ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/7/1
      ᠲᠦᠷᠦᠭᠦᠬᠡᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠲᠤᠰ ᠲᠤᠰ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠰᠤᠷᠤᠯᠴᠠᠬᠤ ᠂ ᠰᠠᠬᠢᠯᠭ᠎ᠠ ᠪᠠᠲᠤ ᠶᠢ ᠮᠡᠳᠡᠬᠦ ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ ᠂ ᠰᠠᠬᠢᠯᠭ᠎ᠠ ᠪᠠᠲᠤ ᠶᠢ ᠰᠠᠬᠢᠬᠤ ᠶᠢ ᠠᠬᠢᠭᠤᠯᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠵᠠᠩ ᠴᠢᠨᠠᠷ ᠢ ᠳᠠᠪᠲᠠᠨ ᠪᠤᠯᠪᠠᠰᠤᠷᠠᠭᠤᠯᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠯᠢᠦ ᠱᠤᠸᠠᠩ ᠂ ᠰᠠᠬᠢᠯᠭ᠎ᠠ ᠪᠠᠲᠤ ᠶᠢ ᠴᠢᠩᠳᠠᠯᠠᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠂ ᠪᠦᠭᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠃ ᠪᠦᠭᠦ ᠣᠷᠣᠨ ᠤ ᠥᠷᠭᠡᠨ ᠤᠯᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠤᠬᠠᠮᠰᠠᠷᠲᠤ ᠴᠢᠨᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠤᠨ ᠲᠣᠭᠲᠠᠭᠠᠯ ᠪᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠡᠵᠡᠮᠰᠢᠵᠦ ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠬᠠᠮᠤᠭ ᠤᠨ ᠲᠦᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠪᠡᠶ᠎ᠡ ᠪᠠᠨ ᠴᠢᠩᠭ᠎ᠠ ᠪᠠᠶᠢᠴᠠᠭᠠᠨ ᠲᠥᠪ ᠪᠤᠯᠭᠠᠵᠤ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠭᠦᠭᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠪᠦᠭᠦ ᠬᠤᠳᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠪᠦᠦ ᠭᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠳᠠᠭᠠᠭᠤᠯᠤᠨ ᠰᠤᠷᠤᠯᠴᠠᠵᠤ ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ       ᠳᠦᠷᠢᠮ ︾ ᠤᠨ ᠠᠭᠤᠯᠭ᠎ᠠ ᠶᠢ ᠴᠢᠩᠭ᠎ᠠ ᠡᠵᠡᠮᠳᠡᠵᠦ ᠂ ᠣᠷᠣᠨ ᠤ ᠲᠥᠪ ᠤᠨ ᠪᠣᠳᠠᠲᠠᠢ ᠲᠠᠢ ᠤᠶᠠᠯᠳᠤᠭᠤᠯᠤᠨ ᠂ ᠭᠦᠨᠵᠡᠭᠡᠢ ᠲᠠᠶᠢᠯᠤᠮᠵᠢ ᠬᠢᠪᠡ ᠃ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠪᠣᠯᠣᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠂ ᠪᠦᠦ ᠭᠠᠩ ᠭᠦᠨᠵᠡᠭᠡᠢ ᠵᠠᠳᠠᠯᠤᠯᠲᠠ ᠬᠢᠵᠦ ᠂ ᠨᠠᠮ ᠤᠨ ᠭᠡᠰᠢᠭᠦᠨ ᠺᠠᠳ᠋ᠷ ᠡᠷᠬᠡᠪᠰᠢ ᠡᠭᠦᠨ ᠢᠶᠠᠷ ᠴᠡᠭᠡᠷᠯᠡᠯ ᠪᠤᠯᠭᠠᠵᠤ ᠂ ᠰᠤᠷᠭᠠᠮᠵᠢ ᠠᠪᠴᠤ ᠂ ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠶᠢ ᠪᠠᠷᠢᠮᠲᠠᠯᠠᠵᠤ ᠂ ᠦᠷᠭᠦᠯᠵᠢ ᠦᠵᠡᠯ ᠰᠠᠨᠠᠭᠠᠨ ᠤ ᠰᠡᠷᠡᠮᠵᠢ ᠶᠢᠨ ᠳᠣᠬᠢᠶ᠎ᠠ ᠥᠭᠴᠦ ᠂ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠠᠳᠬᠤᠵᠤ ᠂ ᠨᠠᠮ ᠤᠨ ᠭᠡᠰᠢᠭᠦᠨ ᠺᠠᠳ᠋ᠷᠴᠤᠳ ᠲᠤ ᠲᠠᠯᠪᠢᠬᠤ ᠪᠦᠭᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠢ ᠬᠢᠨᠠᠯᠲᠠ ᠶᠢ ᠦᠨᠡᠨ ᠬᠦ ᠴᠢᠩᠭᠠᠳᠬᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠃ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠤᠯᠤᠭᠠᠨ ᠵᠦᠢᠯ ᠤᠨ ᠨᠠᠶᠢᠳᠠᠪᠤᠷᠢᠵᠢᠭᠤᠯᠬᠤ ᠲᠣᠭᠲᠠᠴᠠ ᠪᠣᠯᠣᠨ ᠠᠯᠳᠠᠭ᠎ᠠ ᠪᠤᠷᠤᠭᠤ ᠶᠢ ᠪᠠᠭᠲᠠᠭᠠᠬᠤ ᠪᠠ ᠵᠠᠯᠠᠷᠠᠭᠤᠯᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠺᠠᠳ᠋ᠷ ᠤᠨ ᠰᠡᠳᠬᠢᠯ ᠰᠠᠨᠠᠭ᠎ᠠ ᠪᠣᠯᠣᠨ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠣᠰᠬᠠᠬᠤ ᠳᠡᠭᠡᠷ᠎ᠡ ᠲᠠᠯᠪᠢᠬᠤ ᠶᠢ ᠵᠣᠷᠢᠭᠵᠢᠭᠤᠯᠵᠤ ᠂ ᠪᠣᠳᠠᠲᠤ ᠠᠮᠵᠢᠯᠲᠠ ᠪᠦᠲᠦᠮᠵᠢ ᠪᠠᠷ ᠬᠤᠶᠠᠷ ᠶᠡᠭᠡ ᠶᠠᠪᠤᠳᠠᠯ ᠢ ᠰᠠᠶᠢᠲᠤᠷ ᠡᠷᠭᠢᠯᠡᠭᠦ ᠳᠤᠮᠳᠠ ᠣᠷᠣᠨ ᠤ ᠲᠥᠪ ᠤᠨ ᠺᠠᠳ᠋ᠷ ᠤᠨ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠭᠤᠯᠭ᠎ᠠ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠬᠤᠷᠠᠯᠳᠤᠭᠤᠯᠵᠤ ᠂ ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠵᠧᠩ ᠬᠤᠩ ᠹᠠᠨ ᠂ ᠤᠬᠠᠭᠤᠯᠬᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ ᠭᠡᠷᠡᠭᠲᠡᠢ ︔ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠲᠣᠳᠣᠷᠬᠠᠶᠢᠯᠠᠵᠤ ᠂ ᠤᠬᠠᠮᠰᠠᠷ ᠠᠴᠠ ᠪᠠᠨ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ︾ ᠢᠯᠠᠩᠭᠤᠶ᠎ᠠ ︽ ᠵᠢᠷᠭᠤᠭᠠᠨ ᠰᠠᠬᠢᠯᠭ᠎ᠠ ᠪᠠᠲᠤ ︾ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠯᠭᠠᠬᠤ ᠭᠡᠷᠡᠭᠲᠡᠢ ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠤᠯᠤᠰ ᠲᠦᠷᠦ ᠶᠢ ᠡᠷᠬᠢᠮᠯᠡᠨ ᠂ ᠰᠠᠬᠢᠯᠭ᠎ᠠ ᠪᠠᠲᠤ ᠶᠢ ᠰᠠᠬᠢᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠂ ᠡᠷᠳᠡᠮ ᠴᠢᠳᠠᠪᠤᠷᠢ ᠰᠠᠶᠢᠨ ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ ᠂ ᠢᠯᠠᠭᠤᠭᠰᠠᠨ ᠲᠠᠶᠢᠨ ᠬᠢᠵᠦ ᠴᠢᠳᠠᠬᠤ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠬᠡᠯᠡᠪᠡ ᠃      ᠪᠤᠭᠤᠲᠤ ᠬᠤᠲᠠ ᠪᠦᠭᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠪᠤᠭᠤᠲᠤ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠳ᠋ᠢᠩ ᠰᠢᠤ ᠹᠧᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠳ᠋ᠢᠩ ᠰᠢᠤ ᠹᠧᠩ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ ᠂ ᠬᠤᠷᠢᠭ᠎ᠠ ᠱᠤᠭᠤᠮ ᠢ ᠲᠣᠳᠣᠷᠬᠠᠢ ᠣᠶᠢᠯᠠᠭᠠᠵᠤ ᠪᠢᠰᠢᠷᠡᠨ ᠵᠢᠷᠦᠬᠡᠰᠢᠶᠡᠬᠦ ᠶᠢ ᠮᠡᠳᠡᠬᠦ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷᠴᠤᠳ ᠢ ᠰᠤᠷᠭᠠᠨ ᠬᠥᠮᠥᠵᠢᠭᠦᠯᠵᠦ ᠪᠠᠶᠢᠭᠠᠳ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ ᠂ ᠦᠷᠳᠡᠭ ᠤᠨ ᠦᠵᠡᠯᠲᠡ ᠶᠢ ᠪᠤᠢ ᠪᠤᠯᠭᠠᠵᠤ ᠂ ᠬᠥᠮᠥᠨ ᠪᠤᠯᠬᠤ ᠨᠣᠶᠠᠨ ᠰᠠᠭᠤᠬᠤ ︽ ᠶᠡᠷᠦᠩᠬᠡᠢ ᠨᠡᠭᠡᠭᠡᠯᠭᠡ ︾ ᠶᠢ ᠰᠠᠶᠢᠲᠤᠷ ᠬᠠᠮᠢᠶᠠᠷᠬᠤ ᠪᠤᠯᠭᠠᠬᠤ ᠬᠡᠷᠡᠭᠲᠡᠢ ᠃ ᠰᠤᠷᠲᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠵᠢᠷᠭᠤᠭᠠᠨ ᠲᠠᠯ᠎ᠠ ᠶᠢᠨ ᠲᠣᠪᠤᠶᠢᠮ᠎ᠠ ᠠᠰᠠᠭᠤᠳᠠᠯ ᠢ ᠭᠦᠨᠵᠡᠭᠡᠢ ᠵᠠᠳᠠᠯᠤᠨ ᠲᠤᠩᠭᠠᠵᠤ ᠂ ᠲᠡᠷᠢᠭᠦᠨ ᠤ ᠬᠢ ᠪᠠᠷ ᠪᠠᠷᠢᠮᠵᠢᠶᠠᠯᠠᠨ ᠂ ᠵᠥᠷᠢᠶ᠎ᠡ ᠪᠠᠨ ᠡᠷᠢᠵᠦ ᠂ ᠴᠥᠬᠦᠷᠡᠰᠢ ᠦᠭᠡᠢ ᠴᠢᠷᠮᠠᠶᠢᠵᠤ ᠰᠤᠷᠲᠠᠯ ᠢᠶᠠᠨ ᠴᠢᠩᠭᠠᠳᠬᠠᠵᠤ ᠰᠢᠨ᠎ᠡ ᠰᠤᠷᠲᠠᠯ  ᠢ ᠪᠤᠶ ᠪᠤᠯᠭᠠᠵᠤ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠬᠡᠷᠡᠭᠲᠡᠢ ᠃ ᠴᠢᠩᠭ᠎ᠠ ᠭᠤᠣᠯ ᠭᠦᠭ ᠠᠶᠠᠰ ᠢ ᠰᠤᠯᠠᠷᠠᠭᠤᠯᠤᠯ ᠦᠭᠡᠢ ᠪᠠᠷᠢᠮᠲᠠᠯᠠᠵᠤ ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠨᠠᠭᠰᠢᠳᠠ ᠪᠣᠳᠠᠲᠠᠶᠢᠵᠢᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠨᠡᠨ ᠬᠦ ᠪᠤᠭᠤᠲᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠪᠦᠭᠦ ᠬᠤᠲᠠ ᠶᠢᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠮᠧᠩ ᠰᠢᠶᠠᠨ ᠳ᠋ᠦᠩ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠮᠧᠩ ᠰᠢᠶᠠᠨ ᠳ᠋ᠦᠩ ︽ ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠣᠳᠣᠬᠢᠴᠢᠯᠠᠭᠰᠠᠨ ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ︾ ᠭᠡᠬᠦ ᠰᠡᠳᠦᠪ ᠢᠶᠠᠷ ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠬᠤ ᠯᠤᠭ᠎ᠠ ᠤᠶᠠᠯᠳᠤᠭᠤᠯᠵᠤ ᠂ ᠬᠤᠷᠠᠯ ᠳᠤ ᠣᠷᠣᠯᠴᠠᠭᠰᠠᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠲᠡᠷᠡ ᠂ ᠶᠡᠷᠦᠩᠬᠡᠢ ᠱᠦᠵᠢ ᠰᠢ ᠶᠢᠨ ᠫᠢᠩ  ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ︾ ᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ᠂ ᠤᠬᠠᠮᠰᠠᠷ ᠠᠴᠠ ᠪᠠᠨ ᠤᠯᠤᠰ ᠲᠥᠷᠥ ᠶᠢᠨ ᠰᠠᠬᠢᠯᠭ᠎ᠠ ᠪᠠᠲᠤ ᠶᠢ ᠪᠠᠲᠤ ᠰᠠᠬᠢᠵᠤ ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠭᠢᠴᠢᠶᠠᠨᠬᠭᠦ᠋ᠢᠯᠡᠨ ᠰᠠᠬᠢᠵᠤ ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠣᠯᠠᠨ ᠲᠦᠮᠡᠨ ᠤ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ ᠂ ᠠᠵᠢᠯ ᠤᠨ ᠰᠠᠬᠢᠯᠭ᠎ᠠ ᠪᠠᠲᠤ ᠶᠢ ᠪᠠᠲᠤ ᠰᠠᠬᠢᠵᠤ ᠂ ᠠᠮᠢᠳᠤᠷᠠᠯ ᠤᠨ ᠰᠠᠬᠢᠯᠭ᠎ᠠ ᠪᠠᠲᠤ ᠶᠢ ᠬᠢᠴᠢᠶᠡᠨ ᠰᠠᠬᠢᠵᠤ ᠂ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠬᠤ ᠂ ᠥᠪᠡᠷ ᠢ ᠪᠠᠨ ᠴᠢᠩᠭ᠎ᠠ ᠬᠢᠵᠠᠭᠠᠷᠯᠠᠵᠤ ᠂ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠭᠦ ᠳᠤᠮᠳᠠ ᠠᠵᠢᠯ ᠬᠢᠵᠦ ᠦᠢᠯᠡᠰ ᠪᠣᠰᠬᠠᠬᠤ ᠴᠤᠭ ᠵᠢᠪᠬᠤᠭ᠎ᠠ ᠶᠢ ᠭᠦᠢᠴᠡᠳ ᠨᠢᠭᠲᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠦᠩᠯᠢᠶᠣᠣ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠂ ᠨᠡᠩ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃      ᠥᠪᠥᠷ ᠮᠣᠩᠭᠤᠯ ᠤᠨ ᠴᠡᠷᠢᠭ ᠤᠨ ᠲᠣᠭᠤᠷᠢᠭ ᠲᠤᠰᠬᠠᠢ ᠰᠡᠳᠦᠪᠲᠦ ᠨᠠᠮ ᠤᠨ ᠬᠢᠴᠢᠶᠡᠯ  ᠤᠨ ᠬᠠᠪᠰᠤᠷᠤᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ︾ ᠤᠨ ᠲᠤᠬᠠᠢ ᠪᠦᠭᠦ ᠲᠠᠯ᠎ᠠ ᠪᠠᠷ ᠭᠦᠨᠵᠡᠭᠡᠢ ᠲᠠᠶᠢᠯᠤᠮᠵᠢ           ᠬᠢᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠣᠣ ᠺᠠᠩ ︽ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ ᠂ ᠴᠢᠬᠤᠯᠠ ᠶᠡᠭᠡ ᠠᠴᠢ ᠬᠤᠯᠪᠣᠭᠳᠠᠯ ᠢ ᠲᠣᠳᠣᠷᠬᠠᠢ ᠲᠠᠨᠢᠵᠤ ᠂ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ ᠂ ᠨᠠᠶᠢᠳᠠᠪᠤᠷᠢᠵᠢᠭᠤᠯᠤᠯᠲᠠ  ᠶᠢ ᠬᠦᠴᠦᠲᠡᠢ ᠠᠬᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠠᠲᠤᠯᠠᠬᠤ ︾ ᠭᠤᠷᠪᠠᠨ ᠲᠠᠯ᠎ᠠ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠳᠤ ᠪᠣᠳᠠᠲᠠᠢ ᠱᠠᠭᠠᠷᠳᠠᠯᠭ᠎ᠠ ᠳᠤᠷᠠᠳᠪᠠ ᠃ ᠶᠠᠩ ᠰᠢᠶᠣᠣ ᠺᠠᠩ ︽ ︿ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ﹀ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠴᠢᠰᠤᠨ ᠳᠠᠭᠠᠨ ᠭᠦᠨ ᠠᠭᠤᠰᠬᠠᠵᠤ᠂ ᠡᠷᠡᠰ ᠢᠶᠠᠷ ᠲᠡᠷᠢᠭᠦᠨ ᠳᠤ ᠲᠠᠯᠪᠢᠬᠤ ︾ ᠭᠤᠣᠯ ᠰᠡᠳᠦᠪ ᠤᠨ ᠲᠣᠭᠤᠷᠢᠨ ᠳᠤ᠂ ︽ ᠰᠤᠷᠤᠯᠴᠠᠬᠤ ᠪᠠᠷ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ ᠂ ᠳᠣᠲᠣᠭᠠᠳᠤ ᠳᠠᠭᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠡᠵᠡᠮᠳᠡᠭᠦ︔ ᠬᠡᠷᠡᠭ ᠢᠶᠠᠷ ᠲᠣᠯᠢ ᠪᠤᠯᠭᠠᠬᠤ ᠶᠢ ᠪᠠᠷᠢᠮᠲᠠᠯᠠᠵᠤ᠂ ᠠᠰᠠᠭᠤᠳᠠᠯ ᠤᠨ ᠠᠷᠬᠠᠭ ᠭᠡᠮ ᠤᠨ ᠰᠢᠯᠲᠠᠭᠠᠨ ᠰᠤᠷᠭᠠᠮᠵᠢ ᠶᠢ ᠡᠷᠭᠢᠴᠡᠭᠦᠯᠦᠨ ᠪᠤᠳᠣᠯᠭᠢᠯᠠᠬᠤ︔ ᠰᠠᠬᠢᠯᠭ᠎ᠠ ᠪᠠᠲᠤ ᠪᠠᠷ ᠵᠠᠰᠠᠯᠲᠠ ᠶᠢ ᠠᠬᠢᠭᠤᠯᠬᠤ ᠶᠢ ᠪᠠᠷᠢᠮᠲᠠᠯᠠᠵᠤ᠂ ᠪᠠᠷᠢᠮᠵᠢᠶ᠎ᠠ ᠶᠣᠰᠣᠭᠠᠷ ᠮᠡᠳᠡᠬᠦ ᠬᠢᠬᠦ ᠶᠢ ᠤᠶᠠᠯᠳᠤᠭᠤᠯᠬᠤ ᠦᠢᠯᠡᠳᠦᠯᠭᠡ ᠶᠢᠨ ᠨᠠᠶᠢᠳᠠᠪᠤᠷᠢᠵᠢᠭᠤᠯᠤᠯᠲᠠ ᠶᠢ ᠡᠷᠢᠬᠦ ︾ ᠵᠡᠷᠭᠡ ᠲᠠᠯ᠎ᠠ ᠪᠠᠷ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠴᠤ᠂ ᠪᠦᠭᠦ ᠨᠠᠮ ᠤᠨ ᠭᠡᠰᠢᠭᠦᠨ ᠪᠣᠯᠣᠨ ᠨᠠᠮ ᠳᠤ ᠣᠷᠣᠬᠤ ᠢᠳᠡᠪᠬᠢᠲᠡᠨ ᠤ ᠰᠠᠬᠢᠯᠭ᠎ᠠ ᠪᠠᠲᠤ  ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ ᠂ ᠰᠠᠬᠢᠯᠭ᠎ᠠ ᠪᠠᠲᠤ ᠶᠢ ᠰᠠᠬᠢᠬᠤ ᠂ ᠰᠠᠬᠢᠯᠭ᠎ᠠ ᠪᠠᠲᠤ ᠶᠢᠨ ᠪᠠᠷᠢᠮᠵᠢᠶ᠎ᠠ ᠶᠢ ᠤᠬᠠᠮᠰᠠᠷ  ᠠᠴᠠ ᠪᠠᠨ ᠰᠠᠶᠢᠲᠤᠷ ᠡᠵᠡᠮᠳᠡᠵᠦ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ ᠶᠢ ᠬᠥᠲᠥᠯᠥᠨ ᠵᠢᠯᠣᠭᠤᠳᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠦᠬᠠᠢ ᠬᠤᠳᠠ ᠳᠤ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠬᠤ ᠶᠢᠨ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠵᠡᠷᠭᠡ ᠠᠵᠢᠯ ᠢ ᠴᠡᠭᠴᠡᠯᠡᠨ ᠵᠠᠰᠠᠪᠠ ᠃ ᠬᠤᠸᠠᠩ ᡁᠢ ᠴᠢᠶᠠᠩ ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠨᠠᠮ ᠤᠨ ᠰᠠᠬᠢᠯᠭ᠎ᠠ ᠪᠠᠲᠤ ᠶᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ ᠂ ᠪᠠᠶᠢᠩᠭᠤ ᠠᠳᠬᠤᠬᠤ ᠬᠡᠷᠡᠭᠲᠡᠢ ᠃ ᠦᠨᠳᠦᠰᠦᠨ ᠱᠠᠲᠤᠨ ᠳᠤ ︽ ᠬᠢᠵᠦ ᠪᠤᠯᠬᠤ ︾ ᠂ ︽ ᠦᠯᠦ ᠬᠢᠵᠦ ᠪᠤᠯᠬᠤ ︾ ᠭᠡᠬᠦ ᠵᠠᠭᠠᠭ ᠱᠤᠭᠤᠮ ᠢ ᠢᠯᠭᠠᠨ ᠲᠣᠳᠣᠷᠬᠠᠶᠢᠯᠠᠵᠤ ᠂ ︽ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ︾ ᠪᠠ ︽ ᠬᠥᠩᠭᠡᠯᠡᠬᠦ ᠶᠣᠰᠣᠲᠠᠢ ᠳᠠᠷᠤᠭᠠᠰᠤ ᠂ ᠳᠠᠷᠤᠭᠠᠰᠤ ᠶᠢ ᠨᠢ ᠬᠥᠩᠭᠡᠷᠡᠭᠦᠯᠬᠦ ᠠᠴᠠ ᠪᠢᠰᠢ ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ ︾ ᠶᠢ ᠣᠨᠣᠪᠴᠢᠲᠠᠶ ᠡᠵᠡᠮᠳᠡᠬᠦ ᠬᠡᠷᠡᠭᠲᠡᠢ ᠃ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ︽ ᠵᠢᠵᠢᠭ ᠢᠶᠠᠷ ᠱᠠᠮᠰᠢᠵᠤ ᠪᠠᠭ᠎ᠠ ᠪᠠᠷ ᠢᠯᠵᠠᠷᠠᠬᠤ ︾ ᠶᠢ ᠡᠷᠡᠰ ᠵᠠᠯᠬᠠᠭᠠᠨ ᠰᠢᠢᠳᠬᠡᠵᠦ ᠂ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠠᠵᠢᠯ ᠢ ᠰᠠᠶᠢᠲᠤᠷ ᠠᠳᠬᠤᠵᠤ ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠢ ᠡᠷᠭᠢᠯᠡᠨ ᠶᠠᠷᠢᠵᠠᠢ ᠃ ᠯᠢ ᠢᠦᠢ ᠭᠠᠩ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠶᠠᠭᠤ ᠪᠤᠯᠬᠤ ᠶᠢ ᠲᠣᠳᠣᠷᠬᠠᠢ ᠣᠶᠢᠯᠠᠭᠠᠵᠤ ᠂ ᠪᠣᠳᠠᠲᠤ ᠠᠵᠢᠯᠯᠠᠭ᠎ᠠ ᠪᠠᠷ ᠢᠶᠠᠨ ︽ ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ ᠂ ︽ ᠬᠤᠶᠠᠷ ᠢ           ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠬᠡᠷᠡᠭᠲᠡᠢ ᠃ ᠵᠢᠷᠭᠤᠭᠠᠨ ᠶᠡᠭᠡ ᠰᠠᠬᠢᠯᠭ᠎ᠠ ᠪᠠᠲᠤ ᠶᠢᠨ ᠲᠣᠭᠲᠠᠭᠠᠯ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ ᠂ ᠨᠠᠮ ᠤᠨ ᠭᠡᠰᠢᠭᠦᠨ ᠺᠠᠳ᠋ᠷ ᠤᠨ ᠶᠠᠭᠤ ᠬᠢᠵᠦ ᠪᠤᠯᠬᠤ ᠦᠭᠡᠢ ᠶᠢ ᠲᠣᠳᠣᠷᠬᠠᠢ ᠣᠶᠢᠯᠠᠭᠠᠵᠤ ᠂ ᠤᠯᠤᠰ ᠲᠦᠷᠦ ᠶᠢᠨ ᠲᠠᠯ᠎ᠠ ᠪᠠᠷ ᠦᠨᠡᠨᠴᠢ ᠰᠢᠳᠤᠷᠭᠤ ᠪᠤᠰᠤ ᠂ ᠵᠣᠬᠢᠶᠠᠨ ᠪᠠᠶᠢᠭᠤᠯᠤᠯᠲᠠ ᠳᠤ ᠬᠢᠵᠠᠭᠠᠷᠯᠠᠭᠳᠠᠬᠤ ᠦᠭᠡᠢ ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠨ ᠬᠤᠪᠢ ᠶᠢᠨ ᠠᠰᠢᠭ  ᠢ ᠬᠥᠭᠡᠭᠡᠴᠡᠯᠳᠦᠬᠦ ᠂ ᠤᠯᠠᠨ ᠲᠦᠮᠡᠨ ᠠᠴᠠ ᠬᠥᠨᠳᠡᠶᠢᠷᠡᠬᠦ ᠴᠢᠨᠠᠭᠰᠢᠯᠠᠪᠠᠯ ᠤᠯᠠᠨ ᠲᠦᠮᠡᠨ ᠲᠠᠢ ᠡᠰᠡᠷᠭᠦᠴᠡᠯᠳᠦᠬᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠨᠢ ᠬᠦᠴᠦᠨ ᠦᠭᠡᠢ ᠂ ᠶᠣᠰᠣ ᠮᠣᠷᠠᠯ ᠵᠢᠷᠤᠮᠵᠢᠯ ᠢᠶᠠᠨ ᠠᠯᠳᠠᠵᠤ ᠬᠠᠮᠢᠶᠠᠷᠤᠯᠲᠠ ᠬᠥᠮᠦᠵᠢᠯ ᠢᠶᠠᠨ ᠠᠯᠳᠠᠬᠤ ᠵᠡᠷᠭᠡ ᠠᠰᠠᠭᠤᠳᠠᠯ ᠢ ᠡᠷᠡᠰ ᠰᠡᠷᠭᠡᠶᠢᠯᠡᠵᠦ ᠂ ᠰᠠᠬᠢᠯᠭ᠎ᠠ ᠪᠠᠲᠤ ᠶᠢᠨ ᠬᠠᠲᠠᠭᠤ ᠴᠢᠩᠭ᠎ᠠ ᠴᠢᠨᠠᠷ ᠪᠠ ᠲᠥᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠬᠤ ᠬᠡᠷᠡᠭᠲᠡᠢ ᠃ ︽ ᠬᠤᠶᠠᠷ ᠬᠠᠷᠢᠴᠠᠯᠠᠰᠢᠭᠦᠢ ︾ ᠴᠠᠭᠠᠷᠠᠭᠰᠠᠨ ᠡᠩᠨᠡᠭᠡ ᠶᠢ ᠬᠦᠴᠦᠯᠡᠨ ᠳᠠᠪᠲᠠᠨ ᠪᠤᠯᠪᠠᠰᠤᠷᠠᠭᠤᠯᠵᠤ ᠂ ᠵᠣᠬᠢᠶᠠᠨ ᠪᠠᠶᠢᠭᠤᠯᠬᠤ ᠠᠵᠢᠯ ᠤᠨ ᠺᠠᠳ᠋ᠷ ᠰᠠᠬᠢᠯᠭ᠎ᠠ ᠪᠠᠲᠤ ᠶᠢ ᠡᠷᠬᠢᠮᠯᠡᠨ ᠶᠣᠰᠣ ᠳᠦᠷᠢᠮ ᠢ ᠰᠠᠬᠢᠬᠤ ᠳᠤ ᠡᠷᠬᠡᠪᠰᠢ ᠶᠠᠭᠤ ᠶᠢ ᠰᠠᠶᠢᠲᠤᠷ ᠬᠢᠬᠦ ᠬᠡᠷᠡᠭᠲᠡᠢ ᠭᠡᠳᠡᠭ ᠢ ᠲᠣᠳᠣᠷᠬᠠᠢ ᠣᠶᠢᠯᠠᠭᠠᠵᠤ ᠂ ᠴᠢᠩᠭ᠎ᠠ ᠰᠠᠬᠢᠯᠭ᠎ᠠ ᠪᠠᠲᠤ᠂ ᠪᠣᠳᠠᠲᠠᠢ ᠰᠤᠷᠲᠠᠯ ᠂ ᠠᠷᠢᠭᠤᠨ ᠴᠢᠬᠡᠴᠢ ᠬᠡᠪ ᠰᠤᠷᠲᠠᠯ ᠢᠶᠠᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ             ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠭᠦ ᠬᠥᠮᠦᠵᠢᠯ ᠤᠨ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ           ᠣᠷᠣᠪᠠ᠃ ᠬᠦᠦᠳᠠᠭᠤᠯᠠ᠂ ᠪᠦᠭᠦ ᠨᠠᠮ  ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠃ ᠨᠠᠮ ᠤᠨ ᠰᠠᠬᠢᠯᠭ᠎ᠠ ᠪᠠᠲᠤ ᠶᠢ ᠴᠢᠨᠠᠭᠰᠢᠳᠠ ᠴᠢᠩᠳᠠᠯᠠᠵᠤ᠂ ᠲᠥᠪ ᠴᠢᠬᠡᠴᠢ ᠰᠤᠷᠲᠠᠯ ᠢᠶᠠᠷ ᠠᠵᠢᠯ ᠬᠢᠵᠦ ᠦᠢᠯᠡᠰ ᠪᠣᠰᠬᠠᠬᠤ ᠤᠷᠮ᠎ᠠ ᠵᠣᠷᠢᠭ ᠢ ᠨᠢᠭᠲᠠᠷᠠᠭᠤᠯᠬᠤ           ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠭᠦᠨᠵᠡᠭᠡᠶᠢᠷᠡᠭᠦᠯᠬᠦ ᠰᠢᠩᠭᠡᠭᠡᠬᠦ ᠣᠨᠳᠣᠣᠰᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠠᠵᠠ ᠲᠣᠭᠢᠶᠠᠯ ᠪᠤᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠺᠠᠳ᠋ᠷ ᠪᠣᠯᠣᠨ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠠᠬᠢᠯᠭ᠎ᠠ ᠪᠠᠲᠤ ᠶᠢ ᠰᠤᠷᠤᠯᠴᠠᠬᠤ ᠂ ᠰᠠᠬᠢᠯᠭ᠎ᠠ ᠪᠠᠲᠤ ᠶᠢ ᠣᠶᠢᠯᠠᠭᠠᠬᠤ ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠪᠡ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠂ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠱᠦᠵᠢ ᠢᠦᠢ ᠯᠢ ᠰᠢᠨ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠪᠠᠭ ᠤᠨ ᠪᠦᠷᠢᠯᠳᠦᠭᠦᠨ ᠪᠣᠯᠣᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠡᠯ᠎ᠡ ᠭᠠᠵᠠᠷ ᠲᠠᠰᠤᠭ ᠤᠨ ᠬᠠᠷᠢᠭᠤᠴᠠᠯᠭᠠᠲᠠᠨ ᠨᠥᠬᠦᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠢᠦᠢ ᠯᠢ ᠰᠢᠨ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠵᠤ ᠂ ᠤᠬᠠᠮᠰᠠᠷ ᠠᠴᠠ ᠪᠠᠨ ︽ ᠬᠤᠶᠠᠷ ᠢ ᠲᠣᠭᠲᠠᠭᠠᠭᠰᠠᠨ ︾ ᠢ ᠬᠦᠷᠢᠶᠡᠯᠡᠬᠦ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠠᠴᠠ ᠨᠠᠮ  ᠤᠨ ᠤᠬᠠᠮᠰᠠᠷ ᠂ ᠰᠠᠬᠢᠯᠭ᠎ᠠ ᠪᠠᠲᠤ ᠶᠢᠨ ᠤᠬᠠᠮᠰᠠᠷ ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ ᠂ ᠦᠵᠡᠯ ᠰᠠᠨᠠᠭ᠎ᠠ ᠪᠠᠨ ᠨᠢᠭᠡᠳᠬᠡᠬᠦ ᠂ ᠵᠣᠷᠢᠭ ᠰᠠᠨᠠᠭ᠎ᠠ ᠪᠠᠨ ᠨᠢᠭᠡᠳᠬᠡᠬᠦ ᠳᠤᠮᠳᠠ ᠨᠢᠭᠡᠳᠦᠯᠲᠡᠢ ᠠᠵᠢᠯᠯᠠᠭ᠎ᠠ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠴᠢᠨᠠᠭᠰᠢᠳᠠ ᠨᠢᠭᠲᠠᠷᠠᠭᠤᠯᠬᠤ ᠬᠡᠷᠡᠭᠲᠡᠢ ᠃ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ︾ ᠢ ᠰᠢᠰᠲ᠋ᠧᠮ ᠲᠠᠢ ᠪᠦᠭᠦ ᠲᠠᠯ᠎ᠠ ᠪᠠᠷ ᠰᠤᠷᠤᠯᠴᠠᠨ ᠡᠵᠡᠮᠰᠢᠵᠦ᠂ ᠰᠠᠨᠠᠭᠠᠴᠢᠯᠠᠭ᠎ᠠ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠵᠤ ᠂ ᠰᠠᠬᠢᠯᠭ᠎ᠠ ᠪᠠᠲᠤ ᠶᠢ ᠣᠶᠢᠯᠠᠭᠠᠵᠤ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠵᠦ ᠂ ᠰᠠᠬᠢᠯᠭ᠎ᠠ ᠪᠠᠲᠤ ᠶᠢ ᠰᠠᠬᠢᠵᠤ᠂ ᠢᠯᠠᠩᠭᠤᠶ᠎ᠠ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠬᠤ  ᠶᠢ ᠲᠡᠷᠢᠭᠦᠨ ᠪᠠᠶᠢᠷᠢᠨ ᠳᠤ ᠲᠠᠯᠪᠢᠵᠤ᠂ ᠲᠡᠮᠦᠷ ᠮᠡᠲᠦ ᠰᠠᠬᠢᠯᠭ᠎ᠠ ᠪᠠᠲᠤ ᠶᠢ ᠦᠨᠡᠨ ᠬᠦ ᠡᠳᠦᠷ ᠲᠤᠲᠤᠮ ᠤᠨ ᠳᠠᠳᠬᠠᠯ ᠪᠠ ᠤᠬᠠᠮᠰᠠᠷᠲᠤ ᠦᠶ᠋ᠯᠡ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map