᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠬᠤᠣᠷ ᠴᠠᠭᠠᠵᠠᠯᠠᠬᠤ ᠠᠵᠢᠯ ᠤᠨ ᠥᠷᠲᠡᠭᠡ ᠶᠢ 

ᠪᠠᠶᠢᠭᠤᠯᠤᠨ᠂ ᠢᠯᠡᠭᠡᠵᠦ ᠶᠠᠪᠤᠭᠤᠯᠬᠤ ᠠᠷᠭ᠎ᠠ ᠵᠠᠮ ᠪᠠ ᠬᠤᠣᠷᠲᠤ ᠡᠳ᠋ ᠳᠤ ᠬᠤᠯᠪᠣᠭᠳᠠᠭᠰᠠᠨ ᠰᠦᠪᠡᠭᠴᠢ ᠶᠢ

ᠢᠯᠡᠷᠡᠭᠦᠯᠬᠦ ᠴᠢᠳᠠᠪᠤᠷᠢ᠂ ᠬᠤᠣᠷᠲᠤ ᠡᠳ᠋ ᠢ ᠫᠠᠨᠽᠠᠯᠠᠨ ᠲᠡᠭᠡᠭᠡᠪᠦᠷᠢᠯᠡᠬᠦ ᠶᠢ ᠪᠠᠶᠢᠴᠠᠭᠠᠵᠤ ᠪᠠᠷᠢᠪᠴᠢᠯᠠᠵᠤ ᠬᠠᠰᠢᠵᠤ

ᠳᠠᠰᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠢᠯᠡᠷᠡᠭᠦᠯᠦᠭᠰᠡᠨ ᠬᠤᠣᠷᠲᠤ ᠡᠳ᠋ ᠤᠨ ᠬᠡᠷᠡᠭ ᠤᠨ

ᠲᠤᠭ᠎ᠠ ᠨᠢ ᠪᠦᠬᠦ ᠬᠡᠷᠡᠭ ᠤᠨ ᠶᠡᠷᠦᠩᠬᠡᠢ ᠲᠤᠭ᠎ᠠ ᠶᠢᠨ 18.5% ᠶᠢ ᠡᠵᠡᠯᠡᠪᠡ᠃

      ᠪᠦᠬᠦ ᠠᠷᠠᠳ ᠤᠨ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠮᠵᠢ  ᠶᠢ ᠶᠡᠭᠡ ᠪᠠᠷ

ᠥᠷᠭᠡᠳᠬᠡᠪᠡ᠃ ᠵᠠᠯᠠᠭᠤᠴᠤᠳ ᠪᠠᠭᠠᠴᠤᠳ ᠢᠶᠠᠷ ᠭᠤᠣᠯᠳᠠᠯᠭ᠎ᠠ ᠪᠣᠯᠭᠠᠵᠤ᠂ ᠪᠦᠬᠦ ᠣᠷᠣᠨ ᠤ 2800 ᠭᠠᠷᠤᠢ

ᠰᠤᠷᠭᠠᠭᠤᠯᠢ ᠳᠤ ᠬᠤᠣᠷ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠠᠶᠢᠩᠭᠤ ᠥᠷᠨᠢᠭᠦᠯᠵᠦ᠂

130 ᠭᠠᠷᠤᠢ ᠲᠦᠮᠡᠨ ᠰᠤᠷᠤᠭᠴᠢ ᠶᠢ ᠵᠣᠬᠢᠶᠠᠨ ᠪᠠᠶᠢᠭᠤᠯᠵᠤ᠂ ︽ᠵᠠᠯᠠᠭᠤᠴᠤᠳ ᠪᠠᠭᠠᠴᠤᠳ ᠤᠨ ᠬᠤᠣᠷᠲᠤ ᠡᠳ᠋ ᠢ

ᠰᠡᠷᠭᠡᠶᠢᠯᠡᠬᠦ ᠬᠥᠮᠦᠵᠢᠯ ᠤᠨ ᠲᠠᠪᠴᠠᠩ︾ ᠢᠶᠠᠷ ᠳᠠᠮᠵᠢᠭᠤᠯᠤᠨ ᠬᠤᠣᠷ ᠴᠠᠭᠠᠵᠠᠯᠠᠬᠤ ᠮᠡᠳᠡᠯᠭᠡ ᠶᠢ ᠰᠤᠷᠤᠯᠴᠠᠭᠤᠯᠵᠤ᠂

ᠰᠤᠷᠤᠯᠴᠠᠯᠭ᠎ᠠ ᠳᠤ ᠣᠷᠣᠯᠴᠠᠭᠰᠠᠨ ᠨᠣᠷᠮ᠎ᠠ 90% ᠠᠴᠠ ᠳᠡᠭᠡᠭᠰᠢ ᠪᠣᠯᠪᠠ︔ ᠡᠯ᠎ᠡ ᠲᠥᠷᠥᠯ ᠤᠨ ᠬᠤᠣᠷ

ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ 128᠂ ︽ᠪᠦᠬᠦ ᠤᠯᠤᠰ ᠤᠨ ᠬᠤᠣᠷ ᠴᠠᠭᠠᠵᠠᠯᠠᠬᠤ

ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ︾ 1 ᠶᠢ ᠪᠠᠶᠢᠭᠤᠯᠪᠠ︔ ᠡᠭᠦᠨ ᠤ ᠬᠠᠮᠲᠤ ︽ᠲᠠᠪᠤ ᠶᠢ ᠨᠢᠭᠡ

ᠴᠣᠭᠴᠠᠵᠢᠭᠤᠯᠬᠤ︾ ᠬᠤᠣᠷ ᠴᠠᠭᠠᠵᠠᠯᠠᠬᠤ ᠰᠢᠨ᠎ᠡ ᠵᠠᠭᠤᠴᠢᠯᠠᠭᠤᠷ ᠤᠨ ᠰᠦᠯᠵᠢᠶᠡᠨ ᠳᠠᠬᠢ ᠲᠠᠪᠴᠠᠩ ᠳᠤ

ᠲᠦᠰᠢᠭᠯᠡᠨ ᠬᠤᠣᠷ ᠴᠠᠭᠠᠵᠠᠯᠠᠬᠤ ᠮᠡᠳᠡᠭᠡ ᠵᠠᠩᠭᠢ ᠶᠢ ᠨᠡᠪᠲᠡᠷᠡᠭᠦᠯᠵᠦ᠂ ᠬᠤᠣᠷ ᠴᠠᠭᠠᠵᠠᠯᠠᠬᠤ ᠮᠡᠳᠡᠯᠭᠡ ᠶᠢᠨ

ᠲᠠᠶᠢᠯᠤᠮᠵᠢ ᠬᠢᠪᠡ︔ ᠬᠤᠣᠷ ᠴᠠᠭᠠᠵᠠᠯᠠᠬᠤ ᠶᠢ ᠲᠣᠭᠤᠷᠢᠵᠤ ᠤᠬᠠᠭᠤᠯᠤᠨ ᠲᠠᠶᠢᠯᠪᠤᠷᠢᠯᠠᠬᠤ᠂ ᠬᠤᠣᠷ ᠴᠠᠭᠠᠵᠠᠯᠠᠬᠤ

ᠬᠠᠤᠯᠢ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠰᠦᠯᠵᠢᠶᠡᠨ ᠭᠠᠳᠠᠨᠠᠬᠢ ᠲᠣᠮᠣ ᠬᠡᠯᠪᠡᠷᠢᠲᠦ

ᠤᠬᠠᠭᠤᠯᠭ᠎ᠠ ᠶᠢᠨ ᠠᠵᠢᠯᠯᠠᠭ᠎ᠠ ᠶᠢ 400 ᠭᠠᠷᠤᠢ ᠲᠠᠯᠠᠪᠤᠷ ︵ᠤᠳᠠᠭ᠎ᠠ︶ ᠥᠷᠨᠢᠭᠦᠯᠵᠦ᠂ ᠠᠷᠠᠳ ᠣᠯᠠᠨ ᠤ

ᠬᠤᠣᠷᠲᠤ ᠡᠳ᠋ ᠢ ᠲᠠᠨᠢᠵᠤ ᠬᠤᠣᠷᠲᠤ ᠡᠳ᠋ ᠢ ᠰᠡᠷᠭᠡᠶᠢᠯᠡᠬᠦ ᠤᠬᠠᠮᠰᠠᠷ ᠢ ᠢᠯᠡᠳᠲᠡ ᠴᠢᠩᠭᠠᠳᠬᠠᠪᠠ᠃

      ᠬᠤᠣᠷ ᠲᠠᠲᠠᠭᠴᠢᠳ ᠢ ᠬᠠᠮᠢᠶᠠᠷᠤᠨ ᠡᠵᠡᠮᠳᠡᠵᠦ ᠬᠠᠪᠰᠤᠷᠤᠨ ᠲᠡᠳᠬᠦᠬᠦ ᠰᠠᠭᠤᠷᠢ ᠶᠢ ᠬᠦᠴᠦᠲᠡᠢ

ᠪᠠᠲᠤᠳᠬᠠᠪᠠ᠃ ︽ᠬᠤᠣᠷ ᠲᠠᠲᠠᠭᠴᠢᠳ ᠢ ᠬᠦᠯᠢᠶᠡᠨ ᠠᠪᠴᠤ ᠡᠮᠨᠡᠨ ᠵᠠᠰᠠᠬᠤ︾ ᠠᠵᠢᠯᠯᠠᠭ᠎ᠠ ᠠᠴᠠ ᠭᠠᠷᠳᠠᠵᠤ ᠂

ᠨᠢᠭᠤᠭᠳᠠᠮᠠᠯ ᠬᠤᠣᠷ ᠲᠠᠲᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠵᠢᠭᠰᠠᠭᠠᠨ ᠪᠠᠶᠢᠴᠠᠭᠠᠵᠤ᠂ ᠪᠦᠬᠦ ᠣᠷᠣᠨ ᠤ

ᠣᠳᠣ ᠪᠠᠶᠢᠭ᠎ᠠ ᠬᠤᠣᠷ ᠲᠠᠲᠠᠭᠴᠢᠳ 2019 ᠣᠨ ᠤ 2.9 ᠲᠦᠮᠡᠨ ᠬᠥᠮᠦᠨ ᠠᠴᠠ ᠬᠠᠰᠤᠭᠳᠠᠨ᠂ 9875

ᠬᠥᠮᠦᠨ ᠪᠣᠯᠪᠠ︔ ︽ᠬᠤᠣᠷ ᠲᠠᠲᠠᠬᠤ ᠶᠢ ᠴᠠᠭᠠᠵᠠᠯᠠᠬᠤ ᠰᠠᠭᠤᠷᠢ ᠵᠢᠯ︾ ᠤᠨ ᠪᠠᠶᠢᠭᠤᠯᠤᠯᠲᠠ ᠶᠢ ᠠᠬᠢᠭᠤᠯᠵᠤ᠂

ᠡᠮ ᠢᠶᠠᠷ ᠡᠮᠨᠡᠨ ᠵᠠᠰᠠᠬᠤ ᠶᠢ ᠪᠠᠷᠢᠮᠲᠠᠯᠠᠬᠤ ᠪᠠ ᠠᠯᠪᠠᠳᠠᠯᠭ᠎ᠠ ᠪᠠᠷ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ᠂

ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠣᠭᠠᠬᠤ ᠶᠢ ᠵᠠᠪᠰᠠᠷ ᠦᠭᠡᠢ ᠵᠣᠯᠭᠠᠭᠤᠯᠬᠤ ᠲᠣᠭᠲᠠᠴᠠ ᠶᠢ

ᠲᠡᠭᠦᠯᠳᠡᠷᠵᠢᠭᠦᠯᠵᠦ᠂ ᠬᠤᠣᠷ ᠴᠠᠭᠠᠵᠠᠯᠠᠬᠤ ᠲᠤᠰᠬᠠᠢ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠨᠡᠶᠢᠭᠡᠮ ᠤᠨ

ᠠᠵᠢᠯ ᠤᠨ ᠡᠩᠨᠡᠭᠡ ᠶᠢ ᠬᠥᠭᠵᠢᠭᠦᠯᠵᠦ᠂ ᠬᠤᠣᠷ ᠴᠠᠭᠠᠵᠠᠯᠠᠬᠤ ᠲᠤᠰᠬᠠᠢ ᠵᠠᠩᠭᠢᠯᠠᠭ᠎ᠠ ᠶᠢᠨ ᠬᠠᠮᠢᠶᠠᠷᠤᠯᠲᠠ ᠶᠢᠨ

ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ︔ ︽ᠠᠮᠤᠷ ᠲᠦᠪᠰᠢᠨ ᠪᠠ ᠬᠠᠶᠢᠷ᠎ᠠ ᠬᠠᠯᠠᠮᠵᠢ︾ ᠭᠡᠬᠦ ᠠᠵᠢᠯᠯᠠᠭ᠎ᠠ ᠶᠢ

ᠭᠦᠨᠵᠡᠭᠡᠶᠢᠷᠡᠭᠦᠯᠵᠦ᠂ ᠵᠡᠭᠡᠯᠢ ᠭᠤᠳᠤᠮᠵᠢ ︵ᠰᠢᠶᠠᠩ ᠪᠠᠯᠭᠠᠰᠤ︶ ᠶᠢ ᠵᠣᠬᠢᠶᠠᠨ ᠪᠠᠶᠢᠭᠤᠯᠤᠨ ᠬᠤᠣᠷ ᠲᠠᠲᠠᠬᠤ ᠶᠢ

ᠵᠣᠭᠰᠣᠭᠠᠵᠤ ᠡᠷᠡᠭᠦᠯᠵᠢᠭᠦᠯᠬᠦ  ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ

ᠥᠷᠨᠢᠭᠦᠯᠵᠦ᠂ ᠬᠤᠣᠷ ᠲᠠᠲᠠᠭᠴᠢᠳ ᠵᠢᠴᠢ ᠲᠡᠳᠡᠨ ᠤ ᠭᠡᠷ ᠪᠦᠯᠢ ᠶᠢᠨ ᠪᠦᠷᠢᠯᠳᠦᠬᠦᠨ ᠢ 9028 ᠬᠥᠮᠦᠨ ᠤᠳᠠᠭ᠎ᠠ

ᠬᠠᠪᠰᠤᠷᠤᠨ ᠳᠡᠳᠬᠦᠪᠡ᠃

      ᠬᠤᠣᠷᠲᠤ ᠡᠳ᠋ ᠳᠤ ᠬᠤᠯᠪᠣᠭᠳᠠᠭᠰᠠᠨ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠡᠵᠡᠮᠳᠡᠬᠦ

ᠬᠠᠯᠬᠠᠪᠴᠢ ᠶᠢ ᠦᠷᠭᠦᠯᠵᠢᠯᠡᠨ ᠪᠠᠲᠤᠳᠬᠠᠪᠠ᠃ ᠥᠪᠥᠷ ᠮᠣᠩᠭᠤᠯ ᠤᠨ ᠨᠤᠲᠤᠭ ᠳᠡᠪᠢᠰᠬᠡᠷ ᠤᠨ ᠣᠨᠴᠠᠯᠢᠭ ᠲᠠᠢ

ᠤᠶᠠᠯᠳᠤᠭᠤᠯᠤᠨ᠂ ᠬᠤᠣᠷᠲᠤ ᠡᠳ᠋ ᠤᠨ ᠪᠠᠶᠢᠳᠠᠯ ᠢ ᠬᠢᠨᠠᠨ ᠰᠢᠯᠭᠠᠵᠤ ᠤᠷᠢᠳᠴᠢᠯᠠᠨ ᠰᠡᠷᠡᠮᠵᠢᠯᠡᠭᠦᠯᠬᠦ 

ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠨᠠᠨ ᠰᠢᠯᠭᠠᠭᠰᠠᠨ ᠲᠤᠭ᠎ᠠ ᠪᠠᠷᠢᠮᠲᠠ ᠨᠢ ᠬᠡᠪ ᠤᠨ ᠪᠤᠰᠤ ᠭᠠᠵᠠᠷ

ᠣᠷᠣᠨ ᠢ ᠡᠬᠢ ᠡᠭᠦᠰᠦᠯ  ᠠᠴᠠ ᠨᠢ ᠪᠠᠶᠢᠴᠠᠭᠠᠬᠤ᠂ ᠴᠣᠬᠢᠯᠲᠠ ᠥᠭᠬᠦ᠂ ᠵᠠᠰᠠᠬᠤ ᠠᠵᠢᠯ ᠤᠨ ᠪᠢᠲᠡᠭᠦᠦ ᠴᠠᠭᠠᠷᠢᠭ ᠢ

ᠪᠣᠢ ᠪᠣᠯᠭᠠᠪᠠ︔ ᠳᠣᠲᠣᠭᠠᠳᠤ ᠶᠢ ᠬᠠᠮᠠᠭᠠᠯᠠᠬᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠠᠬ᠎ᠠ

ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ

ᠲᠤᠰᠢᠶᠠᠯ ᠢᠶᠠᠨ ᠭᠦᠢᠴᠡᠳᠬᠡᠵᠦ᠂ ᠬᠠᠮᠵᠢᠨ ᠬᠠᠮᠲᠤᠷᠠᠯᠴᠠᠵᠤ᠂ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ

ᠪᠣᠳᠠᠰ ᠤᠨ ᠠᠵᠢᠯ ᠲᠥᠷᠥᠯ᠂ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂

ᠪᠦᠬᠦ ᠣᠷᠣᠨ ᠤ ᠬᠤᠣᠷᠲᠤ ᠡᠳ᠋ ᠦᠢᠯᠡᠳᠬᠦ ᠳᠤ ᠠᠮᠠᠷᠬᠠᠨ ᠬᠢᠮᠢ ᠶᠢᠨ ᠪᠣᠳᠠᠰ ᠢ ᠬᠠᠮᠢᠶᠠᠷᠤᠨ ᠡᠵᠡᠮᠳᠡᠬᠦ ᠨᠣᠷᠮ᠎ᠠ ᠶᠢ

100%  ᠬᠦᠷᠭᠡᠪᠡ︔ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ ᠦᠭᠡᠢ ᠨᠢᠰᠬᠡᠯ ᠢᠶᠠᠷ ᠠᠭᠠᠷ  ᠠᠴᠠ

ᠰᠡᠭᠦᠳᠡᠷᠯᠡᠬᠦ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢᠶᠠᠷ ᠬᠤᠣᠷ ᠲᠠᠷᠢᠬᠤ ᠶᠢ

ᠴᠠᠭᠠᠵᠠᠯᠠᠵᠤ ᠬᠤᠣᠷᠲᠤ ᠡᠳ᠋ ᠢ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠲᠠᠪᠤᠨ ᠵᠢᠯ ᠳᠤ ᠬᠤᠣᠷᠲᠤ ᠡᠳ᠋ ᠤᠨ

ᠤᠤᠯ ᠤᠷᠭᠤᠮᠠᠯ ᠢ ᠶᠡᠭᠡ ᠬᠡᠪᠴᠢᠶ᠎ᠡ ᠪᠠᠷ ᠲᠠᠷᠢᠬᠤ ᠠᠰᠠᠭᠤᠳᠠᠯ ᠢ ᠢᠯᠡᠷᠡᠭᠦᠯᠦᠭᠰᠡᠨ ᠦᠭᠡᠢ᠃

   

3.webp.png

      ᠰᠤᠷᠪᠤᠯᠵᠢᠯᠠᠭᠴᠢ᠄ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠭᠤᠯᠢ ᠳᠤ ᠬᠤᠣᠷᠲᠤ ᠡᠳ᠋ ᠢ

ᠰᠡᠷᠭᠡᠶᠢᠯᠡᠬᠦ ᠬᠥᠮᠦᠵᠢᠯ ᠬᠢᠬᠦ ᠠᠵᠢᠯ ᠤᠨ ᠶᠠᠪᠤᠴᠠ ᠳᠤ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖

   

4.webp.png

      ᠵᠠᠩ ᠵᠢᠶᠦ᠋ᠨ ᠰᠢ᠄ ᠪᠢᠳᠡ ᠰᠤᠷᠭᠠᠭᠤᠯᠢ ᠳᠤ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠤᠳᠤᠷᠢᠳᠬᠤ

ᠪᠠᠶᠢᠭᠤᠯᠤᠮᠵᠢ ᠪᠣᠯᠤᠨ ᠬᠠᠷᠢᠭᠤᠴᠠᠬᠤ ᠳᠣᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠮᠦᠨ

ᠪᠦᠬᠦᠨ ᠬᠤᠣᠷ ᠴᠠᠭᠠᠵᠠᠯᠠᠬᠤ ᠳᠤ ᠣᠷᠣᠯᠴᠠᠬᠤ︾ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠬᠠᠷᠢᠭᠤᠴᠠᠯᠭ᠎ᠠ ᠶᠢᠨ

ᠳᠦᠷᠢᠮ ᠢ ᠪᠠᠶᠢᠭᠤᠯᠪᠠ᠃ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠢ ᠬᠢᠴᠢᠶᠡᠯ ᠤᠨ ᠲᠠᠩᠬᠢᠮ ᠳᠤ ᠣᠷᠣᠭᠤᠯᠬᠤ ᠶᠢ

ᠶᠡᠭᠡ ᠪᠠᠷ ᠠᠬᠢᠭᠤᠯᠵᠤ᠂ ᠬᠤᠣᠷᠲᠤ ᠡᠳ᠋ ᠢ ᠰᠡᠷᠭᠡᠶᠢᠯᠡᠬᠦ ᠬᠥᠮᠦᠵᠢᠯ ᠤᠨ ᠪᠦᠲᠦᠮᠵᠢᠲᠡᠢ ᠠᠷᠭ᠎ᠠ ᠵᠠᠮ ᠪᠠ ᠠᠷᠭ᠎ᠠ

ᠪᠠᠷᠢᠯ ᠢ ᠰᠦᠪᠡᠭᠴᠢᠯᠡᠪᠡ᠃ ᠬᠤᠣᠷᠲᠤ ᠡᠳ᠋ ᠢ ᠰᠡᠷᠭᠡᠶᠢᠯᠡᠬᠦ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ

ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠳᠤ ︽ᠵᠠᠯᠠᠭᠤ ᠨᠠᠰᠤ

ᠬᠤᠷᠠᠨ ᠴᠤᠭᠯᠠᠷᠠᠵᠤ ᠬᠤᠣᠷᠲᠤ ᠡᠳ᠋ ᠦᠭᠡᠢ ᠤᠮᠠᠷᠠᠲᠤ ᠬᠢᠯᠢ ᠶᠢ ᠴᠣᠭᠴᠠᠯᠠᠶ᠎ᠠ︾ ᠭᠡᠬᠦ ᠰᠢᠷᠢᠰ ᠠᠵᠢᠯᠯᠠᠭ᠎ᠠ ᠶᠢ

ᠵᠣᠬᠢᠶᠠᠨ ᠪᠠᠶᠢᠭᠤᠯᠵᠤ᠂ 1 ᠶᠡᠭᠡ ᠳᠡᠭᠡᠳᠦ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ

ᠴᠠᠭᠠᠵᠠᠯᠠᠬᠤ ᠬᠥᠮᠦᠵᠢᠯ  ᠪᠣᠯᠪᠠᠰᠤᠷᠠᠯ ᠤᠨ ᠰᠠᠭᠤᠷᠢᠨ ᠭᠠᠵᠠᠷ ᠢ ᠪᠠᠶᠢᠭᠤᠯᠵᠤ᠂ 8 ᠶᠡᠭᠡ ᠳᠡᠭᠡᠳᠦ ᠰᠤᠷᠭᠠᠭᠤᠯᠢ

ᠤᠮᠠᠷᠠᠲᠤ ᠬᠢᠯᠢ ᠶᠢᠨ ᠬᠤᠣᠷᠲᠤ ᠡᠳ᠋ ᠢ ᠴᠠᠭᠠᠵᠠᠯᠠᠬᠤ ᠰᠠᠶᠢᠨ ᠳᠤᠷᠠᠴᠤᠤᠯ ᠤᠨ ᠦᠢᠯᠡᠴᠢᠯᠡᠭᠡᠨ ᠤ ᠠᠩᠭᠢ ᠶᠢ

ᠪᠠᠶᠢᠭᠤᠯᠤᠨ᠂ ᠴᠢᠬᠤᠯᠠ ᠵᠠᠩᠭᠢᠯᠠᠭ᠎ᠠ ᠶᠢᠨ ᠦᠶ᠎ᠡ ᠳᠤ ᠰᠤᠷᠭᠠᠭᠤᠯᠢ ᠶᠢᠨ ᠬᠦᠷᠢᠶᠡᠨ ᠳᠤ ᠬᠤᠣᠷ ᠴᠠᠭᠠᠵᠠᠯᠠᠬᠤ ᠭᠤᠣᠯ

ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ

ᠥᠷᠨᠢᠭᠦᠯᠪᠡ᠃ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠠᠵᠢᠯ ᠤᠨ ᠬᠠᠮ ᠬᠦᠴᠦᠨ ᠢ

ᠦᠷᠭᠦᠯᠵᠢᠯᠡᠨ ᠴᠢᠩᠭᠠᠳᠬᠠᠵᠤ᠂ ᠡᠯ᠎ᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠰᠤᠷᠭᠠᠭᠤᠯᠢ ᠶᠢᠨ

ᠪᠠᠭᠰᠢ᠂ ᠬᠠᠤᠯᠢ ᠪᠠᠷ ᠵᠠᠰᠠᠬᠤ ᠳᠡᠳ᠋ ᠵᠠᠬᠢᠷᠤᠯ ᠪᠠ ᠰᠤᠷᠭᠠᠭᠤᠯᠢ ᠶᠢᠨ ᠭᠠᠳᠠᠨᠠᠬᠢ ᠲᠤᠰᠬᠠᠢ ᠮᠡᠷᠭᠡᠵᠢᠯᠲᠡᠨ ᠤ

ᠳᠤᠭᠤᠶᠢᠯᠠᠩ ᠢ ᠪᠠᠭᠲᠠᠭᠠᠭᠰᠠᠨ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠤᠨ ᠪᠠᠭᠰᠢ ᠶᠢᠨ

ᠬᠦᠴᠦᠨ ᠢ ᠢᠳᠡᠪᠬᠢᠲᠡᠢ ᠪᠠᠶᠢᠭᠤᠯᠵᠤ᠂ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠢ ᠥᠷᠨᠢᠭᠦᠯᠬᠦ

ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃

   

      ᠰᠤᠷᠪᠤᠯᠵᠢᠯᠠᠭᠴᠢ ᠄ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠤᠣᠷ ᠲᠠᠲᠠᠬᠤ ᠶᠢ ᠵᠣᠭᠰᠣᠭᠠᠬᠤ

ᠪᠠᠶᠢᠭᠤᠯᠭ᠎ᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ᠂ ᠡᠭᠦᠷᠭᠡ  ᠴᠢᠳᠠᠮᠵᠢᠲᠤ ᠦᠢᠯᠡᠳᠦᠯ ᠢᠶᠠᠨ ᠶᠠᠭᠠᠬᠢᠵᠤ 

ᠪᠠᠳᠠᠷᠠᠭᠤᠯᠤᠭᠰᠠᠨ ᠪᠤᠢ︖

   

5.webp.png

      ᠫᠠᠨ ᠲᠤᠤ᠄ ᠣᠶᠢᠷ᠎ᠠ ᠶᠢᠨ ᠵᠢᠯ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ

ᠵᠠᠬᠢᠷᠭᠠᠨ ᠤ ᠰᠢᠰᠲ᠋ᠧᠮ ᠬᠠᠤᠯᠢ ᠴᠠᠭᠠᠵᠠ ᠶᠢᠨ ᠶᠠᠮᠤᠨ ᠤ ᠬᠤᠣᠷ ᠲᠠᠲᠠᠬᠤ ᠶᠢ ᠵᠣᠭᠰᠣᠭᠠᠬᠤ ᠬᠠᠮᠢᠶᠠᠷᠤᠯᠲᠠ ᠶᠢᠨ

ᠳᠣᠪᠴᠢᠶᠠᠨ ᠤ ᠠᠯᠪᠠᠳᠠᠨ ᠲᠤᠰᠠᠭᠠᠷᠯᠠᠵᠤ ᠬᠤᠣᠷ ᠲᠠᠲᠠᠬᠤ ᠶᠢ ᠵᠣᠭᠰᠣᠭᠠᠬᠤ ᠪᠠᠷ ᠭᠤᠣᠯ ᠴᠣᠭᠴᠠ ᠪᠣᠯᠭᠠᠵᠤ᠂

ᠬᠤᠣᠷ ᠲᠠᠲᠠᠬᠤ ᠶᠢ ᠵᠣᠭᠰᠣᠭᠠᠨ ᠡᠷᠡᠭᠦᠯᠵᠢᠭᠦᠯᠬᠦ ᠪᠠ ᠨᠡᠶᠢᠭᠡᠮ ᠲᠣᠭᠤᠷᠢᠭ ᠤᠨ ᠬᠤᠣᠷ ᠲᠠᠲᠠᠬᠤ ᠶᠢ ᠵᠣᠭᠰᠣᠭᠠᠬᠤ᠂

ᠨᠡᠶᠢᠭᠡᠮ ᠲᠣᠭᠤᠷᠢᠭ ᠤᠨ ᠡᠷᠡᠭᠦᠯᠵᠢᠭᠦᠯᠬᠦ ᠪᠠᠷ ᠬᠤᠶᠠᠷ ᠵᠢᠭᠦᠷ ᠪᠣᠯᠭᠠᠭᠰᠠᠨ ︽ᠨᠢᠭᠡ ᠴᠣᠭᠴᠠ ᠬᠤᠶᠠᠷ ᠵᠢᠭᠦᠷ︾ ᠤᠨ

ᠠᠵᠢᠯ ᠤᠨ ᠪᠠᠶᠢᠷᠢᠰᠢᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠳᠤ ᠪᠠᠨ ᠨᠠᠷᠢᠨ

ᠬᠢᠨᠠᠮᠠᠭᠠᠢ ᠬᠥᠮᠦᠵᠢᠭᠦᠯᠵᠦ ᠴᠡᠭᠡᠷᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠤᠣᠷ ᠲᠠᠲᠠᠬᠤ ᠶᠢ ᠵᠣᠭᠰᠣᠭᠠᠬᠤ

ᠠᠵᠢᠯ ᠢ ᠨᠡᠶᠢᠭᠡᠮᠴᠢᠯᠡᠬᠦ ᠶᠢ ᠢᠳᠡᠪᠬᠢᠲᠡᠢ ᠰᠦᠪᠡᠭᠴᠢᠯᠡᠨ᠂ ᠬᠤᠣᠷ ᠴᠠᠭᠠᠵᠠᠯᠠᠬᠤ ᠪᠠ ᠨᠡᠶᠢᠭᠡᠮ ᠤᠨ ᠶᠡᠷᠦᠩᠬᠡᠶᠢᠯᠡᠨ

ᠵᠠᠰᠠᠬᠤ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠬᠠᠪᠠ᠃

      ᠬᠥᠮᠦᠨ ᠢᠶᠠᠷ ᠦᠨᠳᠦᠰᠦ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂

ᠳᠣᠲᠣᠭᠠᠳᠤ ᠳᠤ ᠪᠠᠨ ᠰᠡᠷᠭᠡᠶᠢᠯᠡᠨ ᠵᠠᠰᠠᠬᠤ ᠰᠢᠨ᠎ᠡ ᠵᠠᠭᠪᠤᠷ ᠢ ᠰᠦᠪᠡᠭᠴᠢᠯᠡᠵᠦ᠂ ᠣᠷᠣᠨ ᠪᠦᠰᠡ ᠳᠤ ᠬᠤᠪᠢᠶᠠᠷᠢᠯᠠᠨ

ᠪᠠᠶᠢᠷᠢᠯᠠᠭᠤᠯᠬᠤ᠂ ᠲᠤᠰᠬᠠᠢ ᠮᠡᠷᠭᠡᠵᠢᠯ ᠤᠨ ᠬᠤᠷᠢᠭᠯᠠᠨ ᠵᠠᠰᠠᠬᠤ᠂ ᠡᠮᠴᠢᠯᠡᠭᠡ ᠰᠤᠷᠭᠠᠨ ᠬᠥᠮᠦᠵᠢᠯ ᠢ ᠵᠡᠷᠭᠡ ᠪᠠᠷ

ᠴᠢᠬᠤᠯᠠᠴᠢᠯᠠᠬᠤ᠂ ᠪᠦᠲᠦᠮᠵᠢᠲᠡᠢ ᠵᠣᠯᠭᠠᠭᠤᠯᠬᠤ ᠠᠵᠢᠯ ᠤᠨ ᠳᠣᠭᠲᠠᠯᠴᠠᠭ᠎ᠠ ᠶᠢ ᠪᠠᠶᠢᠭᠤᠯᠪᠠ᠃ ᠡᠭᠦᠷᠭᠡ

ᠬᠠᠷᠢᠭᠤᠴᠠᠯᠭ᠎ᠠ ᠪᠠᠨ ᠭᠦᠢᠴᠡᠳᠬᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠨᠡᠶᠢᠭᠡᠮ ᠤᠨ ᠬᠢᠨ ᠢ ᠴᠡᠭᠡᠷᠯᠡᠭᠦᠯᠵᠦ

ᠨᠡᠶᠢᠭᠡᠮ ᠤᠨ ᠬᠢᠨ ᠢ ᠡᠷᠡᠭᠦᠯᠵᠢᠭᠦᠯᠬᠦ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠵᠠᠯᠠᠭᠤᠴᠤᠳ

ᠪᠠᠭᠠᠴᠤᠳ ᠤᠨ ᠬᠤᠣᠷ ᠴᠠᠭᠠᠵᠠᠯᠠᠬᠤ ᠤᠬᠠᠭᠤᠯᠭ᠎ᠠ ᠶᠢᠨ ᠬᠡᠯᠪᠡᠷᠢ ᠪᠠ ᠠᠴᠢᠶᠠᠯᠠᠪᠤᠷᠢ ᠶᠢ ᠲᠠᠰᠤᠷᠠᠯᠲᠠ ᠦᠭᠡᠢ

ᠪᠠᠶᠠᠯᠢᠭᠵᠢᠭᠤᠯᠬᠤ ᠶᠢᠨ ᠬᠠᠮᠲᠤ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠨᠡᠶᠢᠭᠡᠮ

ᠲᠣᠭᠤᠷᠢᠭ ᠲᠤ 91 ᠬᠤᠣᠷ ᠲᠠᠲᠠᠬᠤ ᠶᠢ ᠵᠣᠭᠰᠤᠭᠠᠵᠤ ᠡᠷᠡᠭᠦᠯᠵᠢᠭᠦᠯᠬᠦ ᠶᠢ ᠵᠢᠯᠣᠭᠤᠳᠬᠤ ᠥᠷᠲᠡᠭᠡ ᠶᠢ

ᠪᠠᠶᠢᠭᠤᠯᠵᠤ᠂ ᠣᠳᠣᠬᠠᠨ ᠳᠤ ᠨᠢᠭᠡᠨᠲᠡ ᠨᠡᠶᠢᠭᠡᠮ ᠲᠣᠭᠤᠷᠢᠭ ᠤᠨ ᠬᠢᠨ 2753 ᠬᠥᠮᠦᠨ ᠢ ᠬᠠᠪᠰᠤᠷᠤᠨ

ᠡᠷᠡᠭᠦᠯᠵᠢᠭᠦᠯᠵᠦ᠂ ᠠᠵᠢᠯ ᠣᠯᠭᠤᠯᠲᠠ  ᠶᠢᠨ ᠲᠡᠳᠬᠦᠮᠵᠢ᠂ ᠬᠤᠣᠷ ᠲᠠᠲᠠᠬᠤ ᠶᠢ ᠵᠣᠭᠰᠣᠭᠠᠬᠤ ᠡᠮᠴᠢᠯᠡᠭᠡ᠂

ᠨᠡᠶᠢᠭᠡᠮ ᠤᠨ ᠠᠪᠤᠷᠠᠨ ᠲᠤᠰᠠᠯᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠶᠢᠨ ᠠᠰᠠᠭᠤᠳᠠᠯ 411 ᠶᠢ

ᠬᠠᠪᠰᠤᠷᠤᠨ ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 62 ᠤᠳᠠᠭ᠎ᠠ

ᠥᠷᠨᠢᠭᠦᠯᠵᠦ᠂ 1300 ᠰᠢᠬᠠᠮ ᠬᠥᠮᠦᠨ ᠳᠤ ᠠᠰᠢᠭ ᠭᠦᠷᠲᠡᠭᠡᠵᠡᠢ᠃ ᠢᠳᠡᠪᠬᠢᠲᠡᠢ ᠰᠦᠪᠡᠭᠴᠢᠯᠡᠵᠦ᠂ ᠨᠠᠷᠢᠯᠢᠭ

ᠣᠨᠣᠴᠠᠲᠠᠢ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠬᠤᠣᠷ ᠲᠠᠲᠠᠬᠤ ᠶᠢ ᠵᠣᠭᠰᠣᠭᠠᠵᠤ ᠡᠷᠡᠭᠦᠯᠵᠢᠭᠦᠯᠬᠦ

ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ︽ᠨᠢᠭᠡ ᠥᠷᠲᠡᠭᠡ ᠮᠠᠶ᠋ᠢᠭ︾ ᠤᠨ ᠵᠢᠯᠣᠭᠤᠳᠬᠤ ᠦᠢᠯᠡᠴᠢᠯᠡᠭᠡᠨ ᠤ

ᠬᠤᠣᠷ ᠲᠠᠲᠠᠬᠤ ᠶᠢ ᠵᠣᠭᠰᠣᠭᠠᠨ ᠡᠷᠡᠭᠦᠯᠵᠢᠭᠦᠯᠬᠦ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠤᠣᠷ ᠳᠠᠲᠠᠭᠴᠢᠳ ᠤᠨ

ᠠᠵᠢᠯ ᠣᠯᠬᠤ ᠨᠣᠷᠮ᠎ᠠ ᠶᠢ ᠳᠡᠭᠡᠭᠰᠢᠯᠡᠭᠦᠯᠬᠦ᠂ ᠨᠠᠰᠤᠨ ᠳᠤ ᠦᠯᠦ ᠬᠦᠷᠬᠦ ᠬᠤᠣᠷ ᠲᠠᠲᠠᠭᠴᠢᠳ ᠤᠨ ᠰᠤᠷᠤᠯᠭ᠎ᠠ ᠪᠠᠨ

ᠵᠣᠭᠰᠤᠬᠤ ᠨᠣᠷᠮ᠎ᠠ ᠶᠢ ᠪᠠᠭᠤᠷᠠᠭᠤᠯᠬᠤ᠂ ᠬᠤᠣᠷ ᠲᠠᠲᠠᠭᠴᠢᠳ ᠤᠨ ᠳᠠᠬᠢᠨ ᠬᠤᠣᠷ ᠲᠠᠲᠠᠬᠤ ᠨᠣᠷᠮ᠎ᠠ ᠶᠢ

ᠪᠠᠭᠤᠷᠠᠭᠤᠯᠬᠤ ᠵᠡᠷᠭᠡ ᠠᠵᠢᠯ ᠤᠨ ᠬᠠᠷᠠᠯᠲᠠ ᠶᠢ ᠪᠡᠶᠡᠯᠡᠭᠦᠯᠪᠡ᠃

      ᠰᠤᠷᠪᠤᠯᠵᠢᠯᠠᠭᠴᠢ ᠄ ᠮᠠᠨ ᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ

ᠰᠠᠯᠠᠭ᠎ᠠ ᠮᠥᠴᠢᠷ ᠡᠮᠴᠢᠯᠡᠭᠡᠨ ᠤ ᠪᠠᠶᠢᠭᠤᠯᠤᠮᠵᠢ ᠶᠢᠨ ᠮᠢᠨᠴᠦᠷᠡᠭᠦᠯᠬᠦ᠂ ᠮᠡᠳᠡᠷᠡᠯ ᠤᠨ ᠡᠮ ᠤᠨ ᠵᠦᠢᠯ ᠢ ᠬᠡᠷᠡᠭᠯᠡᠬᠦ

ᠬᠢᠨᠠᠯᠲᠠ ᠬᠠᠮᠢᠶᠠᠷᠤᠯᠲᠠ ᠶᠢ ᠶᠠᠭᠠᠬᠢᠵᠤ ᠪᠦᠲᠦᠮᠵᠢᠲᠡᠢ ᠥᠷᠨᠢᠭᠦᠯᠦᠭᠰᠡᠨ ᠪᠤᠢ︖

       

6.webp.png

      ᠠᠷᠰᠯᠠᠨ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠣᠯᠳᠠᠭᠤ

ᠳᠣᠣᠷᠠᠬᠢ ᠬᠡᠳᠦᠨ ᠲᠠᠯ᠎ᠠ ᠪᠠᠷ ᠠᠵᠢᠯ ᠢᠶᠠᠨ ᠥᠷᠨᠢᠭᠦᠯᠪᠡ᠄ ᠮᠢᠨᠴᠦᠭᠦᠷᠡᠭᠦᠯᠬᠦ ᠡᠮ ᠤᠨ ᠵᠦᠢᠯ ᠪᠠ ᠨᠢᠭᠡᠳᠦᠭᠡᠷ

ᠲᠥᠷᠥᠯ ᠤᠨ ᠮᠡᠳᠡᠷᠡᠯ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ

ᠳᠦᠷᠢᠮ ᠢ ᠦᠨᠳᠦᠰᠦᠯᠡᠨ᠂ ᠮᠢᠨᠴᠦᠭᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠤᠨ

ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ  ᠲᠡᠭᠦᠯᠳᠡᠷᠵᠢᠭᠦᠯᠪᠡ᠃ ᠡᠮᠴᠢᠯᠡᠭᠡᠨ ᠤ ᠪᠠᠶᠢᠭᠤᠯᠤᠮᠵᠢ ᠶᠢᠨ

︽ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ

ᠪᠠᠶᠢᠳᠠᠯ ᠢ ᠡᠮᠨᠡᠯᠭᠡ ᠶᠢᠨ ᠬᠤᠷᠢᠶᠠᠨ ᠤ ᠳᠡᠰ ᠢ ᠬᠢᠨᠠᠨ ᠲᠣᠭᠲᠠᠭᠠᠬᠤ᠂ ᠡᠮ ᠢ ᠵᠦᠢ ᠵᠣᠬᠢᠰᠲᠠᠢ ᠬᠡᠷᠡᠭᠯᠡᠬᠦ ᠶᠢ ᠰᠢᠯᠭᠠᠨ

ᠬᠢᠨᠠᠬᠤ᠂ ᠡᠮᠴᠢᠯᠡᠭᠡᠨ ᠳᠤ ᠬᠡᠷᠡᠭᠯᠡᠬᠦ ᠡᠮ ᠤᠨ ᠵᠦᠢᠯ ᠤᠨ ᠴᠢᠨᠠᠷ ᠴᠢᠨᠰᠠᠭ᠎ᠠ ᠶᠢ ᠡᠵᠡᠮᠳᠡᠬᠦ ᠵᠡᠷᠭᠡ ᠠᠵᠢᠯ ᠢ ᠰᠢᠯᠭᠠᠨ

ᠬᠢᠨᠠᠬᠤ ᠪᠠ ᠦᠨᠡᠯᠡᠬᠦ ᠶᠠᠪᠤᠴᠠ ᠳᠤ ᠣᠷᠣᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ

ᠪᠠᠶᠢᠭᠤᠯᠤᠮᠵᠢ ᠶᠢ ᠰᠢᠪᠠᠳᠠᠭᠤᠯᠵᠤ ︽ᠮᠢᠨᠴᠦᠷᠡᠭᠦᠯᠬᠦ ᠡᠮ ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ          

ᠵᠦᠢᠯ︾ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠪᠠ᠃ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ

ᠠᠵᠢᠯᠲᠠᠨ ᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠤᠨ ᠰᠤᠷᠤᠯᠴᠠᠯᠭ᠎ᠠ

ᠪᠣᠯᠪᠠᠰᠤᠷᠠᠯ ᠢ ᠴᠢᠩᠭᠠᠳᠬᠠᠵᠤ᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ᠡᠮᠴᠢ ᠳᠤ ︽ᠮᠢᠨᠴᠦᠷᠡᠭᠦᠯᠬᠦ ᠡᠮ ᠪᠠ

ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾ ᠤᠨ ᠡᠮ ᠤᠨ ᠵᠣᠷ ᠤᠨ ᠡᠷᠬᠡ ᠣᠯᠭᠤᠬᠤ ᠶᠢ

ᠵᠢᠷᠤᠮᠵᠢᠭᠤᠯᠤᠨ᠂ ᠡᠯ᠎ᠡ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ︽ᠮᠢᠨᠴᠦᠷᠡᠭᠦᠯᠬᠦ ᠡᠮ          

ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾  ᠤᠨ ᠬᠠᠮᠢᠶᠠᠷᠤᠯᠲᠠ ᠶᠢᠨ ᠠᠮᠤᠷ ᠲᠦᠪᠰᠢᠨ ᠤ

ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠠ ᠬᠠᠤᠯᠢ ᠴᠠᠭᠠᠵᠠ ᠶᠢᠨ ᠤᠬᠠᠮᠰᠠᠷ ᠢ ᠦᠷᠭᠦᠯᠵᠢᠯᠡᠨ

ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ

ᠮᠥᠴᠢᠷ ᠲᠠᠢ ᠬᠠᠮᠲᠤᠷᠠᠨ ᠮᠢᠨᠴᠦᠭᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠤᠨ ᠬᠢᠨᠠᠯᠲᠠ

ᠬᠠᠮᠢᠶᠠᠷᠤᠯᠲᠠ ᠶᠢᠨ ᠲᠤᠰᠬᠠᠢ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ︽ᠮᠢᠨᠴᠦᠷᠡᠭᠦᠯᠬᠦ

ᠡᠮ ᠪᠠ ᠨᠢᠭᠡᠳᠦᠭᠡᠷ ᠲᠥᠷᠦᠯ ᠤᠨ ᠮᠡᠳᠡᠷᠡᠯ ᠤᠨ ᠡᠮ ᠤᠨ ᠵᠦᠢᠯ︾ ᠤᠨ ᠬᠠᠮᠢᠶᠠᠷᠤᠯᠲᠠ ᠶᠢᠨ ᠤᠷᠲᠤ

ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠬᠠᠮᠲᠤ ᠳᠤ ᠪᠠᠨ ᠪᠠᠶᠢᠭᠤᠯᠵᠤ᠂ ᠠᠷᠠᠳ ᠣᠯᠠᠨ ᠤ ᠪᠡᠶ᠎ᠡ

ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠪᠠ᠃

   

      ᠰᠤᠷᠪᠤᠯᠵᠢᠯᠠᠭᠴᠢ᠄ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠮᠢᠨᠴᠦᠭᠦᠷᠡᠭᠦᠯᠬᠦ᠂

ᠮᠡᠳᠡᠷᠡᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ  ᠪᠠᠷ ᠶᠠᠮᠠᠷ ᠦᠷ᠎ᠡ ᠪᠦᠲᠦᠮᠵᠢ ᠣᠯᠤᠭᠰᠠᠨ

ᠪᠤᠢ︖

   

7.webp.png

      ᠵᠠᠩ ᠳ᠋ᠧ ᡁᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ

ᠲᠣᠪᠴᠢᠶ᠎ᠠ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ

ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠢ ᠬᠠᠤᠯᠢ

ᠪᠤᠰᠤ ᠪᠠᠷ ᠬᠡᠷᠡᠭᠯᠡᠬᠦ ᠶᠢ ᠴᠢᠩᠭ᠎ᠠ ᠰᠡᠷᠭᠡᠶᠢᠯᠡᠪᠡ᠃ ᠨᠢᠭᠡ ᠳᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ

ᠦᠷᠭᠦᠯᠵᠢᠯᠡᠨ ᠴᠢᠩᠭᠠᠳᠬᠠᠭᠰᠠᠨ ᠰᠠᠭᠤᠷᠢᠨ ᠳᠡᠭᠡᠷ᠎ᠡ᠂ ᠵᠢᠯ ᠪᠦᠷᠢ ᠪᠦᠬᠦ ᠣᠷᠣᠨ ᠳᠤ ᠮᠢᠨᠴᠦᠭᠦᠷᠡᠭᠦᠯᠬᠦ᠂

ᠮᠡᠳᠡᠷᠡᠯ ᠤᠨ ᠡᠮ ᠤᠨ ᠵᠦᠢᠯ ᠤᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠶᠢᠨ ᠵᠠᠩᠭᠢᠯᠠᠭ᠎ᠠ ᠶᠢᠨ ᠲᠤᠰᠬᠠᠢ

ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮ ᠤᠨ ᠵᠦᠢᠯ ᠤᠨ ᠢᠷᠡᠯᠲᠡ ᠶᠢ ᠪᠠᠶᠢᠴᠠᠭᠠᠵᠤ ᠪᠣᠯᠬᠤ᠂

ᠬᠠᠮᠢᠭᠠᠰᠢ ᠭᠠᠷᠭᠠᠭᠰᠠᠨ ᠢ ᠨᠡᠬᠡᠮᠵᠢᠯᠡᠵᠦ ᠪᠣᠯᠬᠤ ᠶᠢ ᠦᠨᠡᠨ ᠬᠦ ᠪᠠᠲᠤᠯᠠᠪᠠ᠃ ᠬᠤᠶᠠᠷ ᠲᠤ᠂ ᠨᠡᠶᠢᠭᠡᠮ

ᠨᠡᠶᠢᠲᠡ ᠪᠠᠷ ᠢᠶᠠᠨ ᠵᠠᠰᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ︽6.26︾ ᠬᠤᠣᠷ ᠴᠠᠭᠠᠵᠠᠯᠠᠬᠤ ᠡᠳᠦᠷ᠂

︽ᠠᠮᠤᠷ ᠲᠦᠪᠰᠢᠨ ᠡᠮ ᠬᠡᠷᠡᠭᠯᠡᠬᠦ ᠰᠠᠷ᠎ᠠ︾ ᠵᠡᠷᠭᠡ ᠠᠵᠢᠯᠯᠠᠭ᠎ᠠ ᠳᠤ ᠲᠦᠰᠢᠭᠯᠡᠨ᠂ ᠠᠮᠤᠷ ᠲᠦᠪᠰᠢᠨ ᠡᠮ ᠬᠡᠷᠡᠭᠯᠡᠬᠦ

ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠪᠡ᠃ ᠭᠤᠷᠪᠠ ᠳᠤ᠂

ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠭᠤᠭᠴᠤᠭᠠᠨ ᠤ

ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠢᠨᠴᠦᠭᠦᠷᠡᠭᠦᠯᠬᠦ᠂ ᠮᠡᠳᠡᠷᠡᠯ ᠤᠨ ᠡᠮ ᠤᠨ ᠵᠦᠢᠯ ᠤᠨ ᠠᠮᠤᠷ

ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ

ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂

ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠵᠢᠴᠢ ᠤᠬᠠᠭᠤᠯᠭ᠎ᠠ ᠬᠥᠮᠦᠵᠢᠯ ᠢ

ᠲᠦᠭᠡᠮᠡᠯᠵᠢᠭᠦᠯᠬᠦ ᠶᠢ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠵᠢᠴᠢ ᠭᠡᠷ ᠤᠨ ᠠᠬᠠᠮᠠᠳ ᠢ ᠬᠥᠲᠥᠯᠥᠨ

ᠵᠢᠯᠣᠭᠤᠳᠴᠤ  ᠮᠡᠳᠡᠷᠡᠯ ᠤᠨ ᠲᠥᠷᠥᠯ ᠤᠨ ᠡᠮ ᠤᠨ ᠵᠦᠢᠯ ᠢ ᠵᠥᠪ ᠢᠶᠠᠷ ᠲᠠᠨᠢᠭᠤᠯᠵᠤ᠂ ᠡᠮ ᠤᠨ ᠵᠦᠢᠯ ᠢ

ᠳᠤᠷ᠎ᠠ ᠪᠠᠷ ᠢᠶᠠᠨ ᠬᠡᠷᠡᠭᠯᠡᠬᠦ ᠠᠴᠠ ᠤᠬᠠᠮᠰᠠᠷ ᠠᠴᠠ ᠪᠠᠨ ᠵᠠᠶᠢᠯᠠᠰᠬᠢᠵᠦ᠂ ᠡᠮ ᠤᠨ ᠵᠦᠢᠯ ᠳᠤ ᠰᠢᠨᠤᠯ ᠲᠠᠢ ᠪᠣᠯᠬᠤ ᠶᠢ

ᠤᠷᠢᠳᠴᠢᠯᠠᠨ ᠰᠡᠷᠭᠡᠶᠢᠯᠡᠵᠦ᠂ ᠨᠠᠰᠤᠨ ᠳᠤ ᠦᠯᠦ ᠬᠦᠷᠦᠭᠰᠡᠳ  ᠤᠨ ᠲᠦᠭᠰᠢᠭᠦᠷᠢ ᠶᠢᠨ ᠤᠬᠠᠮᠰᠠᠷ ᠪᠠ ᠠᠮᠤᠷ

ᠲᠦᠪᠰᠢᠨ ᠡᠮ ᠬᠡᠷᠡᠭᠯᠡᠬᠦ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃

      ᠰᠤᠷᠪᠤᠯᠵᠢᠯᠠᠭᠴᠢ ᠄ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠤᠣᠷ ᠴᠠᠭᠠᠵᠠᠯᠠᠬᠤ ᠲᠠᠯ᠎ᠠ ᠪᠠᠷ

ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖

   

8.webp.png

      ᠳ᠋ᠦᠩ ᠭᠠᠩ᠄ ᠪᠢᠳᠡ ᠳᠣᠲᠣᠭᠠᠳᠤ ᠶᠢ ᠬᠠᠮᠠᠭᠠᠯᠠᠬᠤ ᠶᠢᠨ ᠬᠤᠣᠷ ᠴᠠᠭᠠᠵᠠᠯᠠᠬᠤ ᠰᠠᠯᠠᠭ᠎ᠠ ᠮᠥᠴᠢᠷ ᠯᠦᠭᠡ ᠶᠢᠨ

ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠵᠤ᠂ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠠᠪᠴᠤ᠂ ᠢᠯᠡᠭᠡᠨ

ᠶᠠᠪᠤᠭᠤᠯᠬᠤ ᠠᠷᠭ᠎ᠠ ᠵᠠᠮ ᠤᠨ ᠬᠤᠣᠷ ᠴᠠᠭᠠᠵᠠᠯᠠᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠪᠡ᠃ ᠨᠢᠭᠡ ᠳᠤ᠂

ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠣᠷ ᠴᠠᠭᠠᠵᠠᠯᠠᠬᠤ ᠶᠡᠷᠦᠩᠬᠡᠢ

ᠠᠩᠭᠢ ᠯᠤᠭ᠎ᠠ ᠬᠠᠮᠲᠤᠷᠠᠨ ᠲᠦᠷᠭᠡᠨ ᠬᠦᠷᠭᠡᠯᠲᠡ ᠶᠢᠨ ᠬᠦᠷᠢᠶᠡᠯᠡᠩ ᠲᠣᠭᠤᠷᠢᠭ ᠤᠨ ᠬᠤᠣᠷ ᠴᠠᠭᠠᠵᠠᠯᠠᠬᠤ ᠠᠵᠢᠯ ᠤᠨ

ᠥᠷᠲᠡᠭᠡ ᠶᠢ ᠪᠣᠳᠠᠲᠠᠶᠢᠵᠢᠭᠤᠯᠬᠤ ᠠᠵᠢᠯᠯᠠᠭ᠎ᠠ ᠶᠢ ᠠᠬᠢᠭᠤᠯᠵᠤ᠂ ᠰᠠᠯᠠᠭ᠎ᠠ ᠮᠥᠴᠢᠷ ᠤᠨ ᠬᠢᠨ ᠲᠣᠭᠲᠠᠮᠠᠯ

ᠬᠤᠭᠤᠴᠠᠭ᠎ᠠ ᠲᠠᠢ ᠵᠥᠪᠳᠡᠯᠴᠡᠬᠦ ᠲᠣᠭᠲᠠᠴᠠ ᠪᠠ ᠵᠠᠰᠠᠭ ᠠᠵᠤ ᠠᠬᠤᠶᠢᠯᠠᠯ ᠦᠢᠯᠡᠳᠦᠯᠴᠡᠬᠦ ᠲᠣᠭᠲᠠᠴᠠ ᠶᠢ

ᠪᠠᠶᠢᠭᠤᠯᠪᠠ᠃ ᠬᠤᠶᠠᠷ ᠲᠤ᠂ ᠢᠯᠡᠭᠡᠨ ᠶᠠᠪᠤᠭᠤᠯᠬᠤ ᠠᠷᠭ᠎ᠠ ᠵᠠᠮ ᠤᠨ ᠠᠮᠤᠷ ᠲᠦᠪᠰᠢᠨ ᠢ ᠬᠤᠯᠪᠤᠭᠠᠯᠠᠨ ᠬᠢᠨᠠᠨ

ᠬᠠᠮᠢᠶᠠᠷᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠦᠴᠦᠨ ᠢ

ᠠᠯᠬᠤᠮ ᠠᠯᠬᠤᠮ ᠢᠶᠠᠷ ᠪᠠᠶᠢᠭᠤᠯᠤᠨ ᠴᠢᠩᠭᠠᠳᠬᠠᠵᠤ᠂ ᠢᠯᠡᠭᠡᠨ ᠶᠠᠪᠤᠭᠤᠯᠬᠤ ᠠᠷᠭ᠎ᠠ ᠵᠠᠮ ᠤᠨ ᠬᠤᠣᠷ ᠲᠤ

ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠬᠤᠯᠪᠤᠭᠠᠯᠠᠨ ᠪᠠᠶᠢᠴᠠᠭᠠᠵᠤ ᠪᠠᠷᠢᠪᠴᠢᠯᠠᠬᠤ ᠠᠵᠢᠯ ᠢ ᠭᠦᠨᠵᠡᠭᠡᠶᠢᠷᠡᠭᠦᠯᠦᠨ᠂

ᠢᠯᠡᠭᠡᠨ ᠶᠠᠪᠤᠭᠤᠯᠬᠤ ᠠᠷᠭ᠎ᠠ ᠵᠠᠮ ᠤᠨ ᠬᠤᠣᠷ ᠴᠠᠭᠠᠵᠠᠯᠠᠬᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ

ᠲᠠᠰᠤᠷᠠᠯᠲᠠ ᠦᠭᠡᠢ ᠠᠬᠢᠭᠤᠯᠪᠠ᠃ ᠭᠤᠷᠪᠠ ᠳᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠵᠢᠯ

ᠡᠷᠬᠢᠯᠡᠭᠰᠡᠳ ᠤᠨ ᠬᠤᠣᠷ ᠴᠠᠭᠠᠵᠠᠯᠠᠬᠤ ᠤᠬᠠᠮᠰᠠᠷ ᠪᠠ ᠪᠠᠶᠢᠴᠠᠭᠠᠵᠤ ᠢᠯᠭᠠᠨ ᠲᠠᠨᠢᠬᠤ ᠴᠢᠳᠠᠪᠤᠷᠢ ᠶᠢ ᠣᠯᠠᠨ ᠠᠷᠭ᠎ᠠ

ᠵᠠᠮ ᠢᠶᠠᠷ ᠳᠡᠭᠡᠭᠰᠢᠯᠡᠭᠦᠯᠪᠡ᠃ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠣᠷ ᠴᠠᠭᠠᠵᠠᠯᠠᠬᠤ

ᠠᠵᠢᠯ ᠤᠨ ᠥᠷᠲᠡᠭᠡ ᠶᠢ ᠪᠣᠳᠠᠲᠠᠶᠢᠵᠢᠭᠤᠯᠬᠤ  ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠳᠣᠲᠣᠭᠠᠳᠤ ᠶᠢ

ᠬᠠᠮᠠᠭᠠᠯᠠᠬᠤ ᠶᠢᠨ ᠬᠤᠣᠷ ᠴᠠᠭᠠᠵᠠᠯᠠᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠨᠡᠪᠲᠡᠷᠡᠯᠴᠡᠭᠡ ᠶᠢ

ᠴᠢᠩᠭᠠᠳᠬᠠᠨ᠂ ᠡᠬᠢ ᠪᠠᠶᠠᠯᠢᠭ ᠢ ᠬᠠᠮᠲᠤ ᠳᠤ ᠪᠠᠨ ᠬᠤᠪᠢᠶᠠᠯᠴᠠᠨ ᠡᠳ᠋ᠯᠡᠬᠦ᠂ ᠪᠠᠶᠢᠳᠠᠯ ᠢ ᠮᠡᠳᠡᠭᠳᠡᠬᠦ᠂ ᠰᠦᠪᠡᠭᠴᠢ ᠶᠢ

ᠳᠠᠮᠵᠢᠭᠤᠯᠬᠤ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠬᠠᠮᠵᠢᠯᠴᠠᠬᠤ ᠲᠣᠭᠲᠠᠴᠠ ᠶᠢ ᠪᠠᠶᠢᠭᠤᠯᠤᠨ

ᠲᠡᠭᠦᠯᠳᠡᠷᠵᠢᠭᠦᠯᠵᠦ᠂ ᠢᠯᠡᠭᠡᠨ ᠶᠠᠪᠤᠭᠤᠯᠬᠤ ᠠᠷᠭ᠎ᠠ ᠵᠠᠮ ᠤᠨ ᠬᠤᠣᠷ ᠴᠠᠭᠠᠵᠠᠯᠠᠬᠤ ᠠᠵᠢᠯ ᠢ ᠬᠤᠯᠪᠣᠭᠠᠯᠠᠨ

ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠢᠷᠢ ᠲᠦᠪᠰᠢᠨ ᠪᠠ ᠬᠠᠮᠵᠢᠯᠴᠠᠨ ᠲᠠᠮᠡᠴᠡᠬᠦ ᠴᠢᠳᠠᠪᠤᠷᠢ ᠶᠢ ᠬᠦᠴᠦᠯᠡᠨ

ᠳᠡᠭᠡᠭᠰᠢᠯᠡᠭᠦᠯᠵᠦ᠂ ᠬᠤᠣᠷᠲᠤ ᠡᠳ᠋ ᠢ ᠢᠯᠡᠭᠡᠨ ᠶᠠᠪᠤᠭᠤᠯᠬᠤ ᠠᠷᠭ᠎ᠠ ᠵᠠᠮ ᠢ ᠠᠰᠢᠭᠯᠠᠨ ᠤᠯᠠᠮᠵᠢᠯᠠᠨ ᠲᠠᠷᠬᠠᠭᠠᠬᠤ ᠶᠢ

ᠴᠢᠩᠭ᠎ᠠ ᠰᠡᠷᠭᠡᠶᠢᠯᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map