ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠥᠷᠪᠡᠳᠦᠭᠡᠷ ᠬᠤᠭᠤᠴᠠᠭᠠᠨ ᠤ  ᠪᠦᠬᠦ ᠣᠷᠣᠨ ᠤ ᠳᠡᠭᠡᠳᠦ ᠰᠤᠷᠭᠠᠭᠤᠯᠢ ᠶᠢᠨ ︽ᠶᠣᠰᠤ ᠮᠤᠷᠠᠯ ᠢ ᠬᠥᠮᠥᠵᠢᠭᠦᠯᠵᠦ ᠤᠶᠤᠨ ᠤᠬᠠᠭᠠᠨ ᠢ ᠨᠡᠭᠡᠭᠡᠭᠳᠡᠭᠦᠯᠬᠦ - ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠶᠠᠷᠢᠶᠠᠨ ᠤ          ᠳᠠᠪᠴᠠᠩ︾ ᠢ ᠡᠷᠭᠢᠯᠡᠪᠡ
ᠨᠡᠶᠢᠲᠡᠯᠡᠭᠰᠡᠨ ᠴᠠᠭ᠄
2024/6/4
      6 ᠳ᠋ᠤᠭᠠᠷ ᠰᠠᠷ᠎ᠠ ᠶᠢᠨ 1- 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠥᠷᠪᠡᠳᠦᠭᠡᠷ ᠬᠤᠭᠤᠴᠠᠭᠠᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠶᠣᠰᠤ ᠮᠤᠷᠠᠯ ᠢ ᠬᠥᠮᠥᠵᠢᠭᠦᠯᠵᠦ ᠤᠶᠤᠨ ᠤᠬᠠᠭᠠᠨ ᠢ ᠨᠡᠭᠡᠭᠡᠭᠳᠡᠭᠦᠯᠬᠦ - ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠶᠠᠷᠢᠶᠠᠨ ᠤ ᠳᠠᠪᠴᠠᠩ︾ ᠤᠨ ᠠᠵᠢᠯᠯᠠᠭ᠎ᠠ ᠶᠢ ᠡᠷᠬᠢᠯᠡᠪᠡ᠃

1.jpg

      ᠡᠨᠡ ᠤᠳᠠᠭᠠᠨ ᠤ ᠶᠠᠷᠢᠶᠠᠨ ᠤ ᠳᠠᠪᠴᠠᠩ ᠳᠤ ᠲᠢᠶᠠᠨᠵᠢᠨ ᠶᠡᠭᠡ ᠰᠤᠷᠭᠠᠭᠤᠯᠢ ᠶᠢᠨ ᠦ᠋ ᠵᠤᠤ ᠲᠦᠩ

ᠫᠷᠤᠹᠧᠰᠰᠤᠷ᠂ ᠴᠢ ᠯᠦ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠮᠢᠶᠣᠣ ᠸᠠᠩ ᠫᠷᠤᠹᠧᠰᠰᠤᠷ ᠢ ᠤᠷᠢᠵᠤ

ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠪᠣᠯᠤᠨ

ᠨᠡᠶᠢᠲᠡᠯᠢᠭ ᠬᠡᠷᠡᠭ ᠤᠨ ᠵᠢᠱᠢᠶᠡᠨ ᠤ ᠲᠤᠬᠠᠢ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃

      ᠠᠵᠢᠯᠯᠠᠭᠠᠨ ᠤ ᠬᠤᠭᠤᠴᠠᠭᠠᠨ ᠳᠤ ᠤᠳᠬ᠎ᠠ ᠵᠣᠬᠢᠶᠠᠯ᠂ ᠲᠡᠦᠬᠡ ᠶᠢᠨ ᠤᠬᠠᠭᠠᠨ᠂ ᠭᠦᠨ ᠤᠬᠠᠭᠠᠨ᠂

ᠰᠤᠷᠭᠠᠨ ᠬᠥᠮᠥᠵᠢᠭᠦᠯᠬᠦ ᠤᠬᠠᠭᠠᠨ ᠤ ᠲᠥᠷᠥᠯ ᠤᠨ ᠬᠢᠴᠢᠶᠡᠯ ᠤᠨ ᠲᠣᠭᠤᠷᠢᠨ ᠳᠤ ᠲᠤᠰ ᠲᠤᠰ ᠳᠥᠷᠪᠡᠨ ᠲᠠᠯᠠᠪᠤᠷ

ᠵᠢᠭᠠᠨ ᠰᠤᠷᠭᠠᠯᠲᠠ ᠶᠢᠨ ᠦᠢᠯᠡᠳᠬᠡᠯ ᠤᠨ ᠭᠠᠵᠠᠷ ᠤᠨ ᠰᠣᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ

ᠥᠷᠨᠢᠭᠦᠯᠵᠦ᠂ ᠦᠢᠯᠡᠳᠬᠡᠯ ᠤᠨ ᠭᠠᠵᠠᠷ ᠢ ᠲᠤᠰ ᠲᠤᠰ ᠴᠢ ᠯᠦ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ

ᠮᠢᠶᠣᠣ ᠸᠠᠩ ᠫᠷᠤᠹᠧᠰᠰᠤᠷ᠂ ᠬᠤᠸᠠ ᠵᠥᠩ ᠪᠠᠭᠰᠢ ᠶᠢᠨ ᠶᠡᠭᠡ ᠰᠤᠷᠭᠠᠭᠤᠯᠢ ᠶᠢᠨ ᠸᠠᠩ ᠾᠥᠩ ᠶᠥᠩ

ᠫᠷᠤᠹᠧᠰᠰᠤᠷ᠂ ᠬᠤᠸᠠ ᠵᠥᠩ ᠲᠠᠷᠢᠶᠠᠯᠠᠩ ᠤᠨ ᠶᠡᠭᠡ ᠰᠤᠷᠭᠠᠭᠤᠯᠢ ᠶᠢᠨ ᠯᠢ ᠺᠠᠢ ᠫᠷᠤᠹᠧᠰᠰᠤᠷ᠂ ᠬᠤᠨᠠᠨ ᠤ

ᠪᠠᠭᠰᠢ ᠶᠢᠨ ᠶᠡᠭᠡ ᠰᠤᠷᠭᠠᠭᠤᠯᠢ ᠶᠢᠨ ᠯᠦᠸᠧ ᠹᠠᠨ ᠿᠥᠩ ᠫᠷᠤᠹᠧᠰᠰᠤᠷ ᠵᠢᠯᠣᠭᠤᠳᠤᠨ ᠡᠷᠭᠢᠯᠡᠵᠦ᠂ 17 ᠵᠢᠩᠬᠢᠨᠢ

ᠠᠩᠭᠢᠲᠤ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠭᠤᠣᠯᠯᠠᠭᠴᠢ ᠪᠠᠭᠰᠢ 150 ᠭᠠᠷᠤᠢ

ᠬᠥᠮᠦᠨ ᠰᠤᠳᠤᠯᠤᠨ ᠶᠠᠷᠢᠯᠴᠠᠬᠤ ᠳᠤ ᠣᠷᠣᠯᠴᠠᠵᠠᠢ᠃

  

2.jpg

     ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠶᠣᠰᠤ ᠮᠤᠷᠠᠯ ᠢ ᠬᠥᠮᠥᠵᠢᠭᠦᠯᠵᠦ ᠤᠶᠤᠨ ᠤᠬᠠᠭᠠᠨ ᠢ

ᠨᠡᠭᠡᠭᠡᠭᠳᠡᠭᠦᠯᠬᠦ - ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠶᠠᠷᠢᠶᠠᠨ ᠤ ᠳᠠᠪᠴᠠᠩ︾ ᠤᠨ

ᠠᠵᠢᠯᠯᠠᠭ᠎ᠠ ᠶᠢ 2023 ᠣᠨ ᠠᠴᠠ ᠡᠬᠢᠯᠡᠨ ᠡᠷᠬᠢᠯᠡᠵᠦ᠂ ᠣᠳᠣ ᠪᠣᠯᠲᠠᠯ᠎ᠠ ᠨᠢᠭᠡᠨᠲᠡ 4 ᠬᠤᠭᠤᠴᠠᠭ᠎ᠠ

ᠠᠮᠵᠢᠯᠲᠠ ᠲᠠᠢ ᠡᠷᠬᠢᠯᠡᠵᠦ᠂ ᠠᠵᠢᠯᠯᠠᠭᠠᠨ ᠵᠣᠷᠢᠯᠭ᠎ᠠ ᠨᠢ ᠰᠤᠷᠭᠠᠨ ᠬᠥᠮᠦᠵᠢᠯ ᠤᠨ ᠶᠠᠮᠤᠨ ᠤ ︽ᠶᠡᠭᠡ ᠳᠡᠭᠡᠳᠦ

ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠵᠢᠯᠣᠭᠤᠳᠬᠤ

ᠬᠥᠲᠥᠯᠪᠦᠷᠢ︾ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠶᠡᠭᠡ ᠳᠡᠭᠡᠳᠦ

ᠰᠤᠷᠭᠠᠭᠤᠯᠢ ᠶᠢᠨ ᠬᠢᠴᠢᠶᠡᠯ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ

ᠥᠭᠡᠷᠡᠴᠢᠯᠡᠯᠲᠡ ᠶᠢ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠴᠢᠶᠡᠯ  ᠤᠨ ᠦᠵᠡᠯ ᠰᠠᠨᠠᠭ᠎ᠠ

ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠡᠨᠡ ᠵᠢᠯ

ᠪᠠᠰᠠ ᠠᠵᠤ ᠠᠬᠤᠢ ᠶᠢᠨ ᠤᠬᠠᠭᠠᠨ᠂ ᠬᠠᠮᠢᠶᠠᠷᠤᠯᠲᠠ ᠶᠢᠨ ᠤᠬᠠᠭᠠᠨ᠂ ᠬᠠᠤᠯᠢ ᠶᠢᠨ ᠤᠬᠠᠭᠠᠨ᠂ ᠤᠷᠠᠯᠢᠭ ᠤᠨ

ᠤᠬᠠᠭᠠᠨ ᠤ ᠲᠥᠷᠥᠯ ᠤᠨ ᠬᠢᠴᠢᠶᠡᠯ ᠵᠢᠴᠢ ᠶᠣᠰᠣ ᠵᠦᠢ᠂ ᠪᠠᠷᠢᠯᠭ᠎ᠠ ᠶᠢᠨ ᠤᠬᠠᠭᠠᠨ᠂ ᠲᠠᠷᠢᠶᠠᠯᠠᠩ ᠤᠨ ᠤᠬᠠᠭᠠᠨ᠂

ᠠᠨᠠᠭᠠᠬᠤ ᠤᠬᠠᠭᠠᠨ ᠤ ᠲᠥᠷᠥᠯ ᠤᠨ ᠬᠢᠴᠢᠶᠡᠯ ᠳᠤ ᠴᠢᠭᠯᠡᠭᠦᠯᠦᠨ 2 ᠬᠤᠭᠤᠴᠠᠭᠠᠨ ᠤ ᠲᠣᠮᠤ ᠶᠠᠷᠢᠶᠠᠨ ᠤ

ᠳᠠᠪᠴᠠᠩ ᠤᠨ ᠠᠵᠢᠯᠯᠠᠭ᠎ᠠ ᠶᠢ ᠥᠷᠨᠢᠭᠦᠯᠵᠦ᠂ ᠬᠤᠭᠤᠴᠠᠭ᠎ᠠ ᠪᠦᠷᠢ ᠶᠢᠨ ᠠᠵᠢᠯᠯᠠᠭ᠎ᠠ ᠶᠢ ᠬᠠᠮᠢᠶ᠎ᠠ ᠪᠦᠬᠦᠢ ᠲᠤᠰᠬᠠᠢ

ᠮᠡᠷᠭᠡᠵᠢᠯ ᠤᠨ ᠲᠥᠷᠥᠯ ᠤᠨ ᠲᠤᠰᠬᠠᠢ ᠰᠡᠳᠦᠪᠲᠦ ᠲᠠᠶᠢᠯᠤᠮᠵᠢ ᠪᠠ ᠵᠢᠭᠠᠨ ᠰᠤᠷᠭᠠᠯᠲᠠ ᠶᠢᠨ ᠠᠵᠢᠯᠴᠢᠨ ᠤ

ᠦᠢᠯᠡᠳᠬᠡᠯ ᠤᠨ ᠭᠠᠵᠠᠷ ᠲᠤ ᠬᠠᠨᠳᠤᠭᠤᠯᠤᠨ᠎ᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map