ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ — ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠩᠬᠠᠳᠠᠭᠴᠢ ᠪᠦᠯᠦᠭ ᠤᠨ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢᠨ 2024 ᠣᠨ ᠤ ᠠᠬᠤᠢ ᠲᠠᠯᠠᠪᠠᠢ ᠶᠢᠨ ᠬᠤᠷᠠᠯ ᠵᠢᠴᠢ ᠬᠢᠴᠢᠶᠡᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/7/16
      7 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠩᠬᠠᠳᠠᠭᠴᠢ ᠪᠦᠯᠦᠭ ᠤᠨ ᠰᠢᠨ᠎ᠡ ᠡᠩ ᠤᠨ  ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢᠨ 2024 ᠣᠨ ᠤ ᠠᠬᠤᠢ ᠲᠠᠯᠠᠪᠠᠢ ᠶᠢᠨ ᠬᠤᠷᠠᠯ ᠵᠢᠴᠢ ᠬᠢᠴᠢᠶᠡᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢᠨ ᠠᠵᠢᠯᠯᠠᠭ᠎ᠠ ᠶᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃      ᠠᠵᠢᠯᠯᠠᠭ᠎ᠠ ᠳᠤ ᠥᠩᠭᠡᠷᠡᠭᠰᠡᠨ ᠨᠢᠭᠡ ᠵᠢᠯ ᠭᠠᠷᠤᠢ ᠶᠢᠨ ᠠᠩᠬᠠᠳᠠᠭᠴᠢ ᠪᠦᠯᠦᠭ ᠤᠨ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢᠨ ᠠᠵᠢᠯ ᠤᠨ ᠠᠬᠢᠴᠠ ᠪᠠ ᠣᠯᠤᠭᠰᠠᠨ ᠠᠮᠵᠢᠯᠲᠠ ᠪᠦᠲᠦᠮᠵᠢ ᠶᠢ ᠳ᠋ᠦᠩᠨᠡᠬᠦ ᠶᠢᠨ ᠬᠠᠮᠲᠤ ᠳᠡᠯᠭᠡᠨ ᠦᠵᠡᠭᠦᠯᠵᠦ᠂ ᠰᠤᠷᠭᠠᠭᠤᠯᠢ ᠶᠢᠨ ᠥᠪᠡᠷᠲᠡᠭᠡᠨ ᠵᠠᠰᠠᠬᠤ           ᠣᠷᠣᠨ ᠤ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ           ᠵᠠᠳᠠᠯᠤᠨ᠂ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢᠨ ᠳᠠᠷᠠᠭ᠎ᠠ ᠠᠯᠬᠤᠮ ᠤᠨ ᠠᠵᠢᠯ ᠢ ᠪᠠᠶᠢᠷᠢᠯᠠᠭᠤᠯᠪᠠ᠃ ᠠᠵᠢᠯᠯᠠᠭᠠᠨ ᠤ ᠬᠤᠭᠤᠴᠠᠭᠠᠨ ᠳᠤ᠂ ᠵᠡᠭᠦᠨ ᠬᠤᠶᠢᠲᠤ ᠶᠢᠨ ᠪᠠᠭᠰᠢ  ᠶᠢᠨ ᠶᠡᠭᠡ ᠰᠤᠷᠭᠠᠭᠤᠯᠢ ᠶᠢᠨ ᠤᠤᠯ ᠤᠨ ᠳᠡᠳ᠋ ᠵᠠᠬᠢᠷᠤᠯ᠂ ᠫᠷᠤᠹᠧᠰᠰᠤᠷ᠂ ᠤᠯᠤᠰ ᠤᠨ ᠵᠢᠭᠠᠨ ᠰᠤᠷᠭᠠᠯᠲᠠ ᠶᠢᠨ ᠨᠡᠷᠡᠲᠦ ᠪᠠᠭᠰᠢ ᠯᠢᠦ ᠬᠠᠢ ᠮᠢᠨ᠂ ᠬᠤᠸᠠᠳᠦ᠋ᠩ ᠪᠠᠭᠰᠢ ᠶᠢᠨ ᠶᠡᠭᠡ ᠰᠤᠷᠭᠠᠭᠤᠯᠢ ᠶᠢᠨ ᠴᠧᠩ ᠮᠠᠢ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠵᠠᠩ ᠰᠢ ᠵᠦᠩ ᠲᠤᠰᠬᠠᠢ ᠰᠡᠳᠦᠪᠲᠦ ᠲᠠᠶᠢᠯᠤᠮᠵᠢ           ᠬᠢᠵᠡᠢ᠃ ᠪᠤᠭᠤᠲᠤ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠤᠯᠠᠭᠠᠨᠬᠠᠳᠠ ᠶᠢᠨ ᠰᠢᠨ᠎ᠡ ᠬᠤᠲᠠ ᠲᠣᠭᠤᠷᠢᠭ ᠤᠨ ᠾᠥᠩ ᠴᠢ ᠳᠤᠮᠳᠠᠳᠤ ᠰᠤᠷᠭᠠᠭᠤᠯᠢ᠂ ᠬᠥᠬᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠲᠦᠩᠯᠢᠶᠣᠤ ᠬᠤᠲᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ᠂ ᠣᠷᠳᠣᠰ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠰᠢᠨ᠎ᠡ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠦᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢ ᠦᠢᠯᠡᠳᠦᠯᠭᠡᠵᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠡᠭᠡᠯᠵᠢ ᠵᠢᠵᠢᠭᠦᠷ ᠰᠤᠷᠭᠠᠭᠤᠯᠢ ᠬᠢᠴᠢᠶᠡᠯ ᠪᠠ ᠥᠨᠳᠥᠷ ᠪᠦᠲᠦᠮᠵᠢᠲᠡᠢ ᠬᠢᠴᠢᠶᠡᠯ ᠢ ᠵᠢᠯᠣᠭᠤᠳᠴᠤ ᠰᠤᠷᠭᠠᠵᠤ ᠦᠨᠡᠯᠡᠬᠦ ᠦᠵᠡᠭᠦᠯᠭᠡ ᠶᠢᠨ ᠠᠵᠢᠯᠯᠠᠭ᠎ᠠ ᠶᠢ ᠥᠷᠨᠢᠭᠦᠯᠪᠡ᠃    

1.webp.png

 

2.webp.png

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠡᠯ᠎ᠡ ᠠᠶᠢᠮᠠᠭ ᠬᠤᠲᠠ ᠶᠢᠨ

ᠰᠤᠷᠭᠠᠨ ᠬᠥᠮᠦᠵᠢᠯ ᠤᠨ ᠲᠣᠪᠴᠢᠶ᠎ᠠ ᠨᠥᠬᠦᠴᠡᠯ ᠢ  ᠪᠠᠲᠤᠯᠠᠬᠤ ᠪᠠ ᠤᠬᠠᠭᠤᠯᠤᠨ ᠳᠡᠯᠭᠡᠷᠡᠭᠦᠯᠬᠦ ᠠᠵᠢᠯ ᠢ

ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠬᠢᠭᠤᠯᠬᠤ ᠲᠣᠭᠲᠠᠴᠠ ᠶᠢ

ᠪᠠᠶᠢᠭᠤᠯᠤᠨ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠠᠵᠢᠯ ᠤᠨ

ᠵᠢᠯᠣᠭᠤᠳᠣᠯᠭ᠎ᠠ ᠶᠢ ᠴᠢᠩᠭᠠᠳᠬᠠᠵᠤ᠂ ᠯᠠᠪᠳᠠᠭᠤᠨ ᠪᠠᠲᠤᠲᠠᠢ ᠦᠷᠭᠦᠯᠵᠢᠯᠡᠨ ᠠᠬᠢᠭᠤᠯᠵᠤ᠂ ᠬᠢᠴᠢᠶᠡᠯ ᠤᠨ ᠵᠢᠭᠠᠨ

ᠰᠤᠷᠭᠠᠯᠲᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠲᠤᠷᠰᠢᠯᠲᠠ ᠶᠢᠨ

ᠲᠥᠷᠥᠯ ᠵᠦᠢᠯ ᠤᠨ ᠰᠤᠷᠭᠠᠭᠤᠯᠢ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂

ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠨ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂

ᠣᠷᠣᠨ ᠪᠦᠰᠡ ᠶᠢᠨ ᠳᠠᠭᠠᠭᠤᠯᠤᠭᠴᠢ ᠶᠢ ᠦᠷᠭᠦᠯᠵᠢᠯᠡᠨ ᠰᠠᠶᠢᠲᠤᠷ ᠬᠢᠵᠦ᠂ ᠳᠠᠭᠤᠷᠢᠶᠠᠯ ᠦᠵᠡᠭᠦᠯᠦᠨ ᠬᠥᠲᠥᠯᠥᠨ

ᠳᠠᠭᠠᠭᠤᠯᠬᠤ ᠦᠢᠯᠡᠳᠦᠯ  ᠢ ᠪᠠᠳᠠᠷᠠᠭᠤᠯᠤᠨ᠂ ᠪᠦᠬᠦ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ

 ᠶᠢᠨ ᠬᠠᠮᠲᠤ ᠳᠤ ᠪᠠᠨ ᠳᠠᠪᠰᠢᠵᠤ᠂ ᠬᠠᠮᠲᠤ ᠳᠤ ᠪᠠᠨ ᠬᠥᠭᠵᠢᠬᠦ ᠶᠢ ᠳᠠᠶᠢᠴᠢᠯᠠᠨ᠂ ᠰᠢᠨ᠎ᠡ ᠡᠩ  ᠤᠨ ᠳᠡᠭᠡᠳᠦ

ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ

ᠠᠵᠢᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ  ᠳᠤ ᠦᠨᠳᠦᠰᠦᠨ ᠱᠠᠲᠤᠨ ᠤ ᠦᠢᠯᠡᠳᠦᠯᠭᠡ ᠶᠢᠨ

ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃

      ᠡᠨᠡ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ

ᠭᠤᠣᠯᠯᠠᠨ ᠡᠷᠬᠢᠯᠡᠵᠦ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠬᠡᠬᠤᠲᠠ ᠶᠢᠨ ᠨᠢᠭᠡᠳᠦᠭᠡᠷ

ᠳᠤᠮᠳᠠᠳᠤ ᠰᠤᠷᠭᠠᠭᠤᠯᠢ᠂ ᠮᠠ ᠪᠦᠸᠧ ᠨᠡᠷᠡᠲᠦ ᠰᠤᠷᠭᠠᠭᠤᠯᠢ ᠶᠢᠨ ᠵᠠᠬᠢᠷᠤᠯ ᠤᠨ ᠠᠵᠢᠯᠯᠠᠬᠤ ᠲᠠᠰᠤᠭ ᠳᠠᠭᠠᠭᠠᠴᠢᠯᠠᠨ

ᠡᠷᠬᠢᠯᠡᠪᠡ᠃ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠪᠡᠶ᠎ᠡ ᠶᠢᠨ ᠲᠠᠮᠢᠷ ︶ ᠤᠨ ᠳᠣᠪᠴᠢᠶᠠᠨ ᠤ

ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠲᠤᠷᠰᠢᠯᠲᠠ ᠶᠢᠨ ᠲᠥᠷᠥᠯ ᠵᠦᠢᠯ ᠤᠨ ᠰᠤᠷᠭᠠᠭᠤᠯᠢ ᠶᠢᠨ

ᠬᠠᠷᠢᠭᠤᠴᠠᠯᠭᠠᠲᠠᠨ 60 ᠭᠠᠷᠤᠢ ᠬᠥᠮᠦᠨ ᠬᠤᠷᠠᠯ ᠳᠤ ᠣᠷᠣᠯᠴᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map