ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠤᠨ ᠰᠤᠳᠤᠯᠤᠨ ᠰᠤᠷᠤᠯᠴᠠᠬᠤ ᠠᠩᠭᠢ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/7
      5 ᠳ᠋ᠤᠭᠠᠷ ᠰᠠᠷ᠎ᠠ ᠶᠢᠨ 31- 6 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠺᠠᠳ᠋ᠷ ᠤᠨ ᠰᠤᠳᠤᠯᠤᠨ ᠰᠤᠷᠤᠯᠴᠠᠬᠤ ᠠᠩᠭᠢ ᠶᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠪᠣᠯᠤᠨ ᠤᠯᠤᠰ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠬᠠᠨ ᠰᠢᠦᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃   

1.jpg

      ᠡᠨᠡ ᠤᠳᠠᠭᠠᠨ ᠤ ᠰᠤᠳᠤᠯᠤᠨ ᠰᠤᠷᠤᠯᠴᠠᠬᠤ ᠠᠩᠭᠢ ᠶᠢᠨ ᠵᠣᠷᠢᠯᠲᠠ ᠪᠣᠯ ᠶᠡᠷᠦᠩᠬᠡᠢ ᠱᠦᠵᠢ ᠰᠢ ᠶᠢᠨ

ᠫᠢᠩ ᠤᠨ ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ

ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠣᠶᠢᠯᠠᠭᠠᠵᠤ᠂ ᠮᠠᠨ ᠤ ᠣᠷᠣᠨ ᠤ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ

ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ

ᠠᠬᠢᠭᠤᠯᠬᠤ ᠶᠢᠨ ᠲᠥᠯᠥᠭᠡ ᠶᠤᠮ᠃ ᠰᠤᠳᠤᠯᠤᠨ ᠰᠤᠷᠤᠯᠴᠠᠬᠤ ᠠᠩᠭᠢ ᠶᠢ ᠲᠤᠰᠬᠠᠢ ᠮᠡᠷᠭᠡᠵᠢᠯᠲᠡᠨ ᠬᠢᠴᠢᠶᠡᠯ

ᠣᠷᠣᠬᠤ᠂ ᠠᠬᠤᠢ ᠲᠠᠯᠠᠪᠠᠢ ᠶᠢᠨ ᠵᠢᠭᠠᠨ ᠰᠤᠷᠭᠠᠯᠲᠠ᠂ ᠰᠤᠷᠤᠯᠴᠠᠨ ᠰᠣᠯᠢᠯᠴᠠᠬᠤ ᠪᠠ ᠰᠦᠯᠵᠢᠶᠡᠨ ᠳᠤ

ᠰᠤᠷᠤᠯᠴᠠᠬᠤ ᠵᠡᠷᠭᠡ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠡᠷᠬᠢᠯᠡᠵᠦ᠂ ᠰᠢ ᠶᠢᠨ ᠫᠢᠩ ᠤᠨ ᠴᠡᠷᠢᠭ ᠢ

ᠬᠦᠴᠦᠷᠬᠡᠭᠵᠢᠭᠦᠯᠬᠦ ᠦᠵᠡᠯ ᠰᠠᠨᠠᠭ᠎ᠠ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ᠂

ᠣᠳᠣᠬᠠᠨ ᠤ ᠳᠡᠯᠡᠬᠡᠢ ᠶᠢᠨ ᠪᠠᠶᠢᠳᠠᠯ ᠪᠣᠯᠤᠨ ᠤᠯᠤᠰ ᠤᠨ ᠠᠮᠤᠷ ᠲᠦᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ

ᠪᠠ ᠴᠡᠷᠢᠭ ᠠᠩᠭᠢ ᠶᠢᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂

ᠲᠡᠷᠢᠭᠦᠨ ᠤ ᠣᠨᠣᠯᠵᠢᠬᠤᠨ ᠢ ᠳᠠᠮᠵᠢᠭᠤᠯᠵᠤ᠂ ᠬᠠᠯᠠᠮᠰᠢᠯ ᠠᠰᠠᠭᠤᠳᠠᠯ ᠢ ᠵᠠᠳᠠᠯᠤᠨ᠂ ᠰᠢᠨ᠎ᠡ ᠬᠠᠷᠠᠭᠠᠰᠤ᠂ ᠰᠢᠨ᠎ᠡ

ᠰᠡᠳᠬᠢᠮᠵᠢ᠂ ᠰᠢᠨ᠎ᠡ ᠮᠡᠳᠡᠯᠭᠡ ᠪᠠᠷ ᠰᠡᠩᠬᠡᠷᠡᠭᠦᠯᠪᠡ᠃ ᠰᠤᠷᠤᠯᠴᠠᠯᠭ᠎ᠠ ᠪᠠᠷ ᠳᠠᠮᠵᠢᠭᠤᠯᠤᠨ ᠵᠠᠰᠠᠭ ᠵᠠᠬᠢᠷᠭᠠᠨ ᠤ

ᠬᠠᠮᠢᠶᠠᠷᠤᠯᠲᠠ ᠶᠢᠨ ᠺᠠᠳ᠋ᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠤᠯᠤᠰ ᠤᠨ ᠪᠠᠲᠤᠯᠠᠨ

ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠤᠯᠤᠰ ᠤᠨ

ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠵᠢᠯ ᠢ ᠰᠠᠶᠢᠲᠤᠷ

ᠬᠢᠬᠦ ᠶᠡᠷᠦᠩᠬᠡᠶᠢᠯᠡᠭᠰᠡᠨ ᠴᠢᠳᠠᠪᠤᠷᠢ ᠵᠢᠴᠢ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ

ᠳᠡᠭᠡᠭᠰᠢᠯᠡᠭᠦᠯᠪᠡ᠃

      ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ  ᠤ ᠰᠠᠯᠠᠭ᠎ᠠ

ᠮᠥᠴᠢᠷ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ

ᠳᠡᠳ᠋ ᠳᠠᠷᠤᠭ᠎ᠠ ᠪᠣᠯᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠳᠡᠭᠡᠳᠦ

ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠬᠤᠪᠢᠳᠠᠨ ᠬᠠᠮᠢᠶᠠᠷᠴᠤ

ᠪᠠᠶᠢᠭ᠎ᠠ ᠳᠡᠳ᠋ ᠵᠠᠬᠢᠷᠤᠯ ᠪᠣᠯᠤᠨ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ 120 ᠭᠠᠷᠤᠢ ᠬᠥᠮᠦᠨ

ᠰᠤᠳᠤᠯᠤᠨ ᠰᠤᠷᠤᠯᠴᠠᠬᠤ ᠠᠩᠭᠢ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map