ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠬᠤᠷᠠᠯᠳᠤᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠭᠢᠯᠡᠵᠦ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2024/7/10
      7 ᠰᠠᠷ᠎ᠠ ᠶᠢᠨ 8 ᠤ ᠡᠳᠦᠷ ᠂ ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤᠮᠳᠠᠬᠢ ᠥᠪᠥᠷ ᠮᠣᠩᠭᠤᠯ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯ ᠭᠠᠷᠳᠠᠴᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠶᠢᠨ ᠴᠡᠭ ᠪᠤᠯᠭᠠᠵᠤ᠂ ᠡᠬᠢ ᠪᠠᠶᠠᠯᠢᠭ ᠬᠦᠴᠦᠨ ᠴᠢᠳᠠᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

6385611647288728832400128.jpg

      7 ᠰᠠᠷ᠎ᠠ ᠶᠢᠨ 8 ᠤ ᠡᠳᠦᠷ᠂ ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ

ᠬᠤᠷᠠᠯ ᠭᠦᠭᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ

ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

      ᠮᠠ ᠵᠢᠶᠠᠨ ᠴᠢᠤᠸᠠᠨ ᠰᠡᠭᠦᠳᠡᠷᠯᠡᠪᠡ

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ

ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ

ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠂ ᠤᠯᠤᠰ ᠲᠥᠷᠥ ᠶᠢᠨ

ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ ᠃

      ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ  ᠶᠢᠨ ᠭᠡᠰᠢᠭᠦᠨ ᠂ 

ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ︽ ︿ ᠰᠣᠳᠣᠨ ᠴᠢᠳᠠᠪᠤᠷᠢᠲᠠᠨ ᠢᠶᠠᠷ ᠥᠪᠥᠷ

ᠮᠣᠩᠭᠤᠯ ᠢᠶᠠᠨ ᠮᠠᠨᠳᠤᠭᠤᠯᠬᠤ ﹀ ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ

ᠰᠠᠨᠠᠯ︾ ᠳᠤ ᠲᠠᠶᠢᠯᠤᠮᠵᠢ ᠬᠢᠵᠦ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ

︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ

ᠲᠤᠬᠠᠢ ᠬᠡᠷᠡᠭᠵᠢᠭᠦᠯᠬᠦ ᠰᠠᠨᠠᠯ︾ ᠳᠤ ᠲᠠᠶᠢᠯᠤᠮᠵᠢ ᠬᠢᠪᠡ ᠃ ᠰᠦᠨ ᠱᠤᠤ ᠴᠧᠩ ᠂ ᠸᠠᠩ ᠯᠢ ᠰᠢᠶᠠ ᠤᠯᠤᠰ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠦᠷᠲᠡᠭᠴᠢ ᠵᠠᠩ ᠾᠧ ᠫᠢᠩ᠂ ᠯᠦ ᠵᠠᠨ ᠶᠤᠸᠠᠨ ᠳᠤ

ᠱᠠᠩᠨᠠᠯ ᠤᠨ ᠮᠥᠩᠭᠦ ᠣᠯᠭᠤᠵᠤ ᠂ ᠳᠠᠯᠠᠨ ᠬᠠᠷ᠎ᠠ ᠠᠭᠤᠯᠠ ᠲᠤᠷᠰᠢᠯᠲᠠ ᠶᠢᠨ ᠲᠠᠰᠤᠭ ᠂ ᠣᠷᠳᠣᠰ ᠲᠤᠷᠰᠢᠯᠲᠠ ᠶᠢᠨ

ᠲᠠᠰᠤᠭ ᠲᠤ ᠫᠠᠶᠢᠰᠠ ᠣᠯᠭᠤᠪᠠ ᠃

      ᠰᠦᠨ ᠱᠤᠤ ᠴᠧᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠭᠡᠢ ᠪᠣᠯ

ᠤᠷᠤᠭᠰᠢᠯᠠᠬᠤ᠂ ᠳᠠᠪᠰᠢᠬᠤ ᠲᠤᠯᠭᠠᠭᠤᠷᠢᠯᠠᠯ ᠪᠠᠶᠢᠵᠤ ᠴᠢᠳᠠᠬᠤ ᠦᠭᠡᠢ ᠶᠤᠮ᠃ ᠥᠪᠥᠷ ᠮᠣᠩᠭᠤᠯ ᠤᠨ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠶᠢ ᠬᠥᠭᠵᠢᠭᠰᠡᠨ ᠭᠠᠵᠠᠷ ᠣᠷᠣᠨ ᠤ ᠬᠢ ᠲᠠᠢ ᠬᠠᠷᠢᠴᠠᠭᠤᠯᠪᠠᠯ ᠪᠠᠭ᠎ᠠ

ᠪᠤᠰᠤ ᠵᠥᠷᠢᠶ᠎ᠡ ᠲᠠᠢ ᠶᠤᠮ ᠂ ᠢᠩᠭᠢᠬᠦ ᠲᠤᠳᠤᠮ ᠨᠡᠩ ᠢᠯᠡᠭᠦᠦ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ

ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠠᠶᠢᠬᠤ ᠬᠡᠷᠡᠭᠲᠡᠢ ᠃ ᠣᠯᠠᠨ ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ

ᠳᠡᠮᠵᠢᠨ ᠂ ᠮᠠᠨ ᠤ ᠣᠷᠣᠨ ᠤ ᠵᠠᠷᠢᠮ ᠬᠦᠷᠢᠶᠡᠨ ᠤ ᠮᠡᠷᠭᠡᠵᠢᠯ ᠡᠮᠦᠨ᠎ᠡ ᠡᠩᠨᠡᠭᠡᠨ ᠳᠤ ᠬᠤᠰᠢᠭᠤᠷᠠᠵᠤ᠂ ᠡᠨᠡ ᠬᠤᠶᠠᠷ

ᠵᠢᠯ ᠳᠤ ᠪᠦᠭᠦ ᠣᠷᠣᠨ ᠤ ᠤᠯᠤᠰ ᠤᠨ ᠲᠠᠰ ᠤᠨ ᠱᠠᠩᠨᠠᠯ ᠭᠥᠷᠳᠡᠭᠰᠡᠨ ᠪᠠ ᠤᠯᠤᠰ ᠤᠨ ᠲᠠᠰ ᠤᠨ ᠲᠥᠯᠥᠪᠯᠡᠭᠡ ᠳᠤ

ᠣᠷᠣᠭᠰᠠᠨ ᠴᠢᠳᠠᠪᠤᠷᠢᠲᠠᠨ ᠤ ᠲᠤᠭ᠎ᠠ ᠶᠡᠭᠡ ᠪᠠᠷ ᠳᠡᠭᠡᠭᠰᠢᠯᠡᠵᠦ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ 

ᠦᠷ᠎ᠡ ᠪᠦᠲᠦᠭᠡᠯ ᠢ ᠲᠤᠬᠠᠢ ᠶᠢᠨ ᠭᠠᠵᠠᠷ ᠣᠷᠣᠨ ᠳᠠᠭᠠᠨ ᠣᠨᠳᠣᠣᠰᠢᠭᠤᠯᠬᠤ ᠲᠠᠯ᠎ᠠ ᠪᠠᠷ ᠢᠯᠡᠳᠲᠡ ᠦᠷ᠎ᠡ

ᠪᠦᠲᠦᠮᠵᠢ ᠣᠯᠵᠠᠢ᠂ ᠡᠶᠢᠮᠦ ᠰᠠᠶᠢᠨ ᠬᠠᠨᠳᠤᠰᠢ ᠲᠠᠢ ᠪᠠᠶᠢᠬᠤ ᠶᠢᠨ ᠳᠡᠭᠡᠷ᠎ᠡ ᠤᠯᠤᠰ ᠠᠴᠠ ᠠᠯᠢ ᠣᠯᠠᠨ ᠲᠥᠷᠥ ᠶᠢᠨ

ᠪᠣᠳᠣᠯᠭ᠎ᠠ ᠶᠢᠨ ᠳᠡᠮᠵᠢᠯᠭᠡ ᠦᠵᠡᠭᠦᠯᠦᠭᠰᠡᠨ ᠠᠴᠠ ᠮᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ

ᠡᠭᠦᠳᠬᠦ ᠲᠠᠯ᠎ᠠ ᠪᠠᠷ ᠬᠢ ᠠᠯᠤᠰ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠶᠤᠮ ᠃ ᠣᠷᠣᠨ ᠳᠠᠶᠠᠭᠠᠷ ᠢᠶᠠᠨ

ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ ᠂ ︽ ᠪᠢ ᠬᠥᠮᠥᠨ ᠢ ᠬᠦᠷᠬᠦ ᠦᠭᠡᠢ ︾ ᠭᠡᠬᠦ ᠪᠤᠳᠤᠯ ᠢᠶᠠᠨ

ᠲᠠᠶᠠᠭᠳᠠᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠨᠢᠭᠡ ᠰᠡᠳᠬᠢᠯ ᠨᠢᠭᠡ ᠵᠣᠷᠢᠭ ᠢᠶᠠᠷ

ᠯᠠᠪᠳᠠᠭᠤᠨ ᠪᠠᠲᠤᠲᠠᠢ ᠠᠵᠢᠯᠯᠠᠵᠤ ᠂ ᠴᠤᠴᠠᠯᠲᠠ ᠦᠭᠡᠢ ᠤᠷᠤᠭᠰᠢᠯᠠᠳᠠᠭ ᠯᠠ ᠶᠤᠮ ᠪᠣᠯ ᠥᠪᠥᠷ ᠮᠣᠩᠭᠤᠯ ᠤᠨ

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠯᠠᠪᠲᠠᠢ ᠭᠡᠷᠡᠯ ᠭᠢᠯᠪᠠᠭ᠎ᠠ ᠰᠠᠴᠤᠷᠠᠭᠤᠯᠬᠤ ᠪᠣᠯᠣᠨ᠎ᠠ ᠭᠡᠵᠡᠢ ᠃

      ᠰᠦᠨ ᠱᠤᠤ ᠴᠧᠩ᠂ ᠨᠢᠳᠤᠨᠤᠨ ᠵᠢᠯ ᠤᠨ ᠰᠡᠭᠦᠯᠴᠢ ᠪᠠᠷ ᠥᠪᠡᠷᠲᠡᠭᠡᠨ ᠵᠠᠰᠠᠬᠤ ᠣᠷᠣᠨ  ᠤ ᠨᠠᠮ ᠤᠨ

ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ

ᠪᠠᠶᠢᠷᠢᠯᠠᠭᠤᠯᠤᠨ ᠬᠡᠷᠡᠭᠵᠢᠭᠦᠯᠪᠡ᠂ ︽ᠪᠦᠰᠡᠯᠡᠯᠲᠡ ᠰᠢᠪᠲᠤᠯᠬᠤ︾ ᠪᠣᠯ ᠠᠵᠢᠯ ᠤᠨ ᠠᠷᠭ᠎ᠠ ᠠᠪᠴᠠᠯ ᠮᠥᠨ᠂ ᠨᠡᠩ ᠴᠤ

ᠨᠢᠭᠡ ᠵᠦᠢᠯ ᠤᠨ ᠣᠶᠢᠯᠠᠭᠠᠭᠳᠠᠬᠤᠨ ᠮᠥᠨ᠃ ᠬᠠᠷᠠᠯᠲᠠ ᠪᠠᠨ ᠪᠠᠲᠤ ᠡᠵᠡᠮᠳᠡᠵᠦ᠂ ᠪᠣᠬᠢᠷᠳᠤᠯ ᠦᠭᠡᠢ ᠬᠥᠭᠵᠢᠯᠲᠡ ᠪᠠᠷ

ᠦᠨᠳᠦᠰᠦᠨ ᠭᠦᠭ ᠠᠶᠠᠰ ᠪᠤᠯᠭᠠᠵᠤ᠂ ᠪᠠᠭ᠎ᠠ ᠨᠡᠭᠦᠷᠡᠰᠦᠲᠥ᠋ᠷᠥᠭᠴᠢᠲᠦ ᠡᠨᠧᠷᠭᠢ᠂ ᠳᠡᠭᠡᠳᠦ ᠴᠢᠳᠠᠪᠬᠢᠲᠤ ᠮᠠᠲ᠋ᠧᠷᠢᠶᠠᠯ᠂ 

ᠪᠣᠬᠢᠷᠳᠤᠯ ᠦᠭᠡᠢ ᠪᠣᠳᠣᠯᠲᠠ ᠶᠢᠨ ᠬᠦᠴᠦᠨ᠂ ᠠᠮᠢ ᠨᠠᠰᠤᠨ ᠤ ᠡᠷᠡᠭᠦᠯ ᠮᠡᠨᠳᠦ᠂ ᠤᠳᠤ ᠦᠶ᠎ᠡ ᠶᠢᠨ ᠮᠠᠯ ᠠᠵᠤ ᠠᠬᠤᠢ

ᠲᠠᠷᠢᠶᠠᠯᠠᠩ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠤᠳᠠᠭᠠᠨ ᠳᠠᠭᠠᠭᠠᠮᠠᠭᠠᠢ ᠪᠠᠷ 

ᠵᠢᠳᠬᠦᠯ ᠴᠢᠷᠮᠠᠶᠢᠯᠭ᠎ᠠ ᠭᠠᠷᠭᠠᠵᠤ᠂ ᠵᠣᠷᠢᠯᠭ᠎ᠠ ᠳᠠᠭᠠᠨ ᠵᠠᠪᠠᠯ ᠬᠦᠷᠬᠦ ᠬᠡᠷᠡᠭᠲᠡᠢ᠃ ᠡᠩ ᠤᠨ ᠵᠤᠷᠰᠢᠯ ᠢ ᠡᠪᠳᠡᠵᠦ᠂ 

ᠵᠠᠷᠤᠳᠠᠯ ᠤᠨ ᠣᠷᠣᠭᠤᠯᠤᠯᠲᠠ᠂ ᠠᠵᠢᠯᠲᠠᠨ ᠤ ᠴᠠᠯᠢᠩ ᠣᠯᠭᠤᠮᠵᠢ᠂ ᠴᠢᠬᠤᠯᠠ ᠬᠦᠴᠦᠨ ᠵᠦᠢᠯ ᠤᠨ ᠳᠡᠮᠵᠢᠯᠭᠡ᠂ 

ᠦᠢᠯᠡᠴᠢᠯᠡᠭᠡ ᠪᠠᠲᠤᠯᠠᠭ᠎ᠠ ᠵᠡᠷᠭᠡ ᠲᠠᠯ᠎ᠠ ᠪᠠᠷ ᠤᠨᠴᠠᠭᠠᠢ ᠠᠷᠭ᠎ᠠ ᠬᠡᠮᠵᠢᠶ᠎ᠡ ᠠᠪᠴᠤ᠂ ᠤᠨᠴᠠᠭᠠᠢ ᠪᠠᠷ ᠭᠦᠢᠴᠡᠳᠬᠡᠬᠦ

ᠶᠣᠰᠣᠲᠠᠢ ᠤᠨᠴᠠᠭᠠᠢ ᠶᠠᠪᠤᠳᠠᠯ ᠢ ᠨᠢ ᠤᠨᠴᠠᠭᠠᠢ ᠪᠠᠷ ᠭᠦᠢᠴᠡᠳᠬᠡᠬᠦ ᠬᠡᠷᠡᠭᠲᠡᠢ᠃ ᠳᠦᠷᠢᠮ ᠲᠣᠭᠲᠠᠭᠠᠯ ᠢ ᠡᠷᠬᠢᠮᠯᠡᠨ᠂ 

︽ᠪᠦᠰᠡᠯᠡᠯᠲᠡ ᠰᠢᠪᠲᠤᠯᠬᠤ︾ ᠶᠡᠷᠦᠩᠬᠡᠢ ᠬᠠᠷᠠᠯᠲᠠ ᠶᠢᠨ ᠲᠣᠭᠤᠷᠢᠨ ᠳᠤ ᠳᠡᠰ ᠳᠠᠪᠬᠤᠷᠭ᠎ᠠ ᠬᠤᠪᠢᠶᠠᠨ ᠪᠠᠶᠢᠯᠳᠤᠵᠤ᠂ 

ᠤᠯᠠᠨ ᠲᠠᠯ᠎ᠠ ᠪᠠᠷ ︽ᠪᠦᠰᠡᠯᠡᠯᠲᠡ ᠰᠢᠪᠲᠤᠯᠬᠤ︾᠂ ᠪᠦᠭᠦ ᠱᠤᠭᠤᠮ ᠢᠶᠠᠷ ︽ ᠪᠦᠰᠡᠯᠡᠯᠲᠡ ᠰᠢᠪᠲᠤᠯᠬᠤ ︾ ᠪᠠᠷ 

ᠴᠢᠷᠮᠠᠶᠢᠬᠤ ᠬᠡᠷᠡᠭᠲᠡᠢ ᠭᠡᠵᠡᠢ᠃

      ᠰᠦᠨ ᠱᠤᠤ ᠴᠧᠩ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠰᠢᠨ᠎ᠡ ᠶᠢ

ᠡᠭᠦᠳᠬᠦ ᠠᠵᠢᠯ ᠨᠡᠬᠡᠨ ᠭᠦᠢᠴᠡᠵᠦ ᠳᠠᠪᠠᠨ ᠭᠠᠷᠬᠤ ᠶᠢ ᠪᠡᠶᠡᠯᠡᠭᠦᠯᠬᠦ ᠳᠤ ᠪᠠᠶᠢᠭᠤᠯᠤᠮᠵᠢ ᠲᠣᠭᠲᠠᠴᠠ ᠨᠢ ᠵᠠᠪᠠᠯ

ᠠᠮᠢᠳᠤᠯᠢᠭ ᠪᠠᠶᠢᠬᠤ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠬᠥᠮᠥᠵᠢᠭᠦᠯᠬᠦ ᠠᠷᠭ᠎ᠠ

ᠭᠡᠯᠪᠡᠷᠢ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠠᠶᠢᠨ ᠰᠠᠶᠢᠬᠠᠨ ᠨᠥᠬᠦᠴᠡᠯ ᠢᠶᠠᠷ

ᠬᠥᠮᠥᠨ ᠢ ᠣᠷᠣᠭᠤᠯᠤᠨ ᠠᠪᠴᠢᠷᠠᠵᠤ᠂ ᠠᠯᠤᠰ ᠭᠡᠳᠦ ᠶᠢᠨ ᠬᠠᠷᠠᠴᠠ ᠪᠠᠷ ᠬᠥᠮᠥᠨ ᠢ ᠬᠥᠮᠥᠵᠢᠭᠦᠯᠵᠦ᠂ ᠡᠯ᠎ᠡ ᠬᠦᠷᠢᠶ᠎ᠡ

ᠡᠯ᠎ᠡ ᠳᠠᠪᠬᠤᠷᠭ᠎ᠠ ᠶᠢᠨ ᠲᠦᠷᠦ ᠶᠢᠨ ᠪᠣᠳᠣᠯᠭ᠎ᠠ᠂ ᠳᠦᠷᠢᠮ ᠴᠥᠮ ᠡᠭᠦᠨ ᠳᠤ ᠬᠦᠴᠦ ᠣᠷᠣᠭᠤᠯᠤᠨ᠂ ᠲᠦᠭᠦᠮ

ᠦᠵᠡᠭᠦᠯᠵᠦ ᠳᠡᠶᠢᠯᠭᠦ ᠵᠦᠢᠯ ᠳᠤ ᠡᠷᠬᠡᠪᠰᠢ ᠲᠦᠭᠦᠮ ᠦᠵᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ

ᠵᠠᠷᠤᠳᠠᠯ ᠢ ᠰᠠᠶᠢᠲᠤᠷ ᠪᠡᠯᠡᠳᠬᠡᠨ ᠬᠡᠷᠡᠭᠯᠡᠵᠦ᠂ ᠵᠣᠭᠤᠰ ᠢᠶᠠᠨ ᠤᠨᠢᠨ ᠳᠡᠭᠡᠷ᠎ᠡ ᠨᠢ ᠵᠠᠷᠤᠵᠤ᠂ ᠵᠣᠭᠤᠰ ᠢ ᠵᠠᠷᠤᠬᠤ ᠳᠤ

ᠳᠦᠭᠦᠮ ᠪᠤᠯᠭᠠᠬᠤ ᠬᠡᠷᠡᠭᠲᠡᠢ᠃ ᠤᠳᠤ ᠶᠢᠨ ᠪᠠᠶᠢᠭ᠎ᠠ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠠᠰᠢᠭᠯᠠᠵᠤ᠂ ᠨᠢᠭᠡ

ᠪᠦᠯᠦᠭ ᠤᠯᠤᠰ ᠤᠨ ᠲᠡᠰ ᠤᠨ ᠰᠢᠨ᠎ᠡ ᠲᠠᠪᠴᠠᠩ ᠢ ᠴᠢᠷᠮᠠᠶᠢᠨ ᠪᠠᠶᠢᠭᠤᠯᠵᠤ᠂ ᠰᠤᠳᠤᠯᠤᠨ ᠨᠡᠭᠡᠭᠡᠯᠲᠡ ᠳᠤ 

︽ᠲᠠᠪᠴᠠᠩ︾ ᠢ ᠰᠠᠶᠢᠲᠤᠷ ᠴᠣᠭᠴᠠᠯᠠᠵᠤ ᠥᠭᠬᠦ ᠬᠡᠷᠡᠭᠲᠡᠢ᠃ ᠬᠡᠷᠡᠭᠴᠡᠭᠡ ᠪᠠᠷ ᠲᠦᠷᠦᠯ ᠵᠦᠢᠯ ᠢ ᠲᠣᠭᠲᠠᠭᠠᠬᠤ᠂ 

ᠬᠠᠩᠭᠠᠯᠭ᠎ᠠ ᠬᠡᠷᠡᠭᠴᠡᠭᠡ ᠶᠢ ᠤᠷᠢᠳᠴᠢᠯᠠᠨ ᠵᠣᠯᠭᠠᠭᠤᠯᠬᠤ᠂ ᠬᠡᠷᠡᠭᠴᠡᠭᠡ ᠪᠠᠷ ᠬᠠᠩᠭᠠᠯᠭ᠎ᠠ ᠶᠢ ᠲᠣᠭᠲᠠᠭᠠᠬᠤ ᠶᠢ

ᠪᠠᠷᠢᠮᠲᠠᠯᠠᠵᠤ᠂ ᠰᠤᠳᠤᠯᠭᠠᠨ ᠨᠢ ᠬᠡᠷᠡᠭᠴᠡᠭᠡ ᠲᠠᠢ ᠪᠠᠶᠢᠬᠤ᠂ ᠬᠠᠩᠭᠠᠯᠭ᠎ᠠ ᠨᠢ ᠬᠡᠷᠡᠭᠴᠡᠭᠡ ᠳᠤ ᠨᠡᠶᠢᠴᠡᠬᠦ ᠶᠢ ᠪᠠᠲᠤᠯᠠᠬᠤ

ᠬᠡᠷᠡᠭᠲᠡᠢ᠃ ᠦᠷ᠎ᠡ ᠪᠦᠲᠦᠭᠡᠯ ᠢ ᠰᠠᠶᠢᠲᠤᠷ ᠣᠨᠳᠣᠣᠰᠢᠭᠤᠯᠤᠨ ᠬᠡᠷᠡᠭᠯᠡᠵᠦ᠂ ᠰᠢᠨᠵᠢᠯᠡᠬᠦ ᠤᠬᠠᠭᠠᠨ ᠤ ᠰᠤᠳᠤᠯᠭᠠᠲᠠᠳ ᠢ

ᠨᠡᠷ᠎ᠡ ᠲᠦᠷᠦ ᠲᠠᠢ ᠪᠤᠯᠭᠠᠬᠤ ᠪᠥᠭᠡᠳ ᠪᠣᠳᠠᠲᠠᠢ ᠠᠰᠢᠭ ᠬᠦᠷᠲᠡᠭᠡᠬᠦ ᠬᠡᠷᠡᠭᠲᠡᠢ᠃ ᠰᠢᠨᠵᠢᠯᠡᠬᠦ ᠤᠬᠠᠭᠠᠨ ᠤ

ᠰᠤᠳᠤᠯᠭᠠᠨ ᠤ ᠵᠢᠮ᠎ᠡ ᠶᠣᠰᠣ ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠣᠯᠣᠨ ᠠᠵᠤ ᠠᠬᠤᠢ ᠶᠢᠨ ᠵᠢᠮ᠎ᠡ ᠶᠣᠰᠣ ᠶᠢ

ᠵᠢᠷᠤᠮᠯᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠴᠢᠯᠦᠭᠡᠲᠡᠢ

ᠰᠦᠪᠡᠭᠴᠢᠯᠡᠬᠦ ᠣᠷᠣᠨ ᠵᠠᠢ ᠣᠯᠭᠤᠵᠤ᠂ ᠠᠵᠤ ᠠᠬᠤᠶᠢᠯᠠᠯ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ

ᠠᠬᠤᠶᠢᠯᠠᠯ ᠤᠨ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ

ᠴᠢᠩᠭᠠᠳᠬᠠᠵᠤ᠂ ᠥᠷᠭᠡᠨ ᠤᠯᠠᠨ ᠲᠦᠮᠡᠨ ᠳᠤ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ ᠶᠢ ᠨᠡᠩ ᠢᠯᠡᠭᠦᠦ

ᠣᠶᠢᠯᠠᠭᠠᠭᠤᠯᠤᠨ ᠡᠵᠡᠮᠰᠢᠭᠦᠯᠵᠦ ᠂ ᠪᠦᠭᠦ ᠠᠷᠠᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ

ᠬᠡᠷᠡᠭᠲᠡᠢ ᠭᠡᠪᠡ ᠃

      ᠰᠦᠨ ᠱᠤᠤ ᠴᠧᠩ ᠂ ︽ ᠪᠦᠰᠡᠯᠡᠯᠲᠡ ᠰᠢᠪᠲᠤᠯᠬᠤ ︾ ᠂ ᠨᠡᠬᠡᠨ ᠭᠦᠢᠴᠡᠵᠦ ᠳᠠᠪᠠᠨ ᠭᠠᠷᠬᠤ ᠶᠢ 

ᠪᠡᠶᠡᠯᠡᠭᠦᠯᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠲᠦᠢᠯ ᠤᠨ

ᠴᠢᠬᠤᠯᠠ ᠶᠤᠮ ᠃ ᠣᠷᠣᠨ ᠳᠠᠶᠠᠭᠠᠷ ᠢᠶᠠᠨ ᠰᠢᠨᠵᠢᠯᠡᠬᠦ ᠤᠬᠠᠭᠠᠨ ᠢ ᠳᠡᠭᠡᠳᠦᠯᠡᠵᠦ ᠂ ᠦᠨᠡᠨ ᠬᠦ ᠠᠳᠬᠤᠨ ᠪᠣᠳᠠᠲᠠᠢ

ᠠᠵᠢᠯᠯᠠᠵᠤ ᠂ ᠬᠦᠯᠢᠴᠡᠩᠭᠦᠢ ᠪᠤᠰᠤ ᠪᠠᠶᠢᠬᠤ ᠶᠢ ᠴᠢᠩᠭ᠎ᠠ ᠴᠡᠭᠡᠷᠯᠡᠵᠦ ᠂ ᠬᠢᠷᠢ ᠭᠡᠮ ᠨᠠᠰᠤ ᠵᠢᠯ ᠦᠵᠡᠬᠦ ᠶᠢ ᠴᠢᠩᠭ᠎ᠠ

ᠴᠡᠭᠡᠷᠯᠡᠵᠦ ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠡᠭᠡᠷᠯᠡᠬᠦ ᠬᠡᠷᠡᠭᠲᠡᠢ ᠃ ᠡᠯ᠎ᠡ ᠭᠠᠵᠠᠷ ᠣᠷᠣᠨ

ᠡᠯ᠎ᠡ ᠰᠠᠯᠠᠭ᠎ᠠ ᠮᠥᠴᠢᠷ ᠤᠨ ᠬᠢᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠨᠢᠭᠡᠳᠦᠯᠲᠡᠢ ᠲᠥᠯᠥᠪᠵᠢᠭᠦᠯᠦᠨ

ᠬᠤᠯᠪᠤᠭᠠᠯᠠᠨ ᠬᠥᠳᠡᠯᠦᠯᠴᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠯ᠎ᠡ ᠲᠥᠷᠥᠯ ᠤᠨ ᠠᠵᠤ

ᠠᠬᠤᠶᠢᠯᠠᠯ ᠤᠨ ᠬᠢᠨ ᠴᠢᠭᠯᠡᠭᠦᠯᠦᠯᠲᠦ ᠴᠢᠨᠠᠷᠲᠠᠢ ᠪᠠᠷ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ

ᠠᠵᠢᠯ ᠥᠷᠨᠢᠭᠦᠯᠵᠦ᠂ ᠰᠢᠨᠵᠢᠯᠡᠬᠦ ᠤᠬᠠᠭᠠᠨ  ᠤ ᠰᠤᠳᠤᠯᠭᠠᠨ ᠤ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠶᠢ

ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠬᠢᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠬᠡᠷᠡᠭᠴᠡᠭᠡ ᠳᠤ ᠣᠨᠣᠴᠠᠲᠠᠢ ᠵᠣᠯᠭᠠᠭᠤᠯᠤᠨ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ ᠪᠠᠨ

ᠴᠢᠩᠭᠠᠳᠬᠠᠵᠤ᠂ ᠯᠠᠪᠳᠠᠭᠤᠨ ᠪᠠᠲᠤᠲᠠᠢ ᠦᠨᠡᠨ ᠪᠣᠳᠠᠲᠠᠢ ᠪᠠᠷ ᠰᠤᠳᠤᠯᠤᠨ ᠨᠡᠭᠡᠭᠡᠬᠦ ᠬᠡᠷᠡᠭᠲᠡᠢ᠃ ᠥᠷᠭᠡᠨ ᠤᠯᠠᠨ

ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯᠲᠠᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ

ᠪᠠᠳᠠᠷᠠᠭᠤᠯᠵᠤ᠂ ︽ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ︾ ᠵᠣᠷᠢᠭ ᠢ ᠡᠪᠦᠷᠯᠡᠨ ᠨᠢᠭᠡ ᠰᠡᠳᠬᠢᠯ ᠢᠶᠠᠷ ᠰᠤᠳᠤᠯᠵᠤ ᠂ 

ᠲᠠᠷᠢᠶᠠᠨ ᠭᠠᠵᠠᠷ᠂ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠢᠯᠡᠭᠦᠬᠡᠨ ᠭᠦᠨᠵᠡᠭᠡᠶᠢᠷᠡᠵᠦ ᠠᠰᠠᠭᠤᠳᠠᠯ ᠢ

ᠢᠯᠡᠷᠡᠭᠦᠯᠦᠨ ᠰᠢᠢᠳᠪᠦᠷᠢᠯᠡᠬᠦ ᠬᠡᠷᠡᠭᠲᠡᠢ ᠭᠡᠪᠡ ᠃

      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ 

ᠡᠳ᠋ ᠤᠨ ᠵᠠᠰᠠᠭ ᠤᠨ ᠲᠢᠩᠬᠢᠮ᠂ ᠣᠷᠳᠣᠰ ᠬᠤᠲᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ

ᠰᠤᠷᠭᠠᠭᠤᠯᠢ ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ ᠥᠪᠥᠷ

ᠮᠣᠩᠭᠤᠯ ᠤᠨ ᠴᠠᠭᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠺᠤᠮᠫᠠᠨᠢ ᠂ ᠪᠤᠭᠤᠲᠤ ᠬᠤᠲᠠ ᠶᠢᠨ ᠶᠢᠩ ᠰᠧ ᠲᠧ

ᠬᠤᠪᠣᠷ ᠰᠢᠷᠣᠢ ᠲᠣᠭᠲᠠᠮᠠᠯ ᠰᠣᠷᠢᠨᠵᠢᠨ ᠤ ᠰᠢᠨ᠎ᠡ ᠮᠠᠲ᠋ᠧᠷᠢᠶᠠᠯ ᠤᠨ ᠺᠤᠮᠫᠠᠨᠢ ᠶᠢᠨ ᠬᠤᠯᠪᠣᠭᠳᠠᠯ ᠪᠦᠬᠦᠢ

ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ ᠃

      ᠬᠤᠷᠠᠯ ᠨᠢ ᠸᠢᠳᠢᠤ᠋ ᠶᠢᠨ ᠭᠡᠯᠪᠡᠷᠢ ᠪᠠᠷ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ

ᠰᠠᠯᠠᠭ᠎ᠠ ᠮᠥᠴᠢᠷ ᠨᠢᠭᠡᠴᠢ ᠂ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ

ᠭᠠᠵᠠᠷ ᠂ ᠭᠤᠣᠯᠳᠠᠯᠭ᠎ᠠ ᠲᠠᠢ ᠠᠵᠤ ᠠᠬᠤᠶᠢᠯᠠᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ

ᠠᠵᠤ ᠠᠬᠤᠶᠢᠯᠠᠯ ᠵᠢᠴᠢ ᠰᠢᠨ᠎ᠡ ᠶᠢ ᠡᠭᠦᠳᠬᠦ ᠲᠠᠪᠴᠠᠩ ᠤᠨ ᠭᠤᠣᠯ ᠬᠠᠷᠢᠭᠤᠴᠠᠯᠭᠠᠲᠠᠨ ᠨᠥᠬᠦᠳ ᠂ ᠰᠢᠨᠵᠢᠯᠡᠬᠦ

ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ

ᠣᠷᠣᠯᠴᠠᠵᠤ ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ ᠂ ᠡᠷᠢᠶᠡᠨ ᠬᠤᠲᠠ ᠳᠤ ᠬᠤᠪᠢᠶᠠᠷᠢ ᠬᠤᠷᠠᠯ ᠤᠨ

ᠲᠠᠯᠠᠪᠠᠶ ᠲᠣᠬᠢᠷᠠᠭᠤᠯᠪᠠ ᠃

 

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map