ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠦᠶ᠎ᠡ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ 2024 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
      7 ᠳ᠋ᠤᠭᠠᠷ ᠰᠠᠷ᠎ᠠ ᠶᠢᠨ 8 - 11 ᠤ ᠡᠳᠦᠷ᠂ 2024 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠤᠯᠤᠰ ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ  ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠸᠠᠩ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠭᠦᠸᠧ ᠾᠥᠩ ᠹᠧᠢ ᠪᠠᠶᠠᠷ ᠤᠨ ᠦᠭᠡ ᠬᠡᠯᠡᠵᠡᠢ᠃   

1.webp.png

      ᠬᠤᠷᠠᠯ ᠳᠡᠭᠡᠷ᠎ᠡ ᠥᠩᠭᠡᠷᠡᠭᠰᠡᠨ ᠨᠢᠭᠡ ᠵᠢᠯ ᠭᠠᠷᠤᠢ ᠶᠢᠨ ᠲᠤᠷᠰᠢᠬᠢ ᠪᠡᠭᠡᠵᠢᠩ ᠥᠪᠥᠷ ᠮᠣᠩᠭᠤᠯ᠂ ᠱᠠᠩᠬᠠᠢ

ᠥᠪᠥᠷ ᠮᠣᠩᠭᠤᠯ᠂ ᠱᠠᠨᠰᠢ ᠥᠪᠥᠷ ᠮᠣᠩᠭᠤᠯ ᠵᠢᠴᠢ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ

ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠠᠵᠢᠯ ᠤᠨ ᠠᠬᠢᠴᠠ ᠪᠣᠯᠤᠨ ᠣᠯᠤᠭᠰᠠᠨ ᠠᠮᠵᠢᠯᠲᠠ ᠶᠢ

ᠳ᠋ᠦᠩᠨᠡᠵᠦ᠂ ᠣᠳᠣᠬᠠᠨ ᠤ ᠤᠯᠤᠰ  ᠤᠨ ᠳᠣᠲᠣᠭᠠᠳᠤ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠳᠤ

ᠣᠷᠣᠰᠢᠵᠤ ᠪᠠᠶᠢᠭ᠎ᠠ ᠳᠤᠲᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠵᠠᠳᠠᠯᠤᠭᠰᠠᠨ ᠪᠥᠭᠡᠳ ᠳᠠᠷᠠᠭ᠎ᠠ

ᠠᠯᠬᠤᠮ ᠤᠨ ᠠᠵᠢᠯ ᠢ ᠪᠠᠶᠢᠷᠢᠯᠠᠭᠤᠯᠪᠠ᠃

      ᠬᠤᠷᠠᠯ ᠠᠴᠠ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠤᠯᠤᠰ ᠤᠨ

ᠳᠣᠲᠣᠭᠠᠳᠤ ᠶᠢᠨ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠰᠣᠯᠢᠯᠴᠠᠭᠠᠨ ᠤ ᠠᠵᠢᠯ ᠤᠨ

ᠪᠠᠷᠠᠯᠠᠯᠲᠤ ᠴᠢᠨᠠᠷᠲᠠᠢ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠥᠯᠥᠪᠵᠢᠭᠦᠯᠭᠡ ᠪᠠ ᠪᠦᠬᠦᠯᠢ ᠴᠣᠭᠴᠠ ᠶᠢᠨ

ᠴᠢᠨᠠᠷᠲᠠᠢ ᠠᠬᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠬᠠᠮᠵᠢᠯᠴᠠᠬᠤ ᠲᠥᠯᠥᠪᠵᠢᠭᠦᠯᠭᠡ ᠶᠢ ᠬᠠᠮᠲᠤ ᠳᠤ ᠪᠠᠨ

ᠵᠥᠪᠯᠡᠬᠦ᠂ ᠡᠬᠢ ᠪᠠᠶᠠᠯᠢᠭ ᠤᠨ ᠮᠡᠳᠡᠭᠡ ᠵᠠᠩᠭᠢ ᠶᠢ  ᠬᠠᠮᠲᠤ ᠳᠤ ᠪᠠᠨ ᠨᠡᠪᠲᠡᠷᠡᠭᠦᠯᠬᠦ ᠠᠵᠢᠯ ᠤᠨ ᠲᠣᠭᠲᠠᠴᠠ ᠶᠢ

ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠯᠡᠨ ᠬᠤᠯᠪᠤᠯᠳᠤᠨ ᠬᠥᠳᠡᠯᠦᠯᠴᠡᠬᠦ ᠶᠢ

ᠴᠢᠩᠭᠠᠷᠠᠭᠤᠯᠤᠨ᠂ ᠲᠣᠭᠤᠷᠢᠭ ᠬᠤᠲᠠ᠂ ᠰᠠᠯᠠᠭ᠎ᠠ ᠮᠥᠴᠢᠷ᠂ ᠰᠤᠷᠭᠠᠭᠤᠯᠢ ᠵᠡᠷᠭᠡ ᠡᠯ᠎ᠡ ᠱᠠᠲᠤ ᠳᠠᠪᠬᠤᠷᠭ᠎ᠠ

ᠨᠢᠭᠡᠳᠦᠯᠲᠡᠢ ᠲᠥᠯᠥᠪᠯᠡᠨ ᠠᠬᠢᠭᠤᠯᠵᠤ᠂ ᠳᠡᠭᠡᠳᠦ ᠳᠣᠣᠷᠠᠳᠤ ᠱᠠᠲᠤ ᠬᠤᠯᠪᠤᠯᠳᠤᠨ ᠬᠥᠳᠡᠯᠦᠯᠴᠡᠵᠦ᠂

ᠵᠣᠬᠢᠴᠠᠭᠤᠯᠤᠨ ᠬᠠᠮᠵᠢᠯᠴᠠᠬᠤ ᠠᠵᠢᠯ ᠤᠨ ᠪᠠᠶᠢᠷᠢᠰᠢᠯᠠᠭᠤᠯᠤᠯᠲᠠ ᠶᠢ ᠪᠤᠢ ᠪᠣᠯᠭᠠᠬᠤ ᠬᠡᠷᠡᠭᠲᠡᠢ᠃ ᠲᠤᠰ ᠨᠢᠭᠡᠴᠢ ᠶᠢᠨ

 ᠢᠶᠠᠨ ᠣᠷᠣᠨ ᠪᠦᠰᠡ ᠶᠢᠨ ᠬᠠᠮᠲᠤᠷᠠᠯᠴᠠᠭᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ

ᠤᠬᠠᠭᠠᠨᠴᠢ ᠪᠠᠷ ᠲᠥᠯᠥᠪᠵᠢᠭᠦᠯᠵᠦ᠂ ᠵᠢᠯ ᠤᠨ ᠲᠥᠷᠥᠯ ᠵᠦᠢᠯ ᠤᠨ ᠲᠥᠯᠥᠪᠯᠡᠭᠡ ᠶᠢ ᠵᠦᠢ ᠵᠣᠬᠢᠰᠲᠠᠢ ᠲᠣᠭᠲᠠᠭᠠᠵᠤ᠂

ᠲᠥᠯᠦᠪᠯᠡᠭᠡᠨ ᠤ ᠠᠭᠤᠯᠭ᠎ᠠ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠬᠤ ᠬᠡᠷᠡᠭᠲᠡᠢ᠃ ᠴᠡᠭ ᠢᠶᠠᠷ ᠨᠡᠶᠢᠳᠡᠮ ᠢ

ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠲᠤᠰ ᠨᠢᠭᠡᠴᠢ ᠪᠣᠯᠤᠨ ᠲᠤᠰ ᠭᠠᠵᠠᠷ ᠣᠷᠣᠨ ᠤ ᠨᠢᠭᠡᠨᠲᠡ ᠪᠠᠶᠢᠭ᠎ᠠ

ᠬᠠᠮᠲᠤᠷᠠᠯᠴᠠᠭᠠᠨ ᠤ ᠡᠬᠢ ᠪᠠᠶᠠᠯᠢᠭ ᠢ ᠠᠮᠢᠳᠤᠯᠢᠭᠵᠢᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠰᠠᠶᠢᠲᠤᠷ ᠬᠡᠷᠡᠭᠯᠡᠬᠦ

ᠬᠡᠷᠡᠭᠲᠡᠢ᠃ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂

ᠰᠠᠨᠠᠭᠠᠴᠢᠯᠠᠭ᠎ᠠ ᠠᠴᠠ ᠪᠠᠨ ᠬᠤᠷᠰᠢᠶᠠᠯᠠᠭᠰᠠᠨ ᠨᠢᠭᠡᠴᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠵᠤ

ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠰᠤᠷᠪᠤᠯᠵᠢᠯᠠᠨ ᠨᠡᠪᠲᠡᠷᠡᠯᠴᠡᠵᠦ᠂ ᠬᠠᠮᠲᠤ ᠳᠤ ᠪᠠᠨ ᠪᠠᠶᠢᠭᠤᠯᠬᠤ

ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠡᠷᠳᠡᠮ ᠰᠢᠨᠵᠢᠯᠡᠭᠡᠨ ᠤ ᠪᠣᠭᠤᠮᠲᠠ ᠰᠢᠪᠲᠤᠯᠬᠤ᠂ ᠬᠤᠯᠪᠤᠭᠠᠯᠠᠨ

ᠲᠥᠷᠥᠯ ᠵᠦᠢᠯ ᠮᠡᠳᠡᠭᠦᠯᠬᠦ᠂ ᠴᠢᠳᠠᠪᠤᠷᠢᠲᠠᠨ ᠬᠥᠮᠦᠵᠢᠭᠦᠯᠵᠦ ᠰᠣᠯᠢᠯᠴᠠᠬᠤ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ

ᠴᠢᠩᠭᠠᠳᠬᠠᠬᠤ ᠬᠡᠷᠡᠭᠲᠡᠢ᠃ ᠣᠷᠣᠨ ᠤ ᠭᠠᠳᠠᠨᠠᠬᠢ ᠲᠤᠰᠬᠠᠢ ᠮᠡᠷᠭᠡᠵᠢᠯᠲᠡᠨ ᠡᠷᠳᠡᠮᠲᠡᠨ᠂ ᠬᠤᠯᠪᠤᠭᠳᠠᠬᠤ ᠨᠢᠭᠡᠴᠢ ᠶᠢ

ᠤᠷᠢᠨ ᠮᠠᠨ ᠤ ᠣᠷᠣᠨ ᠳᠤ ᠢᠷᠡᠭᠦᠯᠵᠦ ᠬᠢᠴᠢᠶᠡᠯ ᠲᠠᠶᠢᠯᠪᠤᠷᠢᠯᠠᠬᠤ᠂ ᠰᠤᠷᠭᠠᠨ ᠬᠥᠮᠦᠵᠢᠯ ᠢ ᠳᠡᠮᠵᠢᠵᠦ ᠬᠠᠪᠰᠤᠷᠤᠨ

ᠲᠡᠳᠬᠦᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠥᠷᠨᠢᠭᠦᠯᠬᠦ

ᠬᠡᠷᠡᠭᠲᠡᠢ᠃ ᠲᠥᠷᠥᠯ ᠵᠦᠢᠯ ᠤᠨ ᠦᠷ᠎ᠡ ᠪᠦᠲᠦᠮᠵᠢ ᠰᠠᠶᠢᠨ᠂ ᠪᠠᠭᠰᠢ ᠰᠤᠷᠤᠭᠴᠢᠳ ᠤᠨ ᠬᠠᠨᠤᠮᠵᠢ ᠶᠢᠨ ᠬᠡᠮᠵᠢᠶ᠎ᠡ

ᠥᠨᠳᠥᠷ᠂ ᠦᠷᠭᠦᠯᠵᠢᠯᠡᠬᠦ ᠴᠢᠨᠠᠷ ᠢᠶᠠᠷ ᠥᠨᠳᠥᠷ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠤᠨ ᠴᠢᠨᠠᠷ

ᠴᠢᠨᠰᠠᠭ᠎ᠠ ᠶᠢ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠴᠢᠬᠤᠯᠠᠴᠢᠯᠠᠨ᠂ ᠲᠦᠷᠦᠯ ᠲᠡᠮᠳᠡᠭᠲᠦ ᠶᠢ ᠲᠥᠯᠥᠪᠵᠢᠭᠦᠯᠬᠦ

ᠤᠬᠠᠮᠰᠠᠷ ᠢ ᠪᠣᠢ ᠪᠣᠯᠭᠠᠵᠤ᠂ ᠲᠤᠷᠰᠢᠯᠭ᠎ᠠ ᠠᠷᠭ᠎ᠠ ᠪᠠᠷᠢᠯ ᠢ ᠨᠢᠭᠲᠠᠷᠠᠭᠤᠯᠵᠤ᠂ ᠣᠷᠣᠨ ᠪᠦᠰᠡ ᠶᠢᠨ

ᠬᠠᠮᠲᠤᠷᠠᠯᠴᠠᠭᠠᠨ ᠤ ᠠᠵᠢᠯ ᠤᠨ ᠰᠢᠰᠲ᠋ᠧᠮᠵᠢᠭᠰᠡᠨ᠂ ᠲᠦᠷᠦᠯ ᠲᠡᠮᠳᠡᠭᠵᠢᠭᠰᠡᠨ ᠬᠥᠭᠵᠢᠯᠲᠡ ᠶᠢ ᠠᠬᠢᠭᠤᠯᠤᠨ᠂

ᠵᠥᠷᠢᠶᠡᠴᠢᠯᠡᠭᠰᠡᠨ᠂ ᠤᠯᠠᠨ ᠡᠰᠢᠵᠢᠭᠦᠯᠦᠭᠰᠡᠨ ᠣᠷᠣᠨ ᠪᠦᠰᠡ ᠶᠢᠨ ᠬᠠᠮᠲᠤᠷᠠᠯᠴᠠᠭᠠᠨ ᠤ ᠪᠠᠶᠢᠷᠢᠰᠢᠯᠠᠭᠤᠯᠤᠯᠲᠠ ᠶᠢ

ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃

      ᠬᠤᠷᠠᠯ ᠤᠨ ᠬᠤᠭᠤᠴᠠᠭᠠᠨ ᠳᠤ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ ᠤᠨ ᠵᠥᠪᠯᠡᠯ᠂ ᠱᠠᠨᠰᠢ

ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ᠂ ᠯᠢᠶᠣᠤᠨᠢᠩ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ᠂

ᠤᠮᠠᠷᠠᠲᠤ ᠣᠷᠣᠨ ᠤ ᠴᠠᠬᠢᠯᠭᠠᠨ ᠬᠦᠴᠦᠨ ᠤ ᠶᠡᠭᠡ ᠰᠤᠷᠭᠠᠭᠤᠯᠢ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂

ᠵᠧᠵᠢᠶᠠᠩ ᠪᠦᠲᠦᠭᠡᠨ ᠪᠠᠶᠢᠭᠤᠯᠤᠯᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠨᠢᠭᠡᠴᠢ ᠶᠢᠨ ᠬᠠᠮᠢᠶ᠎ᠠ

ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠪᠠ ᠰᠤᠷᠭᠠᠭᠤᠯᠢ ᠶᠢᠨ ᠤᠳᠤᠷᠢᠳᠤᠯᠭ᠎ᠠ ᠤᠷᠢᠳ ᠬᠤᠵᠢᠳ ᠭᠤᠣᠯ

ᠵᠣᠷᠢᠯᠲᠠᠲᠤ ᠮᠡᠳᠡᠭᠦᠯᠦᠯᠲᠡ ᠪᠠ ᠲᠤᠰᠬᠠᠢ ᠰᠡᠳᠦᠪᠲᠦ ᠲᠠᠶᠢᠯᠤᠮᠵᠢ ᠬᠢᠪᠡ᠃ ᠥᠪᠥᠷ ᠮᠣᠩᠭᠤᠯ ᠤᠨ ᠶᠡᠭᠡ

ᠰᠤᠷᠭᠠᠭᠤᠯᠢ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ᠂ ᠬᠢᠩᠭᠠᠨ ᠠᠵᠢᠯ ᠮᠡᠷᠭᠡᠵᠢᠯ ᠤᠨ

ᠳᠡᠭᠡᠳᠦ ᠰᠤᠷᠭᠠᠭᠤᠯᠢ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨᠴᠠᠪ ᠬᠤᠲᠠ ᠶᠢᠨ

ᠰᠤᠷᠭᠠᠨ ᠬᠥᠮᠦᠵᠢᠯ ᠤᠨ ᠲᠣᠪᠴᠢᠶ᠎ᠠ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ

ᠲᠤᠷᠰᠢᠯᠭ᠎ᠠ ᠪᠠᠨ ᠬᠤᠪᠢᠶᠠᠯᠴᠠᠪᠠ᠃ ᠡᠭᠦᠨ ᠠᠴᠠ ᠭᠠᠳᠠᠨ᠎ᠠ᠂ ᠬᠤᠷᠠᠯ ᠳᠤ ᠣᠷᠣᠯᠴᠠᠭᠰᠠᠳ ᠪᠠᠰᠠ

ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠳᠤ ᠭᠦᠷᠴᠦ

ᠬᠠᠮᠲᠤᠷᠠᠨ ᠰᠤᠷᠭᠠᠭᠤᠯᠢ ᠡᠷᠬᠢᠯᠡᠭᠰᠡᠨ ᠴᠡᠭ ᠵᠡᠷᠭᠡ ᠭᠠᠵᠠᠷ ᠲᠤ ᠬᠦᠷᠴᠦ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃

   

2.webp.png

3.webp.png

4.webp.png

      ᠡᠨᠡ ᠤᠳᠠᠭᠠᠨ ᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠠᠭᠠᠭᠠᠴᠢᠯᠠᠨ

ᠡᠷᠬᠢᠯᠡᠵᠦ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠤᠯᠠᠭᠠᠨᠬᠠᠳᠠ ᠳᠡᠭᠡᠳᠦ ᠰᠤᠷᠭᠠᠭᠤᠯᠢ

ᠬᠠᠮᠵᠢᠨ ᠡᠷᠬᠢᠯᠡᠪᠡ᠃ ᠡᠯ᠎ᠡ ᠠᠶᠢᠮᠠᠭ ᠬᠤᠲᠠ‌‍ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ

ᠲᠣᠪᠴᠢᠶ᠎ᠠ᠂ ᠡᠯ᠎ᠡ ᠳᠡᠭᠡᠳᠦ ᠰᠤᠷᠭᠠᠭᠤᠯᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ

ᠰᠠᠯᠠᠭ᠎ᠠ ᠮᠥᠴᠢᠷ ᠤᠨ ᠬᠠᠷᠢᠭᠤᠴᠠᠯᠭᠠᠲᠠᠨ 150 ᠭᠠᠷᠤᠢ ᠬᠥᠮᠦᠨ ᠬᠤᠷᠠᠯ ᠳᠤ ᠣᠷᠣᠯᠴᠠᠵᠠᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map