︽︿ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠨᠠᠮ﹀ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠲᠣᠭᠤᠷᠢᠨ ᠲᠠᠶᠢᠯᠪᠤᠷᠢᠯᠠᠬᠤ ᠪᠦᠯᠬᠦᠮ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠳᠤ ᠬᠦᠷᠪᠡ
ᠨᠡᠶᠢᠲᠡᠯᠡᠭᠰᠡᠨ ᠴᠠᠭ᠄
2024/6/7
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠵᠣᠬᠢᠶᠠᠨ ᠪᠠᠶᠢᠭᠤᠯᠤᠭᠰᠠᠨ ︽︿ᠨᠠᠮ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ  ᠳᠠᠭᠠᠨᠠᠮ﹀ ᠶᠡᠭᠡ ᠳᠡᠭᠡᠳᠦ ᠰᠤᠷᠭᠠᠭᠤᠯᠢ ᠶᠢᠨ ᠲᠣᠭᠤᠷᠢᠨ ᠲᠠᠶᠢᠯᠪᠤᠷᠢᠯᠠᠬᠤ ᠪᠦᠯᠬᠦᠮ ᠲᠤᠰ ᠲᠤᠰ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ ᠬᠥᠬᠡᠬᠤᠲᠠ ᠶᠢᠨ ᠦᠨᠳᠦᠰᠦᠲᠡᠨ ᠤ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠵᠡᠷᠭᠡ 10 ᠭᠠᠷᠤᠢ ᠶᠡᠭᠡ ᠳᠡᠭᠡᠳᠦ ᠰᠤᠷᠭᠠᠭᠤᠯᠢ ᠳᠤ ᠬᠦᠷᠴᠦ ᠲᠣᠭᠤᠷᠢᠨ ᠲᠠᠶᠢᠯᠪᠤᠷᠢᠯᠠᠪᠠ᠃

1.webp.jpg

2.webp.jpg

      ᠲᠣᠭᠤᠷᠢᠨ ᠲᠠᠶᠢᠯᠪᠤᠷᠢᠯᠠᠬᠤ ᠪᠦᠯᠬᠦᠮ ᠤᠨ ᠬᠡᠰᠢᠭᠦᠳ ᠪᠣᠯ ᠪᠦᠬᠦ ᠣᠷᠣᠨ ᠤ ᠶᠡᠭᠡ ᠳᠡᠭᠡᠳᠦ

ᠰᠤᠷᠭᠠᠭᠤᠯᠢ ᠶᠢᠨ ᠬᠠᠮᠤᠭ ᠤᠨ ᠭᠤᠶᠣ ᠬᠠᠪᠰᠤᠷᠤᠨ ᠵᠢᠯᠣᠭᠤᠳᠣᠭᠴᠢ᠂ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠭᠰᠢ ᠶᠢᠨ ᠭᠤᠣᠯᠯᠠᠭᠴᠢ ᠬᠦᠴᠦᠨ᠂ ᠴᠡᠷᠢᠭ ᠠᠴᠠ ᠬᠠᠯᠠᠭᠳᠠᠭᠰᠠᠨ ᠣᠶᠤᠲᠠᠨ᠂ ᠰᠢᠨ᠎ᠡ ᠶᠢ ᠡᠭᠦᠳᠴᠦ

ᠦᠢᠯᠡᠰ ᠪᠣᠰᠬᠠᠭᠰᠠᠨ ᠨᠡᠶᠢᠲᠡᠯᠢᠭ ᠵᠢᠱᠢᠶ᠎ᠡ᠂ ᠤᠶᠤᠲᠠᠳ ᠤᠨ ᠣᠨ ᠤ ᠬᠥᠮᠦᠰ ᠵᠡᠷᠭᠡ ᠵᠠᠯᠠᠭᠤᠴᠤᠳ ᠤᠨ

ᠲᠥᠯᠥᠭᠡᠯᠡᠭᠴᠢ ᠠᠴᠠ ᠪᠦᠷᠢᠯᠳᠦᠨ᠂ ᠲᠡᠳᠡ ᠵᠠᠯᠠᠭᠤᠴᠤᠳ ᠤᠨ ︽ᠳᠡᠷᠭᠡᠳᠡᠬᠢ ᠶᠠᠪᠤᠳᠠᠯ︾᠂ ︽ᠠᠩᠬᠠᠷᠤᠯ ᠲᠠᠯᠪᠢᠵᠤ

ᠪᠠᠶᠢᠭ᠎ᠠ ᠶᠠᠪᠤᠳᠠᠯ︾ ᠠᠴᠠ ᠭᠠᠷᠳᠠᠵᠤ᠂ ᠥᠪᠡᠷ ᠥᠪᠡᠷ ᠤᠨ ᠠᠵᠢᠯ ᠤᠨ ᠪᠠᠶᠢᠷᠢ ᠳᠤ ᠵᠠᠯᠠᠭᠤ ᠨᠠᠰᠤᠨ ᠤ ᠬᠤᠪᠢ

ᠨᠡᠮᠡᠷᠢ ᠪᠠᠨ ᠦᠵᠡᠭᠦᠯᠦᠭᠰᠡᠨ ᠦᠯᠢᠭᠡᠷ ᠢᠶᠠᠨ ᠶᠠᠷᠢᠵᠤ᠂ ᠵᠠᠯᠠᠭᠤ ᠰᠤᠷᠤᠭᠴᠢᠳ ᠢ ᠬᠦᠲᠦᠯᠦᠨ ᠵᠢᠯᠣᠭᠤᠳᠴᠤ

ᠬᠤᠪᠢᠰᠬᠠᠯ ᠤᠨ ᠤᠳᠤᠮᠰᠢᠯ ᠢ ᠰᠠᠶᠢᠲᠤᠷ ᠵᠠᠯᠭᠠᠮᠵᠢᠯᠠᠭᠤᠯᠵᠤ᠂ ᠤᠬᠠᠮᠰᠠᠷ ᠠᠴᠠ ᠪᠠᠨ ︽ᠥᠪᠡᠷ︾ ᠢ ᠢᠶᠠᠨ

ᠪᠣᠶᠢᠵᠢᠭᠤᠯᠵᠤ ︽ᠬᠠᠮᠲᠤ ᠶᠢᠨ ᠴᠣᠭᠴᠠ︾ ᠳᠤ ᠠᠭᠤᠰᠬᠠᠨ᠂ ᠬᠦᠰᠡᠯᠡᠩ ᠲᠠᠢ᠂ ᠵᠣᠷᠢᠭᠲᠠᠢ ᠬᠠᠷᠢᠭᠤᠴᠠᠯᠭ᠎ᠠ

ᠡᠭᠦᠷᠭᠡᠯᠡᠳᠡᠭ᠂ ᠵᠣᠪᠠᠭᠤᠷᠢ ᠵᠦᠳᠡᠭᠦᠷᠢ ᠶᠢ ᠠᠮᠰᠠᠵᠤ ᠳᠡᠶᠢᠯᠬᠦᠶᠢᠴᠡ᠂ ᠴᠢᠷᠮᠠᠶᠢᠨ ᠤᠷᠤᠭᠰᠢᠯᠠᠬᠤ ᠰᠢᠨ᠎ᠡ ᠴᠠᠭ

ᠦᠶ᠎ᠡ ᠶᠢᠨ ᠰᠠᠶᠢᠨ ᠵᠠᠯᠠᠭᠤᠴᠤᠳ ᠪᠣᠯᠭᠠᠨ᠎ᠠ᠃

   

3.png

      ᠡᠨᠡ ᠤᠳᠠᠭᠠᠨ ᠤ ᠲᠣᠭᠤᠷᠢᠨ ᠲᠠᠶᠢᠯᠪᠤᠷᠢᠯᠠᠯᠲᠠ ᠶᠢᠨ ᠭᠤᠣᠯ ᠰᠡᠳᠦᠪ ᠢᠯᠡ ᠲᠣᠳᠣ᠂ ᠠᠭᠤᠯᠭ᠎ᠠ ᠡᠯᠪᠡᠭ

ᠪᠠᠶᠠᠯᠢᠭ ᠪᠠᠶᠢᠵᠤ᠂ ᠪᠠᠭᠰᠢ ᠰᠤᠷᠤᠭᠴᠢᠳ ᠴᠢᠩᠭ᠎ᠠ ᠲᠤᠰᠬᠠᠯ ᠭᠠᠷᠭᠠᠪᠠ᠃ ᠪᠠᠭᠰᠢ ᠰᠤᠷᠤᠭᠴᠢᠳ᠂ ᠡᠨᠡ ᠤᠳᠠᠭᠠᠨ ᠤ

ᠲᠣᠭᠤᠷᠢᠨ ᠲᠠᠶᠢᠯᠪᠤᠷᠢᠯᠠᠯᠲᠠ ᠪᠣᠯ ᠨᠢᠭᠡ ᠤᠳᠠᠭᠠᠨ  ᠤ ᠬᠥᠮᠦᠰ ᠤᠨ ᠰᠡᠳᠬᠢᠯ ᠳᠤ ᠭᠦᠨ ᠬᠠᠳᠠᠩᠰᠢᠭᠰᠠᠨ ᠦᠵᠡᠯ

ᠰᠠᠨᠠᠭᠠᠨ ᠤ ᠬᠥᠮᠦᠵᠢᠯ ᠤᠨ ᠠᠵᠢᠯᠯᠠᠭ᠎ᠠ ᠪᠣᠯᠤᠨ᠎ᠠ᠂ ᠬᠤᠶᠢᠰᠢᠳᠠ ᠶᠢᠨ ᠰᠤᠷᠤᠯᠴᠠᠯᠭ᠎ᠠ ᠪᠠ ᠠᠵᠢᠯ ᠳᠤ ᠪᠠᠨ᠂ ᠡᠷᠡᠰ

ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ

ᠦᠢᠯᠡᠳᠦᠯᠭᠡᠵᠢᠭᠦᠯᠦᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ

ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ

ᠦᠵᠡᠭᠦᠯᠦᠨ᠎ᠡ ᠭᠡᠵᠡᠭᠡᠪᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map