ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠪᠠ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠯ ᠤᠨ ᠠᠩᠭᠢ ᠥᠨᠳᠦᠷᠯᠡᠪᠡ
ᠨᠡᠶᠢᠲᠡᠯᠡᠭᠰᠡᠨ ᠴᠠᠭ᠄
2024/6/3
      5 ᠳ᠋ᠤᠭᠠᠷ ᠰᠠᠷ᠎ᠠ ᠶᠢᠨ 31 ᠤ ᠡᠳᠦᠷ᠂ ᠪᠦᠬᠦ ᠣᠷᠣᠨ ᠤ ᠬᠥᠳᠡᠯᠮᠦᠷᠢ ᠶᠢᠨ ᠬᠥᠮᠦᠵᠢᠯ  ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠪᠣᠯᠤᠨ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠯ ᠤᠨ ᠠᠩᠭᠢ ᠵᠧᠵᠢᠶᠠᠩ ᠶᠡᠭᠡ ᠰᠤᠷᠭᠠᠭᠤᠯᠢ ᠶᠢᠨ ᠬᠤᠲᠠ ᠶᠢᠨ ᠳᠡᠭᠡᠳᠦ ᠰᠤᠷᠭᠠᠭᠤᠯᠢ ᠳᠤ ᠥᠨᠳᠥᠷᠯᠡᠪᠡ᠃ ᠡᠨᠡ ᠤᠳᠠᠭᠠᠨ ᠤ ᠪᠣᠯᠪᠠᠰᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠨᠠᠶᠢᠳᠠᠵᠤ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠬᠥᠳᠡᠯᠮᠦᠷᠢ ᠶᠢᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠵᠡᠷᠭᠡ 150 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠠᠢ᠃   

1.jpg

      ᠪᠦᠬᠦ ᠣᠷᠣᠨ ᠤ ᠬᠥᠳᠡᠯᠮᠦᠷᠢ ᠶᠢᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠪᠠ

ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠤᠨ ᠪᠣᠯᠪᠠᠰᠤᠷᠠᠯ ᠤᠨ ᠠᠩᠭᠢ ᠶᠢ ᠬᠤᠶᠠᠷ ᠬᠤᠭᠤᠴᠠᠭ᠎ᠠ ᠬᠤᠪᠢᠶᠠᠵᠤ᠂

ᠲᠤᠰᠬᠠᠢ ᠮᠡᠷᠭᠡᠵᠢᠯᠲᠡᠨ ᠬᠢᠴᠢᠶᠡᠯ ᠣᠷᠣᠬᠤ᠂ ᠠᠬᠤᠢ ᠲᠠᠯᠠᠪᠠᠢ ᠳᠤ ᠵᠢᠭᠠᠨ ᠰᠤᠷᠭᠠᠬᠤ᠂ ᠰᠤᠷᠤᠯᠴᠠᠨ ᠰᠣᠯᠢᠯᠴᠠᠬᠤ

ᠵᠡᠷᠭᠡ ᠣᠯᠠᠨ ᠭᠤᠭᠴᠤᠭ᠎ᠠ ᠶᠢ ᠲᠣᠬᠢᠷᠠᠭᠤᠯᠤᠨ᠂ ᠶᠡᠭᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ

ᠬᠥᠳᠡᠯᠮᠦᠷᠢ ᠶᠢᠨ ᠬᠥᠮᠦᠵᠢᠯ ᠢ ᠬᠡᠷᠡᠭᠵᠢᠭᠦᠯᠬᠦ ᠠᠷᠭ᠎ᠠ ᠵᠠᠮ ᠪᠠ ᠠᠷᠭ᠎ᠠ ᠪᠠᠷᠢᠯ᠂ ᠶᠡᠭᠡ ᠳᠡᠭᠡᠳᠦ ᠰᠤᠷᠭᠠᠭᠤᠯᠢ ᠶᠢᠨ

ᠬᠥᠳᠡᠯᠮᠦᠷᠢ ᠶᠢᠨ ᠭᠠᠷᠠᠭ ︵ᠰᠠᠷ᠎ᠠ︶ ᠤᠨ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ᠂ ᠰᠢᠨ᠎ᠡ ᠴᠠᠭ

ᠦᠶ᠎ᠡ ᠶᠢᠨ ᠬᠥᠳᠡᠯᠮᠦᠷᠢ ᠶᠢᠨ ᠬᠥᠮᠦᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ

ᠣᠯᠠᠨ ᠲᠠᠯ᠎ᠠ ᠶᠢ ᠬᠠᠮᠤᠷᠪᠠ᠃

      ᠬᠠᠩᠵᠧᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠶᠢᠨ ᠬᠥᠮᠦᠵᠢᠯ ᠤᠨ

ᠦᠢᠯᠡᠳᠦᠯᠭᠡ ᠶᠢ ᠬᠤᠪᠢᠶᠠᠯᠴᠠᠨ ᠡᠳ᠋ᠯᠡᠬᠦ ᠪᠠ ᠦᠵᠡᠭᠦᠯᠭᠡ ᠶᠢᠨ ᠬᠢᠴᠢᠶᠡᠯ᠂ ᠵᠧᠵᠢᠶᠠᠩ ᠶᠡᠭᠡ ᠰᠤᠷᠭᠠᠭᠤᠯᠢ ᠶᠢᠨ

ᠲᠠᠷᠢᠶᠠᠯᠠᠩ ᠤᠨ ᠲᠤᠷᠰᠢᠯᠲᠠ ᠶᠢᠨ ᠥᠷᠲᠡᠭᠡᠨ ᠤ ᠦᠢᠯᠡᠳᠦᠯᠭᠡ ᠶᠢᠨ ᠬᠢᠴᠢᠶᠡᠯ ᠵᠡᠷᠭᠡ ᠶᠢ ᠲᠣᠭᠤᠷᠢᠨ ᠦᠵᠡᠬᠦ ᠪᠠᠷ

ᠳᠠᠮᠵᠢᠭᠤᠯᠤᠨ᠂ ᠣᠨᠣᠯ ᠤᠨ ᠰᠤᠷᠤᠯᠴᠠᠯᠭ᠎ᠠ ᠪᠠ ᠦᠢᠯᠡᠳᠦᠯᠭᠡ ᠶᠢᠨ ᠲᠣᠭᠤᠷᠢᠨ ᠦᠵᠡᠬᠦ ᠶᠢ ᠤᠶᠠᠯᠳᠤᠭᠤᠯᠵᠤ᠂

ᠪᠣᠯᠪᠠᠰᠤᠷᠠᠯ ᠳᠤ ᠣᠷᠣᠯᠴᠠᠭᠰᠠᠳ ᠤᠨ ᠬᠥᠳᠡᠯᠮᠦᠷᠢ ᠶᠢᠨ ᠬᠥᠮᠦᠵᠢᠯ ᠤᠨ ᠬᠦᠷᠢᠶᠡᠨ ᠳᠠᠬᠢ ᠲᠤᠰᠬᠠᠢ ᠮᠡᠷᠭᠡᠵᠢᠯ ᠤᠨ

ᠴᠢᠳᠠᠪᠤᠷᠢ ᠪᠠ ᠭᠠᠷ ᠬᠥᠳᠡᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠯᠮᠦᠷᠢ ᠪᠠᠷ ᠬᠥᠮᠦᠨ ᠢ

ᠬᠥᠮᠦᠵᠢᠭᠦᠯᠬᠦ ᠰᠡᠳᠬᠢᠮᠵᠢ ᠶᠢ ᠥᠷᠭᠡᠳᠬᠡᠪᠡ᠃

      ᠵᠠᠯᠭᠠᠭᠠᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ

ᠰᠤᠷᠤᠭᠴᠢᠳ ᠤᠨ ᠡᠳᠦᠷ ᠲᠤᠲᠤᠮ ᠤᠨ ᠬᠥᠳᠡᠯᠮᠦᠷᠢ ᠶᠢᠨ ᠳᠠᠳᠬᠠᠯ ᠢ ᠦᠷᠭᠦᠯᠵᠢᠯᠡᠨ ᠴᠢᠬᠤᠯᠠᠴᠢᠯᠠᠨ

ᠬᠥᠮᠦᠵᠢᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠬᠥᠳᠡᠯᠮᠦᠷᠢ ᠶᠢᠨ ᠵᠥᠪ ᠦᠵᠡᠯᠲᠡ ᠲᠠᠢ  ᠪᠣᠯᠭᠠᠨ᠂

ᠰᠤᠷᠤᠭᠴᠢᠳ ᠢ ᠬᠠᠪᠰᠤᠷᠤᠨ ᠬᠥᠳᠡᠯᠮᠦᠷᠢ ᠶᠢᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠶᠣᠰᠣ

ᠰᠤᠷᠲᠠᠬᠤᠨ ᠢ ᠪᠣᠢ ᠪᠣᠯᠭᠠᠬᠤ᠂ ᠣᠶᠤᠨ ᠤᠬᠠᠭᠠᠨ ᠢ ᠨᠡᠮᠡᠭᠳᠡᠭᠦᠯᠬᠦ᠂ ᠪᠡᠶ᠎ᠡ ᠮᠠᠬᠠᠪᠣᠳ ᠢᠶᠠᠨ ᠬᠦᠴᠦᠷᠬᠡᠭᠵᠢᠭᠦᠯᠬᠦ᠂

ᠭᠤᠸ᠎ᠠ ᠰᠠᠶᠢᠬᠠᠨ ᠢ ᠪᠤᠶᠢᠵᠢᠭᠤᠯᠬᠤ ᠵᠣᠷᠢᠯᠲᠠ ᠶᠢ ᠪᠡᠶᠡᠯᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map