︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠳᠤ ᠠᠩᠬᠠᠷᠤᠯ ᠢᠶᠠᠨ ᠬᠠᠨᠳᠤᠭᠤᠯᠬᠤ ᠨᠢ — ᠵᠠᠭᠤᠨ ᠲᠦᠮᠡᠨ ᠪᠠᠭᠰᠢ  ᠰᠤᠷᠤᠭᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠳᠤ ᠪᠠᠨ ᠪᠠᠬᠢᠵᠢᠭᠦᠯᠪᠡ
ᠨᠡᠶᠢᠲᠡᠯᠡᠭᠰᠡᠨ ᠴᠠᠭ᠄
2024/6/4
      ᠡᠨᠡ ᠵᠢᠯ ᠤᠨ 6 ᠰᠠᠷ᠎ᠠ ᠪᠣᠯ ᠪᠦᠬᠦ ᠤᠯᠤᠰ ᠤᠨ 23 ᠳᠠᠬᠢ ︽ᠠᠶᠤᠯ ᠦᠭᠡᠢ ᠦᠢᠯᠡᠳᠪᠦᠷᠢᠯᠡᠯ ᠤᠨ           ᠰᠠᠷ᠎ᠠ︾᠂ ᠭᠤᠣᠯ ᠰᠡᠳᠦᠪ ᠪᠣᠯ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ-ᠠᠮᠢ ᠨᠠᠰᠤᠨ ᠤ ᠳᠠᠷᠳᠠᠩ ᠵᠠᠮ ᠢ ᠰᠠᠭᠠᠳ ᠦᠭᠡᠢ ᠨᠡᠪᠲᠡᠷᠡᠭᠦᠯᠦᠶ᠎ᠡ︾ ᠪᠣᠯᠤᠨ᠎ᠠ᠃ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠭᠤᠯᠢ ᠶᠢᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠠᠷᠢᠶ᠎ᠠ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠰᠠᠷ᠎ᠠ ᠶᠢᠨ ᠡᠯ᠎ᠡ ᠵᠦᠢᠯ ᠤᠨ ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠶᠢᠨ ᠬᠢᠨ ︽ᠠᠶᠤᠯ ᠦᠭᠡᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠳᠤ ᠣᠷᠣᠯᠴᠠᠬᠤ ᠪᠠᠷ ᠠᠵᠠ ᠲᠣᠬᠢᠶᠠᠯ ᠪᠣᠯᠭᠠᠵᠤ᠂ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠬᠦᠨᠳᠦ ᠶᠡᠭᠡ ᠠᠳᠠᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠶᠢ ᠲᠤᠰᠬᠠᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠤᠬᠠᠭᠤᠯᠭ᠎ᠠ ᠪᠠ ᠰᠣᠷᠢᠯᠲᠠ᠂ ᠠᠮᠤᠷ ᠲᠦᠪᠰᠢᠨ ᠤ ᠤᠬᠠᠭᠤᠯᠭ᠎ᠠ ᠶᠢᠨ ᠵᠦᠪᠯᠡᠯᠭᠡ ᠥᠭᠬᠦ ᠡᠳᠦᠷ ᠵᠢᠴᠢ ᠠᠮᠤᠷ ᠲᠦᠪᠰᠢᠨ ᠢ ᠤᠬᠠᠭᠤᠯᠤᠨ ᠲᠠᠶᠢᠯᠪᠤᠷᠢᠯᠠᠵᠤ ︽ᠲᠠᠪᠤ ᠶᠢ ᠣᠷᠣᠭᠤᠯᠬᠤ︾ ᠵᠡᠷᠭᠡ ᠰᠢᠷᠢᠰ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ 100 ᠭᠠᠷᠤᠢ ᠲᠦᠮᠡᠨ ᠪᠠᠭᠰᠢ ᠰᠤᠷᠤᠭᠴᠢ ᠡᠯ᠎ᠡ ᠲᠥᠷᠥᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠣᠷᠣᠯᠴᠠᠵᠤ᠂ 30 ᠲᠦᠮᠡᠨ ᠳᠡᠪᠲᠡᠷ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ᠂ ᠡᠯ᠎ᠡ ᠲᠥᠷᠥᠯ ᠤᠨ ᠵᠠᠮ ᠢ ᠴᠡᠪᠡᠷᠯᠡᠨ ᠴᠡᠭᠴᠡᠯᠡᠨ ᠵᠠᠰᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠣᠢ ᠪᠣᠯᠭᠠᠵᠤ᠂ ︽ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃   

1.png

      ᠳᠠᠷᠠᠭ᠎ᠠ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠠᠶᠤᠯ

ᠦᠭᠡᠢ ᠦᠢᠯᠡᠳᠪᠦᠷᠢᠯᠡᠯ ᠤᠨ ᠰᠠᠷ᠎ᠠ︾ ᠠᠴᠠ  ᠭᠠᠷᠳᠠᠵᠤ᠂ ᠠᠮᠤᠷ ᠲᠦᠪᠰᠢᠨ ᠤ ᠰᠡᠷᠡᠮᠵᠢᠯᠡᠭᠦᠯᠦᠯ᠂ ᠬᠥᠮᠦᠵᠢᠯ

ᠪᠣᠯᠪᠠᠰᠤᠷᠠᠯ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ

ᠲᠥᠰᠦᠯ ᠤᠨ ᠰᠣᠷᠢᠯᠲᠠ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠷ᠎ᠠ ᠪᠠᠷ ᠵᠢᠯ ᠢ

ᠠᠬᠢᠭᠤᠯᠵᠤ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ

ᠬᠠᠷᠢᠭᠤᠴᠠᠯᠭ᠎ᠠ ᠪᠠ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠰᠠᠶᠢᠲᠤᠷ

ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ

ᠪᠠᠬᠢᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠠᠵᠢᠯ ᠢᠶᠠᠷ ᠰᠤᠷᠭᠠᠨ ᠬᠥᠮᠦᠵᠢᠯ ᠤᠨ

ᠰᠢᠰᠲ᠋ᠧᠮ ᠤᠨ ᠴᠢᠨᠠᠷᠯᠢᠭ ᠬᠥᠭᠵᠢᠯᠲᠡ ᠶᠢ ᠪᠠᠲᠤᠯᠠᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map