ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ  ᠢ ᠳᠠᠩᠰᠠᠯᠠᠭᠤᠯᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/7/17
        ᠥᠪᠥᠷ ᠰᠤᠷᠭᠠᠨ ᠠᠵᠢᠯ ᠮᠡᠷᠭᠡᠵᠢᠯ ᠨᠠᠰᠤᠨ ᠳᠤ ᠬᠦᠷᠦᠭᠰᠡᠳ ﹇2024﹈ 56 ᠳ᠋ᠤᠭᠠᠷ ᠲᠣᠭᠠᠲᠤᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ᠂ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠳᠤ᠄      ᠰᠤᠷᠭᠠᠨ ᠬᠥᠮᠦᠵᠢᠯ ᠤᠨ ᠶᠠᠮᠤᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ  ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠲᠢᠩᠬᠢᠮ ᠠᠴᠠ ᠪᠦᠬᠦ ᠣᠷᠣᠨ ᠤ 2024 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠢ ᠮᠡᠳᠡᠭᠦᠯᠦᠨ ᠳᠠᠩᠰᠠᠯᠠᠭᠤᠯᠬᠤ ᠠᠵᠢᠯ ᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠰᠤᠷᠭᠠᠨ ᠬᠥᠮᠦᠵᠢᠯ ᠤᠨ ᠶᠠᠮᠤᠨ ᠤ ᠬᠢᠨᠠᠨ ᠳᠣᠭᠲᠠᠭᠠᠬᠤ ᠪᠠᠷ ᠳᠠᠮᠵᠢᠨ᠂ ᠡᠳᠦᠭᠡ ᠵᠢᠭᠠᠨ ᠰᠤᠷᠭᠠᠯᠲᠠ ᠶᠢᠨ ᠴᠡᠭ ᠢ  ᠳᠠᠩᠰᠠᠯᠠᠵᠤ ᠨᠡᠶᠢᠲᠡᠯᠡᠪᠡ ︵ᠳᠠᠭᠠᠯᠳᠤᠭᠤᠯᠤᠯ ᠢ ᠦᠵᠡᠭᠡᠷᠡᠢ︶᠃      2024 ᠣᠨ ᠳᠤ ᠪᠦᠬᠦ ᠣᠷᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ 47 ᠶᠢ ᠳᠡᠩᠰᠡᠯᠡᠵᠦ᠂ ᠡᠭᠦᠨ ᠳᠤ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠲᠣᠭᠤᠷᠢᠭ ᠤᠨ ᠵᠢᠭᠠᠨ ᠰᠤᠷᠭᠠᠯᠲᠠ ᠶᠢᠨ ᠴᠡᠭ 6᠂ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠶᠢᠨ ᠣᠷᠣᠨ ᠠᠯᠤᠰᠯᠠᠭᠰᠠᠨ ᠵᠢᠭᠠᠨ ᠰᠤᠷᠭᠠᠯᠲᠠ ᠶᠢᠨ ᠴᠡᠭ 4᠂ ᠲᠥᠪ ᠤᠨ ᠰᠠᠯᠠᠭ᠎ᠠ ᠮᠥᠴᠢᠷ ᠤᠨ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠡᠭ 37 ᠪᠣᠢ᠃ ᠨᠢᠭᠡᠴᠢ ᠪᠠ ᠣᠯᠠᠨ ᠨᠡᠶᠢᠲᠡ ᠶᠢᠨ ᠬᠢᠨ ᠪᠦᠬᠦ ᠤᠯᠤᠰ ᠤᠨ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠤᠨ ᠮᠡᠳᠡᠭᠡ ᠵᠠᠩᠭᠢ ᠶᠢ ᠯᠠᠪᠯᠠᠵᠤ ᠪᠣᠯᠤᠨ᠎ᠠ᠂ ᠪᠣᠳᠠᠲᠠᠢ ᠪᠠᠶᠢᠴᠠᠭᠠᠨ ᠯᠠᠪᠯᠠᠬᠤ ᠰᠦᠯᠵᠢᠶᠡᠨ ᠬᠠᠶ᠋ᠢᠭ᠄ ︵http://jxjy.moe.edu.cn/teaching-point/index/︶᠃       ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ︵ᠰᠤᠷᠭᠠᠨ ᠬᠥᠮᠦᠵᠢᠯ ᠪᠡᠶ᠎ᠡ ᠶᠢᠨ ᠲᠠᠮᠢᠷ︶ ᠤᠨ ᠲᠣᠪᠴᠢᠶ᠎ᠠ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ︽ᠬᠤᠶᠠᠷ ᠢ ᠳᠠᠰᠢᠷᠠᠮ ᠳᠠᠭᠠᠤ ᠬᠢᠬᠦ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠲᠤᠰ ᠬᠠᠷᠢᠶ᠎ᠠ ᠣᠷᠣᠨ ᠤ ᠪᠠᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠤᠨ ᠵᠢᠯᠣᠭᠤᠳᠣᠯᠭ᠎ᠠ ᠪᠠ ᠬᠠᠮᠢᠶᠠᠷᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠪᠦᠲᠦᠴᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠶᠡᠭᠡ ᠳᠡᠭᠡᠳᠦ ᠰᠤᠷᠭᠠᠭᠤᠯᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠤᠨ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠨ᠂ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠪᠠ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃             ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠢ ᠳᠠᠩᠰᠠᠯᠠᠭᠤᠯᠤᠭᠰᠠᠨ ᠦᠷ᠎ᠡ ᠳ᠋ᠦᠩ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ              2024 ᠣᠨ ᠤ 7 ᠰᠠᠷ᠎ᠠ ᠶᠢᠨ 4 ᠤ ᠡᠳᠦᠷᠳᠠᠭᠠᠯᠳᠤᠭᠤᠯᠤᠯ 1᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ  ᠤ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠦᠷᠭᠦᠯᠵᠢᠯᠡᠯ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠠᠳᠠᠨᠠᠬᠢ ᠵᠢᠭᠠᠨ ᠰᠤᠷᠭᠠᠯᠲᠠ ᠶᠢᠨ ᠴᠡᠭ ᠢ ᠳᠠᠩᠰᠠᠯᠠᠭᠤᠯᠤᠭᠰᠠᠨ ᠦᠷ᠎ᠡ ᠳ᠋ᠦᠩ᠂ xls 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map