ᠪᠦᠦ ᠰᠢᠶᠠᠨ ᠬᠤᠸᠠ᠂ ᠶᠠᠩ ᠵᠢᠶᠧ 2024 ᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/7
      6 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠤᠷᠢᠳ ᠬᠤᠵᠢᠳ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠠᠷᠪᠠᠨ ᠳᠥᠷᠪᠡᠳᠦᠭᠡᠷ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠬᠦᠷᠴᠦ ᠡᠩ  ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃

1.jpg

      ᠪᠦᠦ ᠰᠢᠶᠠᠨ ᠬᠤᠸᠠ᠂ ᠶᠠᠩ ᠵᠢᠶᠧ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠰᠢᠯᠭᠠᠯᠲᠠ

ᠬᠦᠯᠢᠶᠡᠬᠦ ᠬᠠᠮᠢᠶᠠᠷᠤᠯᠲᠠ᠂ ᠦᠢᠯᠡᠴᠢᠯᠡᠭᠡᠨ ᠤ ᠪᠠᠲᠤᠯᠠᠭ᠎ᠠ᠂ ᠣᠶᠤᠨᠴᠢ ᠠᠮᠤᠷ ᠲᠦᠪᠰᠢᠨ ᠤ ᠪᠠᠶᠢᠴᠠᠭᠠᠯᠲᠠ ᠵᠡᠷᠭᠡ

ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠬᠥᠬᠡᠬᠤᠲᠠ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ

ᠰᠢᠯᠭᠠᠯᠲᠠ ᠶᠢᠨ ᠲᠥᠪ ᠤᠨ ᠨᠢᠭᠤᠴᠠ ᠶᠢ ᠬᠠᠮᠠᠭᠠᠯᠠᠬᠤ ᠲᠠᠰᠤᠭ᠂ ᠸᠢᠳᠢᠤ᠋ ᠵᠢᠯᠣᠭᠤᠳᠬᠤ ᠲᠥᠪ ᠵᠡᠷᠭᠡ ᠶᠢᠨ

ᠪᠡᠯᠡᠳᠬᠡᠯ ᠤᠨ ᠪᠠᠶᠢᠳᠠᠯ ᠢ ᠪᠠᠶᠢᠴᠠᠭᠠᠵᠤ᠂ ᠰᠢᠯᠭᠠᠯᠲᠠ ᠶᠢᠨ ᠬᠠᠭᠤᠳᠠᠰᠤ ᠶᠢ ᠵᠦᠭᠡᠭᠡᠪᠦᠷᠢᠯᠡᠬᠦ᠂ ᠰᠢᠯᠭᠠᠯᠲᠠ ᠶᠢᠨ

ᠶᠠᠪᠤᠳᠠᠯ ᠢ ᠵᠣᠬᠢᠶᠠᠨ ᠪᠠᠶᠢᠭᠤᠯᠬᠤ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠨᠠᠷᠢᠨ ᠣᠶᠢᠯᠠᠭᠠᠪᠠ᠃ ᠡᠯ᠎ᠡ

ᠭᠠᠵᠠᠷ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠰᠢᠯᠭᠠᠯᠲᠠ ᠶᠢᠨ

ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠣᠯᠠᠨ ᠰᠠᠯᠠᠭ᠎ᠠ ᠮᠥᠴᠢᠷ ᠵᠣᠬᠢᠴᠠᠭᠤᠯᠤᠨ ᠬᠤᠯᠪᠣᠭᠠᠯᠠᠨ

ᠬᠥᠳᠡᠯᠦᠯᠴᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ  ᠶᠢᠨ ᠬᠡᠷᠡᠭ ᠢ ᠰᠢᠢᠳᠪᠦᠷᠢᠯᠡᠬᠦ

ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ︔ ᠰᠢᠯᠭᠠᠯᠲᠠ ᠳᠡᠭᠡᠷ᠎ᠡ ᠭᠡᠮ ᠬᠢᠬᠦ ᠳᠤ ᠴᠢᠩᠭ᠎ᠠ ᠴᠣᠬᠢᠯᠲᠠ ᠥᠭᠴᠦ᠂ ᠭᠠᠷ

ᠤᠲᠠᠰᠤ ᠵᠡᠷᠭᠡ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠰᠢᠭᠯᠠᠨ ᠭᠡᠮ ᠬᠢᠬᠦ ᠠᠵᠢᠯᠯᠠᠭ᠎ᠠ ᠶᠢ

ᠰᠡᠷᠭᠡᠶᠢᠯᠡᠬᠦ ᠶᠢ ᠭᠦᠨᠵᠡᠭᠡᠶᠢᠷᠡᠭᠦᠯᠬᠦ ᠬᠡᠷᠡᠭᠲᠡᠢ︔ ᠰᠢᠯᠭᠠᠭᠤᠯᠤᠭᠴᠢ ᠳᠤ  ᠦᠢᠯᠡᠴᠢᠯᠡᠬᠦ ᠶᠢ ᠦᠷᠭᠦᠯᠵᠢᠯᠡᠨ

ᠰᠢᠯᠢᠳᠡᠭᠵᠢᠭᠦᠯᠵᠦ᠂ ᠰᠢᠯᠭᠠᠭᠤᠯᠤᠭᠴᠢ ᠶᠢᠨ ᠰᠢᠯᠭᠠᠯᠲᠠ ᠶᠢᠨ ᠬᠤᠭᠤᠴᠠᠭᠠᠨ ᠳᠠᠬᠢ ᠶᠠᠪᠤᠵᠤ ᠰᠠᠭᠤᠬᠤ᠂ ᠢᠳᠡᠬᠦ

ᠬᠤᠨᠣᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠳᠠᠭᠤ ᠱᠤᠤᠭᠢᠶᠠᠨ ᠢ ᠵᠠᠰᠠᠬᠤ ᠵᠡᠷᠭᠡ ᠣᠯᠠᠨ ᠲᠠᠯ᠎ᠠ ᠶᠢᠨ

ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠬᠤ ᠬᠡᠷᠡᠭᠲᠡᠢ︔ ᠬᠢᠨᠠᠨ ᠵᠢᠯᠣᠭᠤᠳᠴᠤ ᠪᠠᠶᠢᠴᠠᠭᠠᠬᠤ ᠪᠠᠨ ᠲᠠᠰᠤᠷᠠᠯᠲᠠ

ᠥᠬᠡᠶ ᠴᠢᠩᠭᠠᠳᠬᠠᠵᠤ᠂ ᠡᠨᠡ ᠤᠳᠠᠭᠠᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ

 ᠤᠨ ᠨᠢᠭᠡᠳᠦᠯᠲᠡᠢ ᠰᠢᠯᠭᠠᠯᠲᠠ ᠶᠢᠨ ᠡᠷᠬᠡ ᠲᠡᠭᠰᠢ ᠲᠥᠪ ᠭᠤᠣᠯᠴᠢ᠂ ᠠᠮᠤᠷ ᠲᠣᠭᠲᠠᠭᠤᠨ ᠡᠮᠬᠢ ᠵᠢᠷᠤᠮ ᠲᠠᠢ

ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃

      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ

ᠳᠤᠭᠤᠶᠢᠯᠠᠩ ᠤᠨ ᠬᠡᠰᠢᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠪᠦᠦ ᠵᠢᠶᠠᠨ ᠵᠦᠩ ᠪᠠᠶᠢᠴᠠᠭᠠᠨ

ᠰᠣᠳᠤᠯᠬᠤ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map