︽ᠪᠢᠳᠡ ᠪᠣᠯ ᠳᠤᠮᠳᠠᠳᠤ ᠶᠢᠨ ᠪᠠᠭᠠᠴᠤᠤᠯ · ᠡᠬᠡ ᠤᠯᠤᠰ ᠢᠶᠠᠨ ᠮᠠᠭᠲᠠᠨ ᠳᠠᠭᠤᠯᠠᠨᠠᠮ︾ ᠭᠡᠬᠦ ︽ᠳᠣᠯᠣᠭᠠᠨ ᠰᠠᠷ᠎ᠠ ᠶᠢᠨ ᠨᠢᠭᠡᠨ︾ ᠢ ᠤᠭᠲᠤᠬᠤ ᠪᠠᠭᠠᠴᠤᠳ ᠬᠡᠦᠬᠡᠳ ᠤᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠦᠵᠡᠰᠬᠦᠯᠡᠩ ᠤᠳᠠᠯ ᠦᠭᠡᠢ ᠶᠠᠪᠤᠭᠳᠠᠬᠤ ᠪᠠᠷ ᠪᠣᠢ
ᠨᠡᠶᠢᠲᠡᠯᠡᠭᠰᠡᠨ ᠴᠠᠭ᠄
2024/6/28

1.webp.png

    

      ᠪᠢᠳᠡ ᠪᠣᠯ ᠳᠤᠮᠳᠠᠳᠤ ᠶᠢᠨ ᠪᠠᠭᠠᠴᠤᠤᠯ᠂ ᠡᠬᠡ ᠤᠯᠤᠰ ᠢᠶᠠᠨ ᠮᠠᠭᠲᠠᠨ ᠳᠠᠭᠤᠯᠠᠨᠠᠮ

      ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠤᠯᠤᠰ ᠭᠡᠷ ᠤᠨ ᠬᠠᠶᠢᠷ᠎ᠠ

ᠰᠡᠳᠬᠢᠯᠭᠡ ᠶᠢ ᠵᠤᠵᠠᠭᠠᠳᠬᠠᠵᠤ᠂ ᠡᠬᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ ᠭᠤᠣᠯᠯᠠᠭᠴᠢ

ᠥᠷᠲᠡᠭ ᠤᠨ ᠦᠵᠡᠯᠲᠡ ᠶᠢᠨ ᠬᠥᠮᠦᠵᠢᠯ  ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ

ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠪᠢᠳᠡ

ᠪᠣᠯ ᠳᠤᠮᠳᠠᠳᠤ ᠶᠢᠨ ᠪᠠᠭᠠᠴᠤᠤᠯ · ᠡᠬᠡ ᠤᠯᠤᠰ ᠢᠶᠠᠨ ᠮᠠᠭᠲᠠᠨ ᠳᠠᠭᠤᠯᠠᠨᠠᠮ︾ ᠭᠡᠬᠦ ︽ᠳᠣᠯᠣᠭᠠᠨ ᠰᠠᠷ᠎ᠠ ᠶᠢᠨ

ᠨᠢᠭᠡᠨ︾ ᠢ ᠤᠭᠲᠤᠬᠤ ᠪᠠᠭᠠᠴᠤᠳ ᠬᠡᠦᠬᠡᠳ ᠤᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ

ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤ ᠴᠣᠭᠴᠠᠯᠠᠬᠤ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠬᠠᠳᠠᠩᠰᠢᠭᠤᠯᠵᠤ᠂

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠵᠠᠯᠠᠭᠤ ᠨᠠᠰᠤᠨ ᠤ

ᠬᠦᠴᠦᠨ ᠴᠢᠳᠠᠯ ᠢ ᠨᠡᠮᠡᠷᠢᠯᠡᠪᠡ᠃

      ᠡᠨᠡ ᠤᠳᠠᠭᠠᠨ ᠤ ᠠᠵᠢᠯᠯᠠᠭ᠎ᠠ ᠪᠣᠯ 4 ᠰᠠᠷ᠎ᠠ ᠶᠢᠨ ᠡᠬᠢᠨ ᠠᠴᠠ ᠡᠬᠢᠯᠡᠨ ᠪᠦᠬᠦ ᠤᠯᠤᠰ  ᠠᠴᠠ ᠪᠦᠲᠦᠭᠡᠯ

ᠴᠤᠭᠯᠠᠭᠤᠯᠵᠤ᠂ ᠪᠦᠬᠦ ᠤᠯᠤᠰ ᠤᠨ ᠳᠣᠯᠣᠭᠠᠨ ᠮᠤᠵᠢ᠂ ᠥᠪᠡᠷᠲᠡᠭᠡᠨ ᠵᠠᠰᠠᠬᠤ ᠣᠷᠣᠨ ᠤ 76 ᠰᠤᠷᠭᠠᠭᠤᠯᠢ

ᠢᠳᠡᠪᠬᠢᠲᠡᠢ ᠣᠷᠣᠯᠴᠠᠵᠤ᠂ ᠡᠬᠡ ᠣᠷᠣᠨᠴᠢ ᠦᠵᠡᠯ ᠤᠨ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠤᠷᠠᠨ ᠪᠢᠴᠢᠯᠭᠡ

ᠤᠷᠠᠨ ᠵᠢᠷᠤᠭ᠂ ᠭᠡᠷᠡᠯ ᠵᠢᠷᠤᠭ ᠤᠨ ᠪᠦᠲᠦᠭᠡᠯ ᠢ 893 ᠬᠤᠪᠢ ᠴᠤᠭᠯᠠᠭᠤᠯᠤᠨ᠂ ᠬᠡᠰᠡᠭ ᠰᠢᠯᠢᠳᠡᠭ ᠪᠦᠲᠦᠭᠡᠯ ᠢ

ᠰᠣᠩᠭᠤᠨ ᠳᠡᠯᠭᠡᠨ ᠦᠵᠡᠭᠦᠯᠪᠡ᠃

      ᠵᠣᠬᠢᠶᠠᠨ ᠪᠠᠶᠢᠭᠤᠯᠤᠭᠰᠠᠨ ᠨᠢᠭᠡᠴᠢ

      ᠭᠤᠣᠯᠯᠠᠨ ᠡᠷᠬᠢᠯᠡᠭᠰᠡᠨ ᠨᠢᠭᠡᠴᠢ

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ

ᠠᠵᠢᠯ ᠤᠨ ᠬᠤᠷᠢᠶ᠎ᠠ

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

      ᠳᠠᠭᠠᠭᠠᠴᠢᠯᠠᠨ ᠡᠷᠬᠢᠯᠡᠭᠰᠡᠨ ᠨᠢᠭᠡᠴᠢ

      ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ

      ᠬᠥᠬᠡᠬᠤᠲᠠ ᠶᠢᠨ ᠬᠤᠲᠠ ᠶᠢᠨ ᠦᠵᠡᠭᠦᠯᠭᠡ ᠶᠢᠨ ᠲᠥᠪ

      ᠳᠤᠮᠳᠠᠳᠤ ᠤᠯᠤᠰ ᠤᠨ ᠦᠨᠳᠦᠰᠦᠲᠡᠨ ᠤ ᠺᠢᠨᠣ᠋ ᠲᠧᠯᠸᠢᠰ ᠤᠷᠠᠯᠢᠭ ᠤᠨ ᠬᠥᠭᠵᠢᠯᠲᠡ ᠶᠢ

      ᠠᠬᠢᠭᠤᠯᠬᠤ ᠨᠡᠶᠢᠭᠡᠮᠯᠢᠭ ᠤᠨ ᠵᠠᠯᠠᠭᠤᠴᠤᠳ ᠪᠠᠭᠠᠴᠤᠳ ᠤᠨ ᠵᠥᠪᠯᠡᠯ

      ᠳᠡᠯᠭᠡᠨ ᠦᠵᠡᠭᠦᠯᠬᠦ ᠳᠤ ᠰᠣᠩᠭᠤᠭᠳᠠᠭᠰᠠᠨ ᠨᠢᠭᠡᠴᠢ

          ︵ᠵᠢᠭᠰᠠᠭᠠᠯᠲᠠ ᠨᠢ ᠡᠮᠦᠨ᠎ᠡ ᠬᠤᠶᠢᠨ᠎ᠠ ᠶᠢ ᠢᠯᠭᠠᠬᠤ ᠦᠭᠡᠢ︶

   

      ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠲᠤᠤ ᠯᠢ ᠰᠤᠷᠭᠠᠭᠤᠯᠢ᠂ ᠬᠥᠯᠥᠨ ᠪᠤᠶᠢᠷ

ᠬᠤᠲᠠ ᠶᠢᠨ ᠢ ᡁᠢ ᠳ᠋ᠦ᠋ ᠰᠢᠦ ᠤᠷᠠᠨ ᠪᠢᠴᠢᠯᠭᠡ ᠤᠷᠠᠨ ᠵᠢᠷᠤᠭ ᠤᠨ ᠠᠵᠢᠯᠯᠠᠬᠤ ᠲᠠᠰᠤᠭ᠂ ᠲᠦᠩᠯᠢᠶᠣᠣ

ᠬᠤᠲᠠ ᠶᠢᠨ ᠸᠠᠩ ᠰᠢᠶᠣᠣ ᠶᠠ ᠵᠢᠷᠤᠭ ᠤᠨ ᠬᠦᠷᠢᠶᠡᠯᠡᠩ᠂ ᠪᠤᠭᠤᠲᠤ ᠬᠤᠲᠠ ᠶᠢᠨ ᠵᠦᠩ ᠴᠢᠩ ᠸᠧᠢ ᠯᠠᠢ᠂ 

ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠵᠠᠮ ᠤᠨ ᠪᠠᠭ᠎ᠠ ᠰᠤᠷᠭᠠᠭᠤᠯᠢ ᠶᠢᠨ ᠬᠥᠯᠥᠨ ᠡᠮᠦᠨ᠎ᠡ

ᠵᠠᠮ ᠤᠨ ᠰᠤᠷᠭᠠᠭᠤᠯᠢ ᠶᠢᠨ ᠲᠣᠭᠤᠷᠢᠭ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠯᠢᠤᠢ ᠳ᠋ᠢ ᠪᠠᠭ᠎ᠠ

ᠰᠤᠷᠭᠠᠭᠤᠯᠢ ᠶᠢᠨ ᠲᠧᠩ ᠹᠧᠢ ᠵᠠᠮ ᠤᠨ ᠰᠤᠷᠭᠠᠭᠤᠯᠢ ᠶᠢᠨ ᠲᠣᠭᠤᠷᠢᠭ᠂ ᠬᠥᠬᠡᠬᠤᠲᠠ ᠶᠢᠨ ᠢᠦᠢ ᠴᠢᠦᠸᠡᠨ

ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ

ᠴᠦᠨ ᠯᠧᠢ ᠨᠢᠭᠡᠳᠦᠭᠡᠷ ᠪᠠᠭ᠎ᠠ ᠰᠤᠷᠭᠠᠭᠤᠯᠢ᠂ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠤᠤ ᠯᠧ

ᠰᠤᠷᠭᠠᠭᠤᠯᠢ᠂ ᠬᠥᠬᠡᠬᠤᠲᠠ ᠶᠢᠨ ᠢᠦᠢ ᠴᠢᠦᠸᠡᠨ ᠲᠣᠭᠤᠷᠢᠭ ᠤᠨ ᠨᠠᠨ ᠴᠠᠢ ᠾᠥᠸᠧ ᠱᠢ ᠵᠡᠭᠡᠯᠢ ᠶᠢᠨ ᠪᠠᠭ᠎ᠠ

ᠰᠤᠷᠭᠠᠭᠤᠯᠢ᠂ ᠬᠥᠬᠡᠬᠤᠲᠠ ᠶᠢᠨ ᠳᠥᠴᠢᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠵᠠᠯᠠᠭᠤᠴᠤᠳ

ᠪᠠᠭᠠᠴᠤᠳ ᠤᠨ ᠬᠥᠳᠡᠯᠭᠡᠭᠡᠨ ᠤ ᠲᠥᠪ᠂ ᠥᠪᠥᠷ ᠮᠣᠩᠭᠤᠯ ᠤᠨ ᠬᠤᠸᠠ ᠲᠢᠶᠠᠨ ᠳ᠋ᠦᠸᠧ ᠳ᠋ᠦᠸᠧ ᠤᠷᠠᠯᠢᠭ ᠤᠨ

ᠰᠤᠷᠭᠠᠨ ᠬᠥᠮᠦᠵᠢᠯ᠂ ᠰᠧ ᠮᠠ ᠲᠧ ᠬᠡᠦᠬᠡᠳ ᠤᠨ ᠤᠷᠠᠨ ᠵᠢᠷᠤᠭ ᠤᠨ ᠲᠥᠪ᠂ ᠶᠢᠨ ᠱᠠᠨ ᠪᠠᠭᠠᠴᠤᠳ ᠤᠨ

ᠣᠷᠳᠣᠨ᠂ ᠭᠤᠷᠪᠠᠳᠤᠭᠠᠷ ᠥᠰᠦᠨ ᠪᠣᠶᠢᠵᠢᠯᠲᠠ ᠶᠢᠨ ᠣᠷᠣᠨ ᠵᠠᠢ᠂ ᠿᠠᠨ ᠿᠠᠨ ᠪᠠᠭᠠᠴᠤᠳ ᠬᠡᠦᠬᠡᠳ ᠤᠨ

ᠤᠷᠠᠯᠢᠭ ᠤᠨ ᠰᠤᠷᠭᠠᠭᠤᠯᠢ᠂ ᠮᠦ ᠴᠦ ᠤᠷᠠᠯᠢᠭ ᠤᠨ ᠪᠣᠯᠪᠠᠰᠤᠷᠠᠯ ᠤᠨ ᠰᠤᠷᠭᠠᠭᠤᠯᠢ᠂ ᠮᠢᠩ ᠰᠢᠩ ᠤᠷᠠᠯᠢᠭ ᠤᠨ

ᠰᠤᠷᠭᠠᠭᠤᠯᠢ᠂ ᠺᠧᠦ ᠼᠠᠢ ᠰᠢᠩ ᠴᠢᠦ᠂ ᠶᠢᠦ ᠱᠥᠸᠧ ᠤᠷᠠᠯᠢᠭ᠂ ᠢᠨᠴᠤᠸᠠᠨ ᠵᠢᠩ ᠪᠥᠸᠧ ᠰᠤᠷᠭᠠᠭᠤᠯᠢ᠂

ᠭᠤᠸᠠᠩᠰᠢ ᠶᠢᠨ ᠰᠢᠶᠣᠣ ᠲᠥᠩ ᠭᠦ᠋ ᠪᠠᠭᠠᠴᠤᠳ ᠤᠨ ᠲᠧᠯᠸᠢᠰ ᠤᠷᠠᠯᠢᠭ ᠤᠨ ᠪᠦᠯᠬᠦᠮ᠂ ᠨᠠᠨᠨᠢᠩ ᠬᠤᠲᠠ ᠶᠢᠨ

ᠰᠢᠦ ᠯᠢᠩ ᠪᠠᠭ᠎ᠠ ᠰᠤᠷᠭᠠᠭᠤᠯᠢ᠂ ᠴᠢᠩᠳᠣᠤ ᠶᠢᠨ ᠹᠦ᠋ ᠶᠤᠸᠠᠨ ᠵᠠᠮ ᠤᠨ ᠪᠠᠭ᠎ᠠ ᠰᠤᠷᠭᠠᠭᠤᠯᠢ᠂ ᠴᠢᠩᠳᠣᠤ

ᠬᠤᠲᠠ ᠶᠢᠨ ᠴᠧᠩ ᠶᠠᠩ ᠲᠣᠭᠤᠷᠢᠭ ᠤᠨ ᠰᠢ ᠹᠦ᠋ ᠪᠠᠯᠭᠠᠰᠤᠨ ᠤ ᠵᠡᠭᠡᠯᠢ ᠭᠤᠳᠤᠮᠵᠢ ᠶᠢᠨ ᠶᠢᠨ ᠼᠦᠨ ᠪᠠᠭ᠎ᠠ

ᠰᠤᠷᠭᠠᠭᠤᠯᠢ᠂ ᠰᠢ ᠠᠨ ᠬᠤᠲᠠ ᠶᠢᠨ ᠺᠠᠢ ᠹᠦ᠋ ᠲᠢᠶᠠᠨ ᠬᠡᠦᠬᠡᠳ ᠤᠨ ᠴᠡᠴᠡᠷᠯᠢᠭ᠂ ᠰᠢ ᠠᠨ ᠬᠤᠲᠠ ᠶᠢᠨ ᠶᠠᠨ ᠲᠠ

ᠰᠢᠶᠠᠩ ᠳ᠋ᠦ᠋ ᠬᠡᠦᠬᠡᠳ ᠤᠨ ᠴᠡᠴᠡᠷᠯᠢᠭ᠂ ᠰᠠᠨ ᡁᠢ ᠰᠢᠶᠦ᠋ᠩ ᠬᠡᠦᠬᠡᠳ ᠤᠨ ᠭᠡᠷᠡᠯ ᠵᠢᠷᠤᠭ᠂ ᠱᠠᠨᠰᠢ ᠮᠤᠵᠢ ᠶᠢᠨ ᠰᠢ

ᠠᠨ ᠬᠤᠲᠠ ᠶᠢᠨ ᠵᠢᠩ ᠺᠠᠢ ᠲᠣᠭᠤᠷᠢᠭ ᠤᠨ ᠳ᠋ᠠ ᠳ᠋ᠢ ᠶᠠᠩ ᠭᠤᠸᠠᠩ ᠬᠡᠦᠬᠡᠳ ᠤᠨ ᠴᠡᠴᠡᠷᠯᠢᠭ᠃

   

      ᠠᠵᠢᠯᠯᠠᠭᠠᠨ ᠤ ᠴᠠᠭ

      2024 ᠣᠨ ᠤ 6 ᠰᠠᠷ᠎ᠠ ᠶᠢᠨ 30 ᠤ ᠡᠳᠦᠷ ︵ᠭᠠᠷᠠᠭ ᠤᠨ ᠡᠳᠦᠷ︶ - 7 ᠰᠠᠷ᠎ᠠ ᠶᠢᠨ 7 ᠤ ᠡᠳᠦᠷ᠂

8 ᠡᠳᠦᠷ ᠤᠨ ᠬᠤᠭᠤᠴᠠᠭ᠎ᠠ ᠲᠠᠢ᠃

      ᠭᠠᠷᠠᠭ ᠤᠨ ᠨᠢᠭᠡᠨ ᠳᠤ ᠵᠤᠷᠰᠢᠯ ᠶᠣᠰᠤᠭᠠᠷ ᠡᠭᠦᠳᠡ ᠪᠠᠨ ᠬᠠᠭᠠᠵᠤ᠂ ᠭᠠᠷᠠᠭ ᠤᠨ ᠬᠤᠶᠠᠷ ᠠᠴᠠ ᠭᠠᠷᠠᠭ ᠤᠨ

ᠡᠳᠦᠷ ᠬᠦᠷᠲᠡᠯ᠎ᠡ ᠡᠭᠦᠳᠡ ᠪᠠᠨ ᠨᠡᠭᠡᠭᠡᠨ᠎ᠡ᠂ ᠦᠳᠡ ᠶᠢᠨ ᠡᠮᠦᠨ᠎ᠡ 9᠄ 30 ᠲᠤ ᠲᠠᠯᠠᠪᠠᠢ ᠳᠤ ᠣᠷᠣᠵᠤ᠂

ᠦᠳᠡ ᠶᠢᠨ ᠬᠤᠶᠢᠨ᠎ᠠ 16᠄ 00 ᠴᠠᠭ ᠲᠤ ᠲᠠᠯᠠᠪᠠᠢ ᠳᠤ ᠣᠷᠣᠬᠤ ᠢ ᠵᠣᠭᠰᠣᠭᠠᠨ᠂ 16᠄ 30 ᠲᠤ

ᠲᠠᠯᠠᠪᠠᠢ ᠠᠴᠠ ᠪᠥᠬᠦ ᠬᠥᠮᠦᠨ ᠢ ᠭᠠᠷᠭᠠᠵᠤ᠂ 17᠄ 00 ᠲᠤ ᠡᠭᠦᠳᠡ ᠪᠠᠨ ᠬᠠᠭᠠᠨ᠎ᠠ᠃

      ᠠᠵᠢᠯᠯᠠᠭᠠᠨ ᠤ ᠭᠠᠵᠠᠷ

      ᠬᠥᠬᠡᠬᠤᠲᠠ ᠶᠢᠨ ᠬᠤᠲᠠ ᠶᠢᠨ ᠦᠵᠡᠭᠦᠯᠭᠡ ᠶᠢᠨ ᠲᠥᠪ

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map