ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ — ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾ ᠤᠨ ᠬᠢᠴᠢᠶᠡᠯ ᠤᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠵᠢᠴᠢ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/7/12
      ᠲᠦᠷᠦᠭᠦᠬᠡᠨ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾ ᠤᠨ ᠬᠢᠴᠢᠶᠡᠯ ᠤᠨ ᠪᠠᠶᠢᠭᠤᠯᠤᠯᠲᠠ ᠶᠢᠨ ᠰᠤᠳᠤᠯᠤᠨ ᠶᠠᠷᠢᠯᠴᠠᠬᠤ ᠬᠤᠷᠠᠯ ᠵᠢᠴᠢ ᠵᠢᠭᠠᠨ ᠰᠤᠷᠭᠠᠯᠲᠠ ᠶᠢᠨ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠳᠡᠳ᠋ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠯᠢ ᠶᠢᠩ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠤᠰᠬᠠᠢ ᠲᠤᠰᠢᠶᠠᠯᠲᠤ ᠭᠡᠰᠢᠭᠦᠨ ᠠᠯᠲᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠰᠤᠷᠭᠠᠭᠤᠯᠢ ᠶᠢᠨ ᠵᠠᠬᠢᠷᠤᠯ ᠵᠣᠣ ᠶᠦᠨ ᠱᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠰᠤᠳᠤᠯᠤᠨ ᠶᠠᠷᠢᠯᠴᠠᠬᠤ ᠬᠤᠷᠠᠯ ᠤᠨ ᠭᠤᠣᠯ ᠵᠣᠷᠢᠯᠲᠠᠲᠤ ᠮᠡᠳᠡᠭᠦᠯᠦᠯᠲᠡ ᠪᠠ ᠵᠢᠭᠠᠨ ᠰᠤᠷᠭᠠᠯᠲᠠ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠬᠤᠪᠢᠶᠠᠯᠴᠠᠨ ᠡᠳ᠋ᠯᠡᠬᠦ ᠭᠤᠭᠴᠣᠭᠠᠨ ᠳᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾ ᠤᠨ ᠬᠢᠴᠢᠶᠡᠯ ᠤᠨ ᠨᠢᠭᠡᠳᠦᠭᠡᠷ ᠹᠷᠣᠨᠲ ᠤᠨ 14 ᠪᠠᠭᠰᠢ ᠵᠢᠭᠠᠬᠤ ᠮᠠᠲ᠋ᠧᠷᠢᠶᠠᠯ ᠤᠨ ᠬᠡᠰᠡᠭ ᠪᠦᠯᠦᠭ ᠤᠨ ᠲᠣᠭᠤᠷᠢᠨ ᠳᠤ ᠵᠢᠱᠢᠶ᠎ᠡ ᠦᠵᠡᠭᠦᠯᠬᠦ ᠦᠵᠡᠭᠦᠯᠭᠡ ᠬᠢᠪᠡ᠃ ᠳᠦᠪ ᠤᠨ ᠣᠢᠠᠲᠣᠰᠣᠲᠠᠨ ᠤ ᠶᠡᠭᠡ ᠰᠤᠷᠭᠠᠭᠤᠯᠢ ᠪᠣᠯᠤᠨ ᠪᠠᠷᠠᠭᠤᠨ ᠡᠮᠦᠨᠡᠲᠦ ᠶᠢᠨ ᠣᠢᠠᠲᠣᠰᠣᠲᠠᠨ ᠤ ᠶᠡᠭᠡ ᠰᠤᠷᠭᠠᠭᠤᠯᠢ ᠶᠢᠨ ᠫᠷᠣᠹᠧᠰᠰᠣᠷ ᠡᠷᠳᠡᠮᠲᠡᠳ ᠠᠳᠠᠯᠢ ᠪᠤᠰᠤ ᠲᠠᠯ᠎ᠠ ᠠᠴᠠ ᠭᠠᠷᠳᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾ ᠤᠨ ᠲᠣᠭᠤᠷᠢᠨ ᠳᠤ ᠣᠨᠣᠯ ᠤᠨ ᠰᠢᠨ᠎ᠡ ᠡᠭᠦᠳᠦᠯᠲᠡ᠂ ᠬᠢᠴᠢᠶᠡᠯ ᠤᠨ ᠪᠠᠶᠢᠭᠤᠯᠤᠯᠲᠠ ᠵᠡᠷᠭᠡ ᠲᠠᠯ᠎ᠠ ᠶᠢᠨ ᠮᠡᠳᠡᠭᠦᠯᠦᠯᠲᠡ ᠶᠢ ᠬᠤᠪᠢᠶᠠᠯᠴᠠᠨ ᠡᠳ᠋ᠯᠡᠪᠡ᠃ 

1.webp.png

      ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ

︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾  ᠤᠨ ᠵᠢᠱᠢᠶ᠎ᠡ ᠦᠵᠡᠭᠦᠯᠬᠦ

ᠬᠢᠴᠢᠶᠡᠯ ᠤᠨ ᠦᠵᠡᠭᠦᠯᠭᠡ ᠳᠤ ᠣᠷᠣᠯᠴᠠᠭᠰᠠᠨ ᠪᠠᠭᠰᠢ ᠳᠤ ᠦᠨᠡᠮᠯᠡᠯ ᠣᠯᠭᠤᠪᠠ

      ᠡᠨᠡ ᠤᠳᠠᠭᠠᠨ ᠤ ᠠᠵᠢᠯᠯᠠᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ

ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ

ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠣᠷᠣᠨ ᠤ ᠶᠡᠭᠡ

ᠳᠡᠭᠡᠳᠦ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠣᠭᠴᠠᠯᠠᠬᠤ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠨᠢᠭᠡ ᠤᠳᠠᠭᠠᠨ ᠤ ᠠᠮᠢᠳᠤᠯᠢᠭ

ᠦᠢᠯᠡᠳᠦᠯᠭᠡ ᠪᠣᠯᠤᠨ᠎ᠠ᠃ ᠬᠤᠷᠠᠯ ᠠᠴᠠ᠂ ᠪᠦᠬᠦ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ

︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾ ᠭᠡᠬᠦ ᠬᠢᠴᠢᠶᠡᠯ ᠢ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠰᠤᠷᠭᠠᠨ ᠬᠥᠮᠦᠵᠢᠯ

ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠠᠭᠤᠰᠬᠠᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ          

ᠲᠣᠶᠢᠮᠤᠯᠠᠯ︾ ᠤᠨ ᠵᠢᠭᠠᠬᠤ ᠮᠠᠲ᠋ᠧᠷᠢᠶᠠᠯ ᠢ ᠦᠷᠭᠦᠯᠵᠢᠯᠡᠨ ᠰᠠᠶᠢᠲᠤᠷ ᠠᠰᠢᠭᠯᠠᠨ ᠰᠠᠶᠢᠲᠤᠷ ᠶᠠᠷᠢᠵᠤ᠂

ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠢᠨ᠎ᠡ ᠶᠢ ᠡᠭᠦᠳᠬᠦ ᠶᠢ ᠦᠨᠡᠨ ᠬᠦ

ᠭᠦᠨᠵᠡᠭᠡᠶᠢᠷᠡᠭᠦᠯᠬᠦ ᠬᠡᠷᠡᠭᠲᠡᠢ᠃ ᠡᠬᠢ ᠪᠠᠶᠠᠯᠢᠭ ᠪᠠ ᠬᠦᠴᠦᠨ ᠴᠢᠳᠠᠯ ᠢ ᠴᠢᠩᠭ᠎ᠠ ᠲᠣᠬᠢᠷᠠᠭᠤᠯᠵᠤ᠂ ︽ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠯᠠᠯ︾ ᠤᠨ ︽ᠠᠯᠳᠠᠨ ᠬᠢᠴᠢᠶᠡᠯ︾ ᠢ ᠪᠦᠬᠦ

ᠬᠦᠴᠦᠨ ᠢᠶᠠᠷ ᠴᠣᠭᠴᠠᠯᠠᠵᠤ᠂ ᠬᠥᠮᠦᠨ ᠬᠥᠮᠦᠵᠢᠭᠦᠯᠬᠦ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ

ᠪᠠᠳᠠᠷᠠᠭᠤᠯᠬᠤ ᠬᠡᠷᠡᠭᠲᠡᠢ᠃ ᠪᠠᠭᠰᠢ ᠶᠢᠨ ᠡᠩᠨᠡᠭᠡᠨ ᠤ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ ᠠᠵᠢᠯ

ᠨᠢᠭᠡᠲᠡᠨ ᠤ ᠰᠣᠯᠢᠯᠴᠠᠵᠤ ᠰᠤᠳᠤᠯᠤᠨ ᠶᠠᠷᠢᠯᠴᠠᠬᠤ ᠪᠠᠷ ᠳᠠᠮᠵᠢᠭᠤᠯᠤᠨ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ

ᠲᠣᠯᠢᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠳᠠᠭᠤᠷᠢᠶᠠᠯ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ

ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ

ᠥᠪᠡᠷᠮᠢᠴᠡ ᠭᠢᠯᠠᠰ ᠴᠡᠭ ᠢ ᠨᠡᠩ ᠰᠠᠶᠢᠲᠤᠷ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃

 

2.webp.png

      ᠡᠨᠡ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂

ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠵᠦ᠂ ᠥᠪᠥᠷ

ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠳᠠᠭᠠᠭᠠᠴᠢᠯᠠᠨ ᠡᠷᠬᠢᠯᠡᠪᠡ᠃ ᠲᠥᠪ ᠤᠨ ᠦᠨᠳᠦᠰᠦᠲᠡᠨ ᠤ

ᠶᠡᠭᠡ ᠰᠤᠷᠭᠠᠭᠤᠯᠢ᠂ ᠪᠠᠷᠠᠭᠤᠨ ᠡᠮᠦᠨᠡᠲᠦ ᠣᠷᠣᠨ ᠤ ᠦᠨᠳᠦᠰᠦᠲᠡᠨ ᠤ ᠶᠡᠭᠡ ᠰᠤᠷᠭᠠᠭᠤᠯᠢ ᠶᠢᠨ ᠲᠤᠰᠬᠠᠢ

ᠮᠡᠷᠭᠡᠵᠢᠯᠲᠡᠨ ᠡᠷᠳᠡᠮᠲᠡᠨ ᠪᠣᠯᠤᠨ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ

ᠲᠥᠷᠥ ᠶᠢᠨ ᠬᠢᠴᠢᠶᠡᠯ ᠤᠨ ᠪᠠᠭᠰᠢ ᠶᠢᠨ ᠲᠥᠯᠥᠭᠡᠯᠡᠭᠴᠢ ᠪᠦᠬᠦ ᠶᠠᠪᠤᠴᠠ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map