ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠤᠷᠠᠯ ᠵᠢᠴᠢ 2024 ᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/6/3
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠪᠦᠬᠦ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠤᠷᠠᠯ ᠵᠢᠴᠢ 2024 ᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

1.webp.jpg

      ᠡᠨᠡ ᠵᠢᠯ ᠤᠨ 5 ᠰᠠᠷ᠎ᠠ ᠶᠢᠨ 20 - 6 ᠰᠠᠷ᠎ᠠ ᠶᠢᠨ 20 ᠤ ᠡᠳᠦᠷ ᠪᠣᠯ ᠠᠷᠪᠠᠨ ᠭᠤᠷᠪᠠᠳᠡᠬᠢ ᠪᠦᠬᠦ

ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠬᠠᠭᠤᠯᠭ᠎ᠠ ᠶᠢᠨ ᠰᠠᠷ᠎ᠠ᠂ ᠭᠤᠣᠯ

ᠰᠡᠳᠦᠪ ᠨᠢ ︽ᠬᠡᠦᠬᠡᠳ ᠢ ᠪᠤᠶᠢᠵᠢᠭᠤᠯᠬᠤ ᠬᠤᠷᠢᠭ᠎ᠠ ᠱᠤᠭᠤᠮ ᠢ ᠰᠠᠬᠢᠨ ᠬᠠᠮᠠᠭᠠᠯᠠᠵᠤ ᠰᠠᠶᠢᠨ ᠰᠠᠶᠢᠬᠠᠨ ᠪᠠᠭ᠎ᠠ

ᠨᠠᠰᠤ ᠶᠢ ᠪᠥᠲᠦᠭᠡᠶ᠎ᠡ︾ ᠪᠣᠯᠤᠨ᠎ᠠ᠃ ᠡᠨᠡ ᠤᠳᠠᠭᠠᠨ ᠤ ᠬᠤᠷᠠᠯ ᠳᠡᠭᠡᠷ᠎ᠡ ᠰᠤᠷᠭᠠᠭᠤᠯᠢ ᠶᠢᠨ ᠨᠠᠰᠤᠨ ᠠᠴᠠ ᠡᠮᠦᠨᠡᠬᠢ

ᠰᠤᠷᠭᠠᠨ ᠬᠥᠮᠦᠵᠢᠯ  ᠤᠨ ᠣᠯᠠᠨ ᠨᠠᠷᠠᠲᠤ ᠲᠤᠰᠬᠠᠢ ᠮᠡᠷᠭᠡᠵᠢᠯᠲᠡᠨ ᠢ ᠤᠷᠢᠵᠤ᠂ ᠲᠣᠭᠯᠠᠭᠠᠮ ᠪᠣᠯᠤᠨ ᠬᠢᠴᠢᠶᠡᠯ ᠤᠨ

ᠪᠠᠶᠢᠭᠤᠯᠤᠯᠲᠠ᠂ ᠠᠰᠠᠷᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ᠂

ᠬᠡᠦᠬᠡᠳ ᠤᠨ ᠴᠡᠴᠡᠷᠯᠢᠭ ᠤᠨ ᠳᠠᠷᠤᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠠᠰᠠᠭᠤᠳᠠᠯ ᠳᠤ ᠴᠢᠭᠯᠡᠭᠦᠯᠦᠨ᠂

ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠪᠠᠶᠢᠭᠤᠯᠤᠯᠲᠠ ᠶᠢ ᠪᠣᠶᠢᠵᠢᠭᠤᠯᠬᠤ ᠲᠠᠶᠢᠯᠤᠮᠵᠢ ᠶᠢ ᠥᠷᠨᠢᠭᠦᠯᠵᠦ᠂ ᠡᠯ᠎ᠡ

ᠠᠶᠢᠮᠠᠭ ᠬᠤᠲᠠ ᠶᠢᠨ ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠢ ᠰᠣᠯᠢᠯᠴᠠᠬᠤ ᠪᠠ ᠰᠦᠯᠵᠢᠶᠡᠨ ᠳᠤ ᠲᠣᠭᠤᠷᠢᠨ

ᠦᠵᠡᠪᠡ᠃

2.webp.jpg

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠭᠠᠵᠠᠷ  ᠤᠨ ᠡᠯ᠎ᠡ

ᠰᠤᠷᠭᠠᠭᠤᠯᠢ ᠶᠢᠨ ᠬᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠳᠤ

ᠤᠯᠤᠰ᠂ ᠨᠡᠶᠢᠭᠡᠮ᠂ ᠰᠤᠷᠭᠠᠨ ᠬᠥᠮᠦᠵᠢᠯ᠂ ᠰᠤᠷᠤᠭᠴᠢᠳ ᠤᠨ ᠬᠥᠭᠵᠢᠯᠲᠡ ᠳᠤ ᠦᠵᠡᠭᠦᠯᠬᠦ ᠴᠢᠬᠤᠯᠠ ᠠᠴᠢ

ᠬᠤᠯᠪᠣᠭᠳᠠᠯ ᠢ ᠭᠦᠢᠴᠡᠳ ᠲᠠᠨᠢᠵᠤ᠂ ᠲᠦᠭᠡᠮᠡᠯ ᠬᠠᠷᠠᠭᠠᠯᠵᠠᠯᠲᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠪᠠᠭᠰᠢ ᠶᠢᠨ

ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠠᠳᠬᠤᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ

ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠢ ᠴᠢᠩᠭᠠᠳᠬᠠᠵᠤ᠂ ᠬᠡᠦᠬᠡᠳ ᠤᠨ ᠴᠡᠴᠡᠷᠯᠢᠭ  ᠤᠨ ᠠᠮᠤᠷ

ᠲᠦᠪᠰᠢᠨ ᠤ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠠᠩᠬᠠᠷᠬᠤ ᠬᠡᠷᠡᠭᠲᠡᠢ ᠭᠡᠵᠦ ᠱᠠᠭᠠᠷᠳᠠᠪᠠ᠃

   

3.webp.jpg

      ᠠᠵᠢᠯᠯᠠᠭᠠᠨ ᠤ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠤᠯᠠᠭᠠᠨᠬᠠᠳᠠ ᠶᠢᠨ

ᠲᠤᠷᠰᠢᠯᠲᠠ ᠶᠢᠨ ᠬᠡᠦᠬᠡᠳ ᠤᠨ ᠴᠡᠴᠡᠷᠯᠢᠭ᠂ ᠬᠤᠩᠱᠠᠨ ᠲᠣᠭᠤᠷᠢᠭ ᠤᠨ ᠨᠠᠢᠮᠠᠳᠤᠭᠠᠷ ᠬᠡᠦᠬᠡᠳ ᠤᠨ ᠴᠡᠴᠡᠷᠯᠢᠭ᠂

ᠰᠦᠩᠱᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ ᠢ ᠲᠤᠬᠠᠢ ᠶᠢᠨ ᠭᠠᠵᠠᠷ ᠲᠤ ᠨᠢ ᠲᠣᠭᠤᠷᠢᠨ

ᠦᠵᠡᠵᠦ᠂ ᠴᠡᠴᠡᠷᠯᠢᠭ ᠤᠨ ᠲᠤᠷᠰᠢᠯᠭ᠎ᠠ ᠶᠢ ᠬᠤᠪᠢᠶᠠᠯᠴᠠᠵᠤ᠂ ᠬᠡᠦᠬᠡᠳ ᠤᠨ ᠴᠡᠴᠡᠷᠯᠢᠭ ᠤᠨ ᠪᠦᠲᠦᠭᠡᠨ

ᠪᠠᠶᠢᠭᠤᠯᠤᠯᠲᠠ ᠬᠠᠮᠢᠶᠠᠷᠤᠯᠲᠠ ᠶᠢᠨ ᠠᠷᠭ᠎ᠠ ᠪᠣᠳᠣᠯᠭ᠎ᠠ ᠪᠠ ᠬᠡᠷᠡᠭᠵᠢᠭᠦᠯᠬᠦ ᠠᠷᠭ᠎ᠠ ᠵᠠᠮ ᠢ ᠬᠠᠮᠲᠤ ᠳᠤ ᠪᠠᠨ

ᠰᠤᠳᠤᠯᠤᠨ ᠶᠠᠷᠢᠯᠴᠠᠪᠠ᠃

 

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map