ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠭᠠᠯ ᠰᠡᠷᠭᠡᠶᠢᠯᠡᠬᠦ ᠲᠤᠰᠬᠠᠢ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/7/12
      ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠰᠡᠷᠭᠡᠶᠢᠯᠡᠬᠦ ᠡᠩᠨᠡᠭᠡᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠰᠦᠪᠡᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠦᠭᠡ᠂ 7 ᠳ᠋ᠤᠭᠠᠷ ᠰᠠᠷ᠎ᠠ ᠶᠢᠨ 10 - 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠢᠶᠠᠷᠬᠤ ᠠᠵᠢᠯᠲᠠᠨ ᠤ ᠭᠠᠯ ᠰᠡᠷᠭᠡᠶᠢᠯᠡᠬᠦ ᠲᠤᠰᠬᠠᠢ ᠮᠡᠷᠭᠡᠵᠢᠯ ᠤᠨ ᠪᠣᠯᠪᠠᠰᠤᠷᠠᠯ ᠢ ᠡᠷᠬᠢᠯᠡᠪᠡ᠃   

1.webp.png

      ᠪᠣᠯᠪᠠᠰᠤᠷᠠᠯ ᠢ ᠬᠤᠶᠠᠷ ᠬᠤᠭᠤᠴᠠᠭ᠎ᠠ ᠡᠷᠬᠢᠯᠡᠵᠦ᠂ ᠣᠨᠣᠯ ᠤᠨ ᠲᠠᠶᠢᠯᠤᠮᠵᠢ᠂ ᠵᠢᠱᠢᠶ᠎ᠡ ᠦᠵᠡᠭᠦᠯᠬᠦ᠂ ᠪᠣᠳᠠᠲᠠᠢ

ᠠᠵᠢᠯᠯᠠᠭ᠎ᠠ ᠶᠢ ᠬᠠᠷᠢᠯᠴᠠᠨ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠠᠷᠭ᠎ᠠ ᠪᠠᠷ ᠳᠠᠮᠵᠢᠭᠤᠯᠤᠨ᠂

ᠰᠤᠷᠭᠠᠭᠤᠯᠢ ᠶᠢᠨ ᠬᠦᠷᠢᠶᠡᠨ ᠳᠤ ᠠᠮᠤᠷ ᠲᠦᠪᠰᠢᠨ ᠴᠠᠬᠢᠯᠭᠠᠨ ᠬᠡᠷᠡᠭᠯᠡᠬᠦ᠂ ᠭᠠᠯ ᠤᠨᠲᠠᠷᠠᠭᠠᠬᠤ ᠪᠡᠯᠡᠳᠬᠡᠮᠵᠢ ᠶᠢ

ᠬᠡᠷᠡᠭᠯᠡᠬᠦ ᠪᠠ ᠬᠠᠮᠠᠭᠠᠯᠠᠬᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ

ᠲᠠᠯ᠎ᠠ ᠶᠢᠨ ᠲᠣᠭᠤᠷᠢᠨ ᠳᠤ ᠣᠨᠣᠯ ᠪᠠ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠪᠡ᠃ ᠪᠣᠯᠪᠠᠰᠤᠷᠠᠯ ᠳᠠᠭᠤᠰᠤᠭᠰᠠᠨ ᠤ

ᠳᠠᠷᠠᠭ᠎ᠠ ᠪᠣᠯᠪᠠᠰᠤᠷᠠᠯ ᠳᠤ ᠣᠷᠣᠯᠴᠠᠭᠰᠠᠳ ᠭᠠᠯ ᠤᠨᠲᠠᠷᠠᠭᠠᠬᠤ ᠪᠡᠯᠡᠳᠬᠡᠮᠵᠢ ᠶᠢ ᠠᠵᠢᠯᠯᠠᠭᠤᠯᠬᠤ ᠳᠤᠮᠳᠠ ᠵᠡᠷᠭᠡ ᠶᠢᠨ

ᠠᠵᠢᠯᠴᠢᠨ ᠤ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠢ ᠰᠢᠯᠭᠠᠨ ᠠᠪᠴᠤ᠂ ᠰᠤᠷᠭᠠᠨ ᠬᠥᠮᠦᠵᠢᠯ ᠤᠨ

ᠰᠢᠰᠲ᠋ᠧᠮ ᠤᠨ ᠬᠢᠨ ᠭᠠᠯ ᠰᠡᠷᠭᠡᠶᠢᠯᠡᠬᠦ ᠲᠤᠰᠬᠠᠢ ᠮᠡᠷᠭᠡᠵᠢᠯ ᠤᠨ ᠠᠵᠢᠯᠲᠠᠨ ᠦᠨᠡᠮᠯᠡᠯ ᠲᠠᠢ ᠠᠵᠢᠯ ᠤᠨ ᠪᠠᠶᠢᠷᠢ ᠳᠤ

ᠭᠠᠷᠬᠤ ᠶᠢ ᠦᠨᠡᠨ ᠬᠦ ᠪᠠᠲᠤᠯᠠᠪᠠ᠃

      ᠡᠨᠡ ᠤᠳᠠᠭᠠᠨ ᠤ ᠪᠣᠯᠪᠠᠰᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠰᠤᠷᠭᠠᠨ

ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠡᠯ᠎ᠡ ᠠᠶᠢᠮᠠᠭ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠭᠠᠯ

ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠬᠠᠷᠢᠭᠤᠴᠠᠯᠭᠠᠲᠠᠨ ᠵᠢᠴᠢ ᠠᠯᠪᠠᠨ ᠠᠴᠠ ᠡᠷᠬᠢᠯᠡᠭᠰᠡᠨ ᠳᠡᠭᠡᠳᠦ

ᠰᠤᠷᠭᠠᠭᠤᠯᠢ ᠶᠢᠨ ᠡᠯ᠎ᠡ ᠰᠤᠷᠭᠠᠭᠤᠯᠢ ᠶᠢᠨ ᠲᠣᠭᠤᠷᠢᠭ ᠤᠨ ᠭᠠᠯ ᠰᠡᠷᠭᠡᠶᠢᠯᠡᠬᠦ ᠠᠮᠤᠷ ᠲᠦᠪᠰᠢᠨ ᠤ

ᠬᠠᠮᠢᠶᠠᠷᠤᠯᠲᠠ ᠶᠢᠨ ᠬᠠᠷᠢᠭᠤᠴᠠᠯᠭᠠᠲᠠᠨ 220 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map