ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ  ᠤᠨ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠴᠢᠬᠤᠯᠠ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠰᠢᠨ᠎ᠡ ᠪᠠᠶᠢᠳᠠᠯ ᠳᠣᠣᠷ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠦᠨᠳᠦᠰᠦᠨ ᠠᠭᠤᠯᠤᠭᠳᠠᠬᠤᠨ ᠪᠣᠯᠣᠨ ᠭᠤᠣᠯ ᠡᠭᠦᠷᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ             ᠮᠡᠷᠭᠡᠵᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠶᠡᠷᠦᠩᠬᠡᠢ ᠱᠦᠵᠢ           ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂           ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ ᠪᠤᠳᠤᠯ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ           ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠣᠯᠭᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠪᠠ ᠬᠦᠴᠦᠨ ᠴᠢᠳᠠᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠬᠤ ᠬᠡᠷᠡᠭᠲᠡᠢ᠃ ᠬᠥᠭᠵᠢᠯᠲᠡ  ᠶᠢᠨ ᠪᠠᠴᠢᠮ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ ᠴᠢᠩᠭᠠᠷᠠᠭᠤᠯᠵᠤ᠂ ᠢᠯᠡᠭᠦᠬᠡᠨ ᠦᠷ᠎ᠡ ᠪᠦᠲᠦᠭᠡᠯ ᠭᠠᠷᠭᠠᠵᠤ ᠂ ᠲᠦᠷᠭᠡᠨ ᠦᠷ᠎ᠡ ᠪᠦᠲᠦᠭᠡᠯ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠬᠢᠭᠡᠳ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ  ᠠᠴᠠ ᠨᠢ ᠰᠢᠢᠳᠪᠦᠷᠢᠯᠡᠬᠦ ᠠᠷᠭ᠎ᠠ ᠪᠠᠷ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠲᠠᠯᠳᠠ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠵᠤ ᠰᠠᠶᠢᠲᠤᠷ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠪᠦᠭᠦ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ 6 ᠰᠠᠷ᠎ᠠ ᠶᠢᠨ 27 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠰᠠᠶᠢᠲᠤᠷ ᠲᠥᠯᠥᠪᠵᠢᠭᠦᠯᠵᠦ᠂ ᠰᠠᠶᠢᠲᠤᠷ ᠬᠡᠷᠡᠭᠵᠢᠭᠦᠯᠬᠦ ᠬᠡᠷᠡᠭᠲᠡᠢ᠃ ᠣᠨᠴᠠᠭᠠᠶᠢᠯᠠᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠴᠢᠭᠯᠡᠭᠦᠯᠦᠯᠲᠦ ᠴᠢᠨᠠᠷ ᠪᠠ ᠰᠢᠰᠲ᠋ᠧᠮᠲᠦ ᠴᠢᠨᠠᠷ ᠢ ᠴᠢᠩᠭᠠᠳᠬᠠᠵᠤ᠂ ᠪᠠᠶᠢᠭᠤᠯᠤᠮᠵᠢ ᠲᠣᠭᠲᠠᠴᠠ ᠠᠴᠠ ᠭᠠᠷᠳᠠᠵᠤ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠪᠣᠭᠤᠮᠢ ᠶᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃      ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ︽ ᠬᠤᠶᠠᠷ ᠰᠠᠭᠤᠷᠢᠨ ︾ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠂ ᠰᠢᠨ᠎ᠡ ᠡᠨᠧᠷᠭᠢ ᠂ ᠬᠤᠪᠣᠷ ᠰᠢᠷᠣᠢ ᠂ ᠮᠠᠯ ᠠᠵᠤ ᠠᠬᠤᠢ ᠲᠠᠷᠢᠶᠠᠯᠠᠩ ᠵᠡᠷᠭᠡ ᠳᠠᠪᠠᠭᠤᠯᠢᠭ ᠠᠵᠤ ᠦᠢᠯᠡᠰ ᠤᠨ ᠨᠠᠷᠢᠯᠢᠭ ᠠᠷᠠᠴᠢᠯᠠᠵᠤ ᠨᠠᠷᠢᠯᠢᠭ ᠲᠠᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠳᠠᠪᠠᠭᠤᠯᠢᠭ ᠢᠶᠠᠨ ᠨᠠᠩ ᠰᠠᠶᠢᠨ ᠳᠠᠪᠲᠠᠨ ᠪᠤᠯᠪᠠᠰᠤᠷᠠᠭᠤᠯᠬᠤ ᠪᠠᠷ ᠴᠢᠷᠮᠠᠶᠢᠬᠤ ᠬᠡᠷᠡᠭᠲᠡᠢ ᠃ ᠣᠷᠣᠨ ᠨᠤᠲᠤᠭ ᠤᠨ ᠣᠨᠴᠠᠯᠢᠭ ᠲᠠᠢ ᠂ ᠪᠣᠳᠠᠲᠠᠢ ᠬᠥᠭᠵᠢᠯᠲᠡ ᠳᠤ ᠬᠡᠷᠡᠭᠰᠡᠬᠦ ᠥᠭᠡᠷᠡᠴᠢᠯᠡᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ ᠠᠬᠢᠭᠤᠯᠵᠤ ᠂ ᠭᠠᠵᠠᠷ ᠰᠢᠷᠣᠢ ᠂ ᠴᠠᠭᠢᠯᠭᠠᠨ ᠬᠦᠴᠦᠨ ᠂ ᠦᠨ᠎ᠡ ᠬᠠᠩᠰᠢ ᠂ ᠨᠥᠬᠦᠪᠦᠷᠢ ᠣᠯᠭᠤᠬᠤ ᠵᠡᠷᠭᠡ ᠲᠠᠯ᠎ᠠ ᠶᠢᠨ ᠪᠣᠳᠠᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠰᠤᠳᠤᠯᠬᠤ ᠬᠡᠷᠡᠭᠲᠡᠢ ᠃ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠂ ᠪᠠᠶᠠᠷ ᠤᠨ ᠴᠠᠭᠢᠯᠭᠠᠨ ᠴᠢᠮᠡᠭᠡ ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠳᠤᠮᠳᠠᠳᠤ ᠠᠮᠧᠷᠢᠺᠠ ᠶᠢᠨ ᠠᠷᠠᠳ ᠤᠨ ᠰᠣᠯᠢᠯᠴᠠᠭ᠎ᠠ ᠶᠢ ᠠᠬᠢᠭᠤᠯᠬᠤ᠂ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠢᠯᠡᠰ ᠲᠤ ᠦᠢᠯᠡᠴᠢᠯᠡᠭᠡ ᠪᠠᠲᠤᠯᠠᠭ᠎ᠠ ᠬᠠᠩᠭᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map