ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠨᠡᠷᠡᠰ ᠢ ᠨᠡᠶᠢᠲᠡᠯᠡᠪᠡ ᠥᠪᠥᠷ ᠮᠣᠩᠭᠤᠯ ᠤᠨ 10 ᠨᠢᠭᠡᠴᠢ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/6/5
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ 2023 ᠣᠨ ᠤ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠲᠦᠰᠦᠯ ᠳᠤ ᠳᠠᠩᠰᠠᠯᠠᠭᠤᠯᠤᠭᠰᠠᠨ ᠨᠢᠭᠡᠴᠢ ᠨᠦᠭᠦᠳ ᠤᠨ ᠨᠡᠷᠡᠰ ᠢ ᠨᠡᠶᠢᠲᠡᠯᠡᠪᠡ᠃ ᠡᠭᠦᠨ ᠳᠤ ᠂ ᠥᠪᠥᠷ ᠮᠣᠩᠭᠤᠯ ᠤᠨ 5 ᠨᠢᠭᠡᠴᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠵᠤ ᠂ 5 ᠨᠢᠭᠡᠴᠢ ᠤᠯᠤᠰ ᠤᠨ ᠲᠠᠰ ᠤᠨ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠵᠠᠢ᠃      ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ ᠪᠦᠯᠦᠭᠯᠡᠯ ︶ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠂ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠤᠯᠠᠭᠠᠨᠬᠠᠳᠠ ᠶᠢᠨ ᠪᠠᠷᠢᠯᠭ᠎ᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ  ᠤ ᠰᠤᠷᠭᠠᠭᠤᠯᠢ᠂ ᠪᠠᠶᠠᠨᠨᠠᠭᠤᠷ ᠬᠤᠲᠠ ᠶᠢᠨ ᠳᠡᠭᠡᠳᠦ ᠵᠡᠷᠭᠡ ᠪᠣᠯᠤᠨ᠎ᠠ ᠃      ᠤᠯᠤᠰ ᠤᠨ ᠲᠠᠰ ᠤᠨ ᠤᠷ᠎ᠠ ᠮᠡᠷᠭᠡᠰᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠭᠰᠠᠨ ᠨᠢ᠄ ᠥᠪᠥᠷ ᠮᠣᠩᠭᠤᠯ ᠤᠨ ᠰᠠᠨᠰᠠᠷ ᠠᠶᠠᠯᠠᠯ ᠤᠨ ᠬᠤᠩ ᠭᠠᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠧᠩ ᠴᠤᠤ ᠶᠠᠩ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠠᠨ ᠸᠧᠨ ᠯᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠬᠢᠩᠭᠠᠨ ᠠᠶᠢᠮᠠᠭ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠶᠢᠨ ᠯᠠᠨ ᠫᠧᠩ ᠹᠦ᠋ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠮᠦᠩᠭᠦᠨᠬᠤᠸᠠᠷ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠣᠶᠣᠬᠤ ᠬᠡᠯᠲᠡᠰ ᠤᠨ ᠮᠦᠩᠭᠦᠨᠬᠤᠸᠠᠷ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠶ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠪᠣᠯᠤᠨ᠎ᠠ ᠃      ᠣᠳᠣᠬᠠᠨ ᠳᠤ ᠂ ᠥᠪᠥᠷ ᠮᠣᠩᠭᠤᠯ ᠳᠠᠬᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠨᠡᠶᠢᠲᠡ 29 ᠂ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠨᠡᠶᠢᠲᠡ 50 ᠪᠠᠶᠢᠵᠤ ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠬᠦ ᠳᠤ ᠬᠦᠴᠦᠲᠡᠶ ᠲᠤᠰᠠᠯᠠᠮᠵᠢ ᠪᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map