ᠶᠠᠪᠤᠵᠤ ᠰᠤᠷᠤᠯᠴᠠᠬᠤ ᠤᠯᠤᠰ ᠲᠥᠷᠦ ᠦᠵᠡᠯ ᠰᠠᠨᠠᠭᠠᠨ ᠤ ᠬᠢᠴᠢᠶᠡᠯ — ᠰᠢᠯᠢ ᠭᠤᠣᠯ ᠠᠶᠢᠮᠠᠭ ᠪᠦᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/7/10
      ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠥᠷᠥ ᠶᠢᠨ ᠲᠣᠮᠤ ᠬᠢᠴᠢᠶᠡᠯ ᠤᠨ ᠰᠣᠯᠢᠯᠴᠠᠭᠠᠨ ᠤ ᠦᠵᠡᠭᠦᠯᠭᠡ ᠶᠢᠨ ᠠᠵᠢᠯᠯᠠᠭ᠎ᠠ ᠶᠢ ᠥᠷᠨᠢᠭᠦᠯᠪᠡ᠃   

1.webp.png

      ᠠᠬᠢᠭᠤᠯᠬᠤ ᠬᠤᠷᠠᠯ ᠳᠡᠭᠡᠷ᠎ᠡ᠂ ᠰᠢᠯᠢ ᠶᠢᠨ ᠭᠤᠣᠯ ᠠᠶᠢᠮᠠᠭ ︽ᠬᠥᠳᠡᠯᠮᠦᠷᠢ ᠶᠢᠨ ᠵᠢᠱᠢᠶᠡᠴᠢ ᠤᠷᠠᠨ

ᠳᠠᠷᠬᠠᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠡᠬᠢᠯᠡᠭᠦᠯᠦᠭᠰᠡᠨ ᠪᠥᠭᠡᠳ ︽ᠦᠵᠡᠯ

ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ

ᠲᠤᠬᠠᠶᠢᠯᠠᠪᠠᠯ᠂ ᠵᠠᠯᠠᠭᠤᠴᠤᠳ ᠪᠠᠭᠠᠴᠤᠳ  ᠤᠨ ᠰᠤᠷᠭᠠᠭᠤᠯᠢ ᠶᠢᠨ ᠭᠠᠳᠠᠨᠠᠬᠢ ᠦᠢᠯᠡᠳᠦᠯᠭᠡ ᠶᠢᠨ ᠰᠤᠷᠭᠠᠨ

ᠬᠥᠮᠦᠵᠢᠯ ᠤᠨ ᠰᠠᠭᠤᠷᠢᠨ ᠭᠠᠵᠠᠷ ᠢ ᠨᠡᠶᠢᠲᠡᠯᠡᠪᠡ᠃ ᠰᠢᠯᠢ ᠶᠢᠨ ᠭᠤᠣᠯ ᠠᠶᠢᠮᠠᠭ ᠤᠨ ᠰᠤᠷᠭᠠᠨ ᠬᠥᠮᠦᠵᠢᠯ ᠤᠨ

ᠲᠣᠪᠴᠢᠶ᠎ᠠ᠂ ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠥᠪᠥᠷ

ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ  ᠤᠨ ᠳᠡᠭᠡᠳᠦ

ᠰᠤᠷᠭᠠᠭᠤᠯᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ

ᠨᠢᠭᠡ ᠴᠣᠭᠴᠠᠵᠢᠭᠤᠯᠬᠤ ᠬᠠᠮᠲᠤ ᠶᠢᠨ ᠴᠣᠭᠴᠠ ᠶᠢᠨ ᠲᠥᠷᠥᠯ ᠵᠦᠢᠯ ᠢ ᠡᠬᠢᠯᠡᠭᠦᠯᠪᠡ᠃ ᠬᠤᠷᠠᠯ ᠳᠡᠭᠡᠷ᠎ᠡ ᠰᠢᠯᠢ ᠶᠢᠨ

ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠨᠠᠷ ︽ᠳᠤᠮᠳᠠᠳᠤ ᠶᠢᠨ ᠦᠨᠳᠦᠰᠦᠲᠡᠨ ᠤ ᠬᠠᠮᠲᠤ

 ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ︿ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ

ᠤᠴᠢᠷ﹀ ᠢ ᠭᠦᠨᠵᠡᠭᠡᠢ ᠡᠵᠡᠮᠳᠡᠬᠦ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠪᠡ᠃

      ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢᠨ

ᠰᠣᠯᠢᠯᠴᠠᠭᠠᠨ ᠤ ᠦᠵᠡᠭᠦᠯᠭᠡ ᠶᠢᠨ ᠭᠤᠭᠴᠤᠭ᠎ᠠ ᠳᠤ᠂ ᠦᠵᠡᠯ ᠰᠠᠨᠠᠭ᠎ᠠ ᠤᠯᠤᠰ ᠲᠥᠷᠥ ᠶᠢᠨ ᠰᠢᠨᠵᠢᠯᠡᠭᠡᠨ ᠤ

ᠰᠠᠯᠠᠭᠠᠨ ᠤ 4 ᠪᠠᠭᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠭᠤᠣᠯ ᠰᠡᠳᠦᠪ ᠤᠨ ᠲᠣᠭᠤᠷᠢᠨ ᠳᠤ᠂ ᠵᠢᠭᠠᠬᠤ ᠮᠠᠲ᠋ᠧᠷᠢᠶᠠᠯ ᠪᠣᠯᠤᠨ ᠰᠤᠷᠤᠯᠭ᠎ᠠ ᠶᠢᠨ ᠪᠠᠶᠢᠳᠠᠯ ᠠᠴᠠ

ᠡᠭᠦᠰᠴᠦ᠂ ᠡᠯ᠎ᠡ ᠰᠤᠷᠤᠯᠭ᠎ᠠ ᠶᠢᠨ ᠱᠠᠲᠤᠨ ᠤ ᠠᠬᠤᠢ ᠲᠠᠯᠠᠪᠠᠢ ᠶᠢᠨ ᠵᠢᠭᠠᠨ ᠰᠤᠷᠭᠠᠯᠲᠠ ᠶᠢᠨ ᠦᠵᠡᠭᠦᠯᠭᠡ ᠬᠢᠵᠡᠢ᠃

2.webp.png

      ᠳᠠᠷᠠᠭ᠎ᠠ ᠠᠯᠬᠤᠮ ᠳᠤ᠂ ᠰᠢᠯᠢ ᠶᠢᠨ ᠭᠤᠣᠯ ᠠᠶᠢᠮᠠᠭ ᠥᠪᠥᠷ ᠮᠣᠩᠭᠤᠯ ᠤᠨ ᠡᠳ᠋ ᠤᠨ ᠵᠠᠰᠠᠭ ᠠᠵᠤ

ᠠᠬᠤᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠢᠯᠣᠭᠤᠳᠣᠯᠭ᠎ᠠ ᠪᠠᠷ᠂

ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠵᠠᠩᠭᠢᠯᠠᠭ᠎ᠠ ᠶᠢᠨ ᠬᠢᠴᠢᠶᠡᠯ ᠤᠨ ᠦᠢᠯᠡᠳᠦᠯ ᠢ

ᠪᠠᠳᠠᠷᠠᠭᠤᠯᠬᠤ ᠳᠤ ᠠᠩᠬᠠᠷᠤᠯ ᠢᠶᠠᠨ ᠬᠠᠨᠳᠤᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠲᠣᠭᠲᠠᠴᠠ ᠶᠢ ᠪᠠᠶᠢᠭᠤᠯᠤᠨ

ᠲᠡᠭᠦᠯᠳᠡᠷᠵᠢᠭᠦᠯᠬᠦ᠂ ᠪᠠᠭᠰᠢ ᠶᠢᠨ ᠪᠣᠯᠪᠠᠰᠤᠷᠠᠯ ᠢ ᠥᠷᠨᠢᠭᠦᠯᠬᠦ᠂ ᠳᠠᠭᠤᠷᠢᠶᠠᠯ ᠦᠵᠡᠭᠦᠯᠬᠦ ︽ᠠᠯᠲᠠᠨ ᠬᠢᠴᠢᠶᠡᠯ︾ ᠢ

ᠪᠠᠶᠢᠭᠤᠯᠬᠤ᠂ ᠵᠢᠭᠠᠬᠤ ᠶᠢ ᠰᠤᠳᠤᠯᠬᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ᠂ ᠨᠡᠶᠢᠭᠡᠮ ᠤᠨ

ᠦᠢᠯᠡᠳᠦᠯᠭᠡ ᠶᠢ ᠠᠬᠢᠭᠤᠯᠬᠤ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠳᠤ ᠪᠠᠨ

ᠬᠤᠪᠢᠶᠠᠯᠴᠠᠨ ᠡᠳ᠋ᠯᠡᠬᠦ ᠵᠡᠷᠭᠡ ᠲᠠᠯ᠎ᠠ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂

ᠳᠡᠭᠡᠳᠦ ᠳᠣᠣᠷᠠᠳᠤ ᠱᠠᠲᠤ ᠪᠠᠷ ᠢᠶᠠᠨ ᠵᠣᠯᠭᠠᠯᠳᠤᠵᠤ᠂ ᠨᠡᠪᠲᠡᠷᠡᠭᠰᠡᠨ ᠦᠵᠡᠯ ᠰᠠᠨᠠᠭ᠎ᠠ ᠤᠯᠤᠰ ᠲᠥᠷᠥ ᠶᠢᠨ

ᠬᠢᠴᠢᠶᠡᠯ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯᠠᠭᠤᠯᠤᠯᠲᠠ ᠶᠢ ᠪᠠᠶᠢᠭᠤᠯᠵᠤ᠂ ᠦᠵᠡᠯ ᠰᠠᠨᠠᠭ᠎ᠠ ᠤᠯᠤᠰ

ᠲᠥᠷᠥ ᠶᠢᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map