2024 ᠣᠨ ᠤ ᠥᠪᠥᠷ ᠮᠣᠩᠭᠤᠯ ᠤᠨ ᠤᠶᠤᠲᠠᠳ ᠤᠨ ᠱᠠᠩᠨᠠᠯ ᠭᠦᠷᠲᠡᠭᠰᠡᠨ ︽ᠠᠷᠪᠠᠨ ᠰᠢᠯᠢᠳᠡᠭ ᠰᠤᠷᠭᠠᠭᠤᠯᠢ ᠶᠢᠨ ᠬᠦᠷᠢᠶᠡᠨ ᠤ ᠳᠠᠭᠤᠴᠢᠨ︾ ᠤ ᠨᠡᠷᠡᠰ
ᠨᠡᠶᠢᠲᠡᠯᠡᠭᠰᠡᠨ ᠴᠠᠭ᠄
2024/6/28
      6 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠲᠠᠢ ᠬᠠᠮᠲᠤᠷᠠᠨ ᠡᠷᠬᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠠᠷᠪᠠᠨ ᠰᠢᠯᠢᠳᠡᠭ ᠰᠤᠷᠭᠠᠭᠤᠯᠢ ᠶᠢᠨ ᠬᠦᠷᠢᠶᠡᠨ ᠤ ᠳᠠᠭᠤᠴᠢᠨ︾ ᠢ ᠰᠢᠯᠭᠠᠷᠠᠭᠤᠯᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠢ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠠᠮᠵᠢᠯᠲᠠ ᠲᠠᠢ ᠡᠷᠬᠢᠯᠡᠪᠡ᠂ ᠰᠢᠢᠳᠪᠦᠷᠢᠲᠦ ᠤᠷᠤᠯᠳᠤᠭᠠᠨ ᠳᠤ ᠲᠤᠰᠬᠠᠢ ᠮᠡᠷᠭᠡᠵᠢᠯ ᠤᠨ ᠳᠤᠭᠤᠶᠢᠯᠠᠩ᠂ ᠠᠵᠢᠯ ᠤᠨ ᠴᠢᠯᠥᠭᠡᠨ ᠤ ᠳᠤᠭᠤᠶᠢᠯᠠᠩ ᠤᠨ ᠰᠤᠷᠤᠭᠴᠢ ᠪᠠ ᠪᠠᠭᠰᠢ 30 ᠬᠥᠮᠦᠨ ︽ᠠᠷᠪᠠᠨ ᠰᠢᠯᠢᠳᠡᠭ ᠰᠤᠷᠭᠠᠭᠤᠯᠢ ᠶᠢᠨ ᠬᠦᠷᠢᠶᠡᠨ ᠤ ᠳᠠᠭᠤᠴᠢᠨ︾ ᠤ ᠢᠷᠠᠭᠤ ᠠᠯᠳᠠᠷ ᠤᠨ ᠴᠣᠯᠠ ᠬᠦᠷᠲᠡᠪᠡ᠃ ︽ᠠᠷᠪᠠᠨ ᠰᠢᠯᠢᠳᠡᠭ ᠰᠤᠷᠭᠠᠭᠤᠯᠢ ᠶᠢᠨ ᠬᠦᠷᠢᠶᠡᠨ ᠤ ᠳᠠᠭᠤᠴᠢᠨ︾ ᠤ ᠴᠤᠭ ᠵᠢᠪᠬᠤᠭ᠎ᠠ ᠶᠢ ᠭᠦᠢᠴᠡᠳ ᠪᠠᠳᠠᠷᠠᠭᠤᠯᠵᠤ᠂ ᠮᠠᠨ ᠤ ᠣᠷᠣᠨ ᠤ ᠵᠠᠯᠠᠭᠤ ᠰᠤᠷᠤᠭᠴᠢᠳ ᠪᠣᠯᠤᠨ ᠪᠠᠭᠰᠢ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠬᠦ ᠶᠢᠨ ᠲᠥᠯᠥᠭᠡ᠂ 6 ᠳ᠋ᠤᠭᠠᠷ ᠰᠠᠷ᠎ᠠ ᠶᠢᠨ 29 ᠤ ᠡᠳᠦᠷ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠶᠤᠲᠠᠳ ᠤᠨ ︽ᠠᠷᠪᠠᠨ ᠰᠢᠯᠢᠳᠡᠭ ᠰᠤᠷᠭᠠᠭᠤᠯᠢ ᠶᠢᠨ ᠬᠦᠷᠢᠶᠡᠨ ᠤ           ᠳᠠᠭᠤᠴᠢᠨ︾ ᠤ ᠤᠷᠤᠯᠳᠤᠭᠠᠨ ᠤ ᠦᠵᠡᠭᠦᠯᠭᠡ ᠶᠢᠨ ᠲᠣᠭᠯᠠᠯᠲᠠ ᠵᠢᠴᠢ ᠱᠠᠩᠨᠠᠯ ᠣᠯᠭᠤᠬᠤ ᠶᠣᠰᠣᠯᠠᠯ ᠢ ᠡᠷᠬᠢᠯᠡᠬᠦ ᠪᠣᠯᠤᠨ᠎ᠠ᠃       ᠱᠠᠩᠨᠠᠯ ᠭᠦᠷᠲᠡᠭᠰᠡᠨ ︽ᠰᠤᠷᠭᠠᠭᠤᠯᠢ ᠶᠢᠨ ᠬᠦᠷᠢᠶᠡᠨ ᠤ ᠠᠷᠪᠠᠨ ᠰᠢᠯᠢᠳᠡᠭ ᠳᠠᠭᠤᠴᠢᠨ︾ ᠤ ᠨᠡᠷᠡᠰ

1.png

2.png

3.png

   

4.png

 

5.png

6.png

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map