2024 ᠣᠨ ᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠭᠡᠳᠦᠯᠡᠶ᠎ᠡ︾ ᠭᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/7/18
        ᠥᠪᠥᠷ ᠰᠤᠷᠭᠠᠨ ᠦᠵᠡᠯ ᠰᠠᠨᠠᠭ᠎ᠠ ᠤᠯᠤᠰ ᠲᠥᠷᠥ ᠪᠢᠴᠢᠭ ﹇2024﹈ 32 ᠳ᠋ᠤᠭᠠᠷ ᠲᠣᠭᠠᠲᠤᠡᠯ᠎ᠡ ᠶᠡᠭᠡ ᠳᠡᠭᠡᠳᠦ ᠰᠤᠷᠭᠠᠭᠤᠯᠢ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠭᠡ ᠪᠠᠷ ᠪᠤᠶᠢᠵᠢᠭᠤᠯᠤᠨ ᠦᠢᠯᠡᠳᠦᠯᠭᠡᠵᠢᠭᠦᠯᠵᠦ᠂ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠳᠤᠮᠳᠠᠳᠤ ᠶᠢᠨ ᠪᠣᠯᠪᠠᠰᠤᠨ ᠤ ᠲᠡᠦᠬᠡ ᠶᠢ ᠪᠦᠬᠦ ᠲᠠᠯ᠎ᠠ ᠪᠠᠷ ᠭᠦᠨᠵᠡᠭᠡᠢ ᠣᠶᠢᠯᠠᠭᠠᠭᠤᠯᠬᠤ ᠪᠠᠷ ᠬᠥᠲᠥᠯᠥᠨ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠭᠤᠯᠤᠨ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠨ᠂ ᠳᠤᠮᠳᠠᠳᠤ ᠶᠢᠨ ᠰᠣᠶᠣᠯ ᠤᠨ ᠤᠳᠤᠮᠰᠢᠯ ᠢ ᠦᠷᠭᠦᠯᠵᠢᠯᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠦᠨ᠂ ᠬᠤᠪᠢᠰᠬᠠᠯᠲᠤ ᠰᠣᠶᠣᠯ ᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠂ ᠰᠣᠶᠣᠯ ᠤᠨ ᠴᠡᠴᠡᠭᠯᠡᠯ ᠢ ᠠᠬᠢᠭᠤᠯᠬᠤ᠂ ᠰᠣᠶᠣᠯ ᠤᠨ ᠬᠦᠴᠦᠷᠬᠡᠭ ᠤᠯᠤᠰ ᠢ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠢ ᠪᠠᠶᠢᠭᠤᠯᠬᠤ ᠡᠨᠡ ᠬᠦ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠬᠦ  ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠪᠣᠳᠠᠲᠠᠢ ᠪᠠᠶᠢᠳᠠᠯ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 2024 ᠣᠨ ᠳᠤ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠭᠡᠳᠦᠯᠡᠶ᠎ᠡ︾ ᠭᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠵᠦᠢᠯ ᠢ ᠮᠡᠳᠡᠭᠳᠡᠪᠡ᠃      ᠨᠢᠭᠡ᠂ ᠠᠵᠢᠯᠯᠠᠭᠠᠨ ᠤ ᠭᠤᠣᠯ ᠰᠡᠳᠦᠪ      ᠰᠣᠶᠣᠯ ᠤᠨ ᠤᠳᠤᠮᠰᠢᠯ ᠢ ᠦᠷᠭᠦᠯᠵᠢᠯᠡᠭᠦᠯᠵᠦ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠨ ᠵᠠᠯᠠᠭᠤ ᠨᠠᠰᠤᠨ ᠤ ᠢᠷᠠᠭᠤ ᠬᠠᠭᠤᠳᠠᠰᠤ ᠶᠢ ᠪᠢᠴᠢᠭᠯᠡᠰᠦᠭᠡᠢ      ᠬᠤᠶᠠᠷ᠂ ᠠᠵᠢᠯᠯᠠᠭᠠᠨ ᠤ ᠴᠠᠭ      2024 ᠣᠨ ᠤ 6 - 12 ᠰᠠᠷ᠎ᠠ       ᠭᠤᠷᠪᠠ᠂ ᠠᠵᠢᠯᠯᠠᠭᠠᠨ ᠤ ᠠᠭᠤᠯᠭ᠎ᠠ      ︵ᠨᠢᠭᠡ︶ ︽ᠤᠤᠷ ᠰᠣᠶᠤᠯ ᠤᠨ ᠰᠣᠳᠤᠯᠤᠯ ᠤᠨ ᠲᠡᠦᠬᠡ ᠶᠢᠨ ᠬᠦᠷᠢᠶᠡᠯᠡᠩ︾ ᠤᠨ ᠮᠡᠳᠡᠯᠭᠡ ᠶᠢᠨ ᠰᠡᠴᠡᠯᠳᠦᠭᠡᠨ᠃ ᠡᠯ᠎ᠡ ᠶᠡᠭᠡ ᠳᠡᠭᠡᠳᠦ ᠰᠤᠷᠭᠠᠭᠤᠯᠢ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ  ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠳᠤ ᠠᠩᠬᠠᠷᠤᠯ ᠢᠶᠠᠨ ᠬᠠᠨᠳᠤᠭᠤᠯᠤᠨ᠂ ᠤᠤᠷ ᠰᠣᠶᠤᠯ ᠤᠨ ᠰᠣᠳᠤᠯᠤᠯ ᠤᠨ ᠮᠡᠳᠡᠯᠭᠡ ᠶᠢ ᠰᠤᠷᠤᠯᠴᠠᠵᠤ᠂ ᠰᠣᠶᠣᠯ ᠤᠨ ᠲᠡᠦᠬᠡ ᠶᠢ ᠬᠠᠶᠢᠨ ᠰᠦᠪᠡᠭᠴᠢᠯᠡᠵᠦ᠂ ᠬᠥᠭᠵᠢᠯᠲᠡ ᠶᠢᠨ ᠰᠤᠳᠠᠰᠤ ᠶᠢ ᠡᠵᠡᠮᠰᠢᠭᠦᠯᠵᠦ᠂ ᠤᠤᠷ ᠰᠣᠶᠤᠯ ᠤᠨ ᠰᠣᠳᠤᠯᠤᠯ ᠤᠨ ᠮᠡᠳᠡᠯᠭᠡ ᠶᠢᠨ ᠰᠡᠴᠡᠯᠳᠦᠭᠡᠨ ᠤ ᠬᠡᠯᠪᠡᠷᠢ ᠪᠠᠷ ᠲᠠᠪᠤᠨ ᠮᠢᠩᠭᠠᠨ ᠵᠢᠯ ᠤᠨ ᠪᠣᠯᠪᠠᠰᠤᠨ ᠤ ᠬᠥᠭᠵᠢᠯᠲᠡ ᠶᠢᠨ ᠶᠠᠪᠤᠴᠠ ᠳᠤ ᠡᠷᠴᠢᠮᠵᠢᠭᠦᠯᠦᠭᠰᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠢ ᠣᠶᠢᠯᠠᠭᠠᠭᠤᠯᠵᠤ᠂ ᠰᠢᠮ᠎ᠡ ᠲᠡᠵᠢᠭᠡᠯ ᠪᠠ ᠣᠶᠤᠨ ᠤᠬᠠᠭᠠᠨ ᠢ ᠰᠢᠩᠭᠡᠭᠡᠨ ᠠᠪᠴᠤ᠂ ᠡᠷᠴᠢ ᠵᠣᠷᠢᠭ ᠢ ᠳᠠᠪᠲᠠᠨ ᠪᠣᠯᠪᠠᠰᠤᠷᠠᠭᠤᠯᠵᠤ᠂ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠰᠣᠶᠣᠯ ᠤᠨ ᠢᠲᠡᠭᠡᠯ ᠢ ᠲᠠᠰᠤᠷᠠᠯᠳᠠ ᠦᠭᠡᠢ  ᠳᠡᠭᠡᠭᠰᠢᠯᠡᠭᠦᠯᠦᠨ᠎ᠡ᠃      ︵ᠬᠤᠶᠠᠷ︶ ︽ᠰᠣᠶᠤᠯ ᠤᠨ ᠰᠤᠳᠠᠰᠤ ᠶᠢ ᠡᠭᠦᠳᠦᠨ ᠵᠠᠯᠭᠠᠮᠵᠢᠯᠠᠶ᠎ᠠ︾ ᠭᠡᠬᠦ ᠶᠡᠭᠡ ᠳᠡᠭᠡᠳᠦ ᠰᠤᠷᠭᠠᠭᠤᠯᠢ ᠶᠢᠨ ᠭᠤᠣᠯ ᠰᠡᠳᠦᠪᠲᠦ ᠲᠣᠭᠠᠵᠢᠭᠰᠠᠨ ᠪᠢᠴᠢᠯ ᠦᠵᠡᠰᠭᠦᠯᠡᠩ ᠤᠨ ᠬᠤᠯᠪᠤᠭᠠᠲᠤ ᠦᠵᠡᠭᠦᠯᠭᠡ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ︽ᠳᠤᠮᠳᠠᠳᠤ ᠶᠢ ᠦᠭᠦᠯᠡᠬᠦ ᠨᠢ - ᠳᠤᠮᠳᠠᠳᠤ ᠶᠢᠨ ᠪᠣᠯᠪᠠᠰᠤᠨ ᠦᠵᠡᠯ ᠰᠠᠨᠠᠭᠠᠨ ᠤ ᠡᠬᠢ ᠡᠭᠦᠰᠦᠯ ᠤᠨ ᠡᠷᠢᠯᠬᠢᠯᠡᠯ︾᠂ ︽ᠭᠤᠸ᠎ᠠ ᠰᠠᠶᠢᠬᠠᠨ ᠲᠠᠢ ᠬᠠᠮᠲᠤ - ᠬᠥᠮᠦᠨ ᠲᠥᠷᠦᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠬᠤᠶᠠᠷ ᠶᠡᠭᠡ ᠴᠢᠭᠯᠡᠯ ᠤᠨ ᠲᠣᠭᠤᠷᠢᠨ ᠳᠤ᠂ ᠰᠣᠶᠣᠯ ᠤᠨ ᠥᠪ ᠤᠨ ᠲᠣᠭᠠᠵᠢᠭᠰᠠᠨ ᠦᠵᠡᠭᠦᠯᠭᠡ ᠶᠢᠨ ᠲᠢᠩᠬᠢᠮ ᠤᠨ ᠪᠦᠲᠦᠭᠡᠨ ᠪᠠᠶᠢᠭᠤᠯᠤᠯᠲᠠ ᠪᠠ ᠳᠣᠭᠠᠵᠢᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠨᠡᠭᠡᠭᠡᠨ ᠬᠥᠭᠵᠢᠭᠦᠯᠬᠦ ᠲᠠᠢ ᠤᠶᠠᠯᠳᠤᠭᠤᠯᠤᠨ᠂ ᠲᠣᠭᠠᠵᠢᠭᠰᠠᠨ ᠪᠢᠴᠢᠯ ᠦᠵᠡᠰᠬᠦᠯᠡᠩ ᠢ ᠲᠥᠯᠦᠪᠯᠡᠪᠡ᠃ ᠰᠤᠷᠭᠠᠨ ᠬᠥᠮᠦᠵᠢᠯ ᠤᠨ ᠶᠠᠮᠤᠨ ᠤ ᠬᠢᠨ ᠪᠦᠬᠦ ᠤᠯᠤᠰ ᠤᠨ ᠳᠡᠭᠡᠳᠦ ᠰᠤᠷᠭᠠᠭᠤᠯᠢ ᠶᠢᠨ ᠮᠦᠽᠧᠢ ᠶᠢᠨ ᠬᠥᠮᠦᠨ ᠬᠥᠮᠦᠵᠢᠭᠦᠯᠬᠦ ᠬᠤᠯᠪᠣᠭ᠎ᠠ ᠳᠤ ᠲᠦᠰᠢᠭᠯᠡᠨ᠂ ᠰᠢᠯᠢᠳᠡᠭ ᠪᠢᠴᠢᠯ ᠦᠵᠡᠰᠬᠦᠯᠡᠩ ᠢ ᠰᠢᠯᠭᠠᠷᠠᠭᠤᠯᠤᠨ᠎ᠠ︔ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠮᠦᠽᠧᠢ ᠶᠢᠨ ᠬᠥᠮᠦᠨ ᠬᠥᠮᠦᠵᠢᠭᠦᠯᠬᠦ ᠬᠤᠯᠪᠣᠭ᠎ᠠ  ᠳᠤ ᠲᠦᠰᠢᠭᠯᠡᠨ᠂ ᠰᠢᠯᠢᠳᠡᠭ ᠪᠢᠴᠢᠯ ᠦᠵᠡᠰᠬᠦᠯᠡᠩ ᠤᠨ ᠪᠦᠲᠦᠭᠡᠯ ᠢ ᠰᠣᠩᠭᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠪᠦᠲᠦᠭᠡᠯᠴᠢ ᠰᠡᠳᠬᠢᠮᠵᠢ ᠶᠢ ᠠᠭᠤᠰᠬᠠᠭᠰᠠᠨ ᠲᠣᠭᠠᠵᠢᠭᠰᠠᠨ ᠬᠠᠮ ᠦᠵᠡᠰᠬᠦᠯᠡᠩ ᠢ ᠵᠣᠬᠢᠶᠠᠨ ᠪᠠᠶᠢᠭᠤᠯᠤᠨ᠎ᠠ᠃      ︵ᠭᠤᠷᠪᠠ︶ ︽ᠰᠦᠭ ᠢ ᠱᠤᠭᠤᠵᠤ ᠰᠡᠳᠬᠢᠯ ᠢ ᠤᠮᠳᠠᠯᠠᠨᠠᠮ︾ ᠭᠡᠬᠦ ᠰᠣᠶᠣᠯ ᠤᠨ ᠬᠥᠮᠦᠨ ᠬᠥᠮᠦᠵᠢᠭᠦᠯᠵᠦ ᠰᠢᠨ᠎ᠡ ᠶᠢ ᠡᠭᠦᠳᠦᠭᠰᠡᠨ ᠠᠵᠢᠯ ᠤᠨ ᠬᠡᠷᠡᠭ ᠤᠨ ᠵᠢᠱᠢᠶ᠎ᠡ᠃ ᠡᠯ᠎ᠡ ᠶᠡᠭᠡ ᠳᠡᠭᠡᠳᠦ ᠰᠤᠷᠭᠠᠭᠤᠯᠢ ᠬᠤᠪᠢᠰᠬᠠᠯᠲᠤ ᠰᠣᠶᠣᠯ ᠢ ᠪᠠᠳᠠᠷᠠᠭᠤᠯᠬᠤ᠂ ᠬᠤᠪᠢᠰᠬᠠᠯᠲᠤ ᠤᠳᠤᠮᠰᠢᠯ  ᠢ ᠤᠯᠠᠮᠵᠢᠯᠠᠬᠤ᠂ ᠬᠤᠪᠢᠰᠬᠠᠯᠲᠤ ᠰᠣᠶᠣᠯ ᠢᠶᠠᠷ ᠴᠠᠭ ᠦᠶ᠎ᠡ  ᠶᠢᠨ ᠰᠢᠨ᠎ᠡ ᠬᠥᠮᠦᠨ ᠢ ᠬᠥᠮᠦᠵᠢᠭᠦᠯᠬᠦ ᠲᠣᠭᠤᠷᠢᠨ ᠳᠤ᠂ ᠠᠵᠢᠯ ᠤᠨ ᠬᠡᠷᠡᠭ ᠤᠨ ᠵᠢᠱᠢᠶ᠎ᠡ ᠪᠠ ᠣᠬᠤᠷ ᠸᠢᠳᠢᠣ᠋ ᠶᠢᠨ ᠪᠦᠲᠦᠭᠡᠯ  ᠢ ᠪᠦᠷᠢᠯᠳᠦᠭᠦᠯᠪᠡ᠃ ᠰᠤᠷᠭᠠᠨ ᠬᠥᠮᠦᠵᠢᠯ ᠤᠨ ᠶᠠᠮᠤᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠬᠡᠷᠡᠭ ᠤᠨ ᠵᠢᠱᠢᠶ᠎ᠡ ᠶᠢ ᠲᠠᠨᠢᠯᠴᠠᠭᠤᠯᠤᠨ ᠡᠮᠬᠢᠳᠬᠡᠵᠦ᠂ ᠰᠢᠨ᠎ᠡ ᠴᠠᠭ ᠦᠶ᠎ᠡ ᠶᠢᠨ ᠶᠡᠭᠡ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠬᠤᠪᠢᠰᠬᠠᠯᠲᠤ ᠬᠥᠮᠦᠵᠢᠯ ᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠰᠢᠨ᠎ᠡ ᠶᠢ ᠡᠭᠦᠳᠬᠦ ᠠᠷᠭ᠎ᠠ ᠪᠠᠷᠢᠯ ᠪᠠ ᠠᠵᠢᠯ ᠤᠨ ᠪᠣᠳᠠᠲᠤ ᠦᠷ᠎ᠡ ᠪᠦᠲᠦᠮᠵᠢ ᠶᠢ ᠬᠥᠭᠵᠢᠭᠡᠨ᠎ᠡ᠃      ︵ᠳᠥᠷᠪᠡ︶ ︽ᠲᠥᠮᠡᠨ ᠪᠣᠳᠠᠰ ᠲᠤ ᠰᠢᠩᠭᠡᠭᠰᠡᠨ ᠤᠷᠠᠨ ᠳᠠᠷᠬᠠᠨ ᠤ ᠰᠡᠳᠬᠢᠯ︾ ᠭᠡᠬᠦ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢ ᠤᠯᠠᠮᠵᠢᠯᠠᠨ ᠰᠢᠨ᠎ᠡ ᠶᠢ ᠡᠭᠦᠳᠬᠦ ᠸᠢᠳᠢᠤ᠋ ᠪᠢᠴᠢᠯ ᠬᠢᠴᠢᠶᠡᠯ᠃ ᠡᠯ᠎ᠡ ᠶᠡᠭᠡ ᠳᠡᠭᠡᠳᠦ ᠰᠤᠷᠭᠠᠭᠤᠯᠢ ᠺᠠᠳ᠋ᠷ ᠰᠤᠷᠤᠭᠴᠢᠳ ᠢ ᠵᠣᠬᠢᠶᠠᠨ ᠪᠠᠶᠢᠭᠤᠯᠤᠨ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠰᠢ ᠵᠦᠴᠦᠭᠡ᠂ ᠠᠷᠠᠳ ᠤᠨ ᠤᠷᠠᠨ ᠵᠢᠷᠤᠭ᠂ ᠠᠷᠠᠳ ᠤᠨ ᠵᠠᠩ ᠦᠢᠯᠡ᠂ ᠤᠯᠠᠮᠵᠢᠯᠠᠯᠲᠤ ᠭᠠᠷ ᠤᠷᠠᠯᠠᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢ ᠭᠦᠢᠴᠡᠳ ᠢᠯᠡᠷᠡᠭᠦᠯᠵᠦ᠂ ᠸᠢᠳᠢᠤ᠋ ᠬᠡᠯᠪᠡᠷᠢ ᠪᠠᠷ ᠪᠠᠭᠰᠢ ᠰᠤᠷᠤᠭᠴᠢᠳ ᠤᠨ ᠪᠣᠳᠠᠰ ᠤᠨ ᠪᠤᠰᠤ ᠰᠣᠶᠣᠯ ᠤᠨ ᠥᠪ ᠤᠨ ᠪᠥᠲᠦᠭᠡᠯ ᠪᠤᠶᠤ ᠦᠵᠡᠭᠦᠯᠭᠡ ᠶᠢᠨ ᠲᠣᠭᠯᠠᠯᠲᠠ ᠵᠡᠷᠭᠡ ᠠᠭᠤᠯᠭ᠎ᠠ ᠶᠢ ᠳᠡᠯᠭᠡᠨ ᠦᠵᠡᠭᠦᠯᠵᠦ᠂ ᠺᠠᠳ᠋ᠷ ᠰᠤᠷᠤᠭᠴᠢᠳ ᠢ ᠬᠥᠲᠥᠯᠥᠨ ᠵᠢᠯᠣᠭᠤᠳᠴᠤ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠮᠡᠳᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢ  ᠰᠤᠷᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠵᠠᠯᠭᠠᠮᠵᠢᠯᠠᠨ᠎ᠠ᠃      ︵ᠲᠠᠪᠤ︶ ︽ᠶᠣᠰᠤᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠦᠵᠡᠭᠳᠡᠬᠦᠶᠢᠴᠡ ᠦᠷ᠎ᠡ ᠪᠦᠲᠦᠭᠡᠯ ᠣᠯᠵᠠᠢ᠃ ᠤᠶᠤᠲᠠᠳ ᠤᠨ ᠪᠣᠯᠪᠠᠰᠤᠨ ᠶᠣᠰᠣᠯᠠᠯ ᠪᠠ ᠶᠣᠰᠣ ᠮᠣᠷᠠᠯ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠬᠠᠨᠳᠤᠭᠤᠯᠤᠨ᠂ ᠤᠶᠤᠲᠠᠳ ᠤᠨ ᠣᠯᠠᠨ ᠨᠡᠶᠢᠲᠡ ᠶᠢᠨ ᠠᠮᠢᠳᠤᠷᠠᠯ᠂ ᠠᠵᠢᠯ ᠡᠷᠢᠵᠦ ᠨᠢᠭᠤᠷᠳᠠᠨ ᠰᠢᠯᠭᠠᠬᠤ ᠵᠡᠷᠭᠡ ᠠᠳᠠᠯᠢ ᠪᠤᠰᠤ ᠥᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠪᠣᠯᠪᠠᠰᠤᠨ ᠶᠣᠰᠤᠯᠠᠯ᠂ ᠣᠯᠠᠨ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠵᠡᠷᠭᠡ ᠶᠠᠷᠢᠶᠠᠨ ᠤ ᠰᠡᠳᠦᠪ ᠤᠨ ᠲᠣᠭᠤᠷᠢᠨ ᠳᠤ ᠵᠣᠬᠢᠶᠠᠨ ᠪᠥᠲᠦᠭᠡᠨ᠎ᠡ᠃ ᠪᠦᠲᠦᠭᠡᠯ ᠤᠨ ᠬᠡᠯᠪᠡᠷᠢ ᠶᠢ ᠬᠢᠵᠠᠭᠠᠷᠯᠠᠬᠤ ᠦᠭᠡᠢ᠂ ᠡᠬᠡ ᠪᠢᠴᠢᠭ ᠤᠨ ᠲᠥᠷᠥᠯ᠂ ᠸᠢᠳᠢᠣ᠋ ᠶᠢᠨ ᠲᠥᠷᠥᠯ᠂ ᠪᠦᠲᠦᠭᠡᠯᠴᠢ ᠰᠡᠳᠬᠢᠮᠵᠢ ᠶᠢᠨ ᠲᠥᠷᠥᠯ᠂ ᠪᠢᠴᠢᠯ ᠬᠢᠴᠢᠶᠡᠯ ᠤᠨ ᠳᠦᠷᠦᠯ ᠢ ᠪᠠᠭᠲᠠᠭᠠᠬᠤ ᠪᠣᠯᠪᠠᠴᠤ ᠲᠡᠭᠦᠨ ᠳᠤ ᠬᠢᠵᠠᠭᠠᠷᠯᠠᠭᠳᠠᠬᠤ ᠦᠭᠡᠢ ︵ᠮᠡᠳᠡᠭᠦᠯᠬᠦ ᠱᠠᠭᠠᠷᠳᠠᠯᠭ᠎ᠠ ᠶᠢ ᠳᠠᠭᠠᠯᠳᠤᠭᠤᠯᠤᠯ ᠳᠤ ᠨᠠᠷᠢᠯᠢᠭ ᠦᠵᠡᠭᠡᠷᠡᠢ︶᠃ ᠰᠢᠨ᠎ᠡ ᠶᠢ ᠡᠭᠦᠳᠬᠦ ᠪᠠ ᠥᠪᠡᠷᠮᠢᠴᠡ ᠬᠠᠷᠠᠭᠠᠰᠤ ᠶᠢ ᠵᠣᠷᠢᠭᠵᠢᠭᠤᠯᠤᠨ᠂ ᠶᠣᠰᠣ ᠰᠤᠷᠲᠠᠬᠤᠨ ᠤ ᠬᠥᠮᠦᠵᠢᠯ ᠤᠨ ᠮᠡᠳᠡᠭᠡ ᠵᠠᠩᠭᠢ ᠶᠢ ᠠᠮᠢᠳᠤᠯᠢᠭ ᠪᠥᠭᠡᠳ ᠰᠣᠨᠢᠷᠬᠠᠯᠲᠠᠢ ᠤᠯᠠᠮᠵᠢᠯᠠᠵᠤ᠂ ᠤᠶᠤᠲᠠᠳ ᠢ ᠰᠡᠳᠬᠢᠯ ᠪᠣᠳᠣᠭᠤᠯᠵᠤ᠂ ᠲᠡᠭᠦᠨ ᠢ ᠬᠥᠲᠥᠯᠥᠨ ᠵᠢᠯᠣᠭᠤᠳᠴᠤ ᠵᠥᠪ ᠣᠨᠣᠪᠴᠢᠲᠠᠢ ᠪᠣᠯᠪᠠᠰᠤᠨ ᠶᠣᠰᠤᠯᠠᠯ ᠤᠨ ᠦᠵᠡᠯᠲᠡ ᠶᠢ ᠪᠣᠢ ᠪᠣᠯᠭᠠᠨ᠂ ᠰᠠᠶᠢᠨ ᠰᠠᠶᠢᠬᠠᠨ ᠶᠣᠰᠤᠯᠠᠯ ᠤᠨ ᠳᠠᠳᠬᠠᠯ ᠲᠠᠢ ᠪᠣᠯᠬᠤ ᠶᠢ ᠠᠬᠢᠭᠤᠯᠤᠨ᠎ᠠ᠃      ᠳᠥᠷᠪᠡ᠂ ᠠᠵᠢᠯᠯᠠᠭᠠᠨ ᠤ ᠪᠠᠶᠢᠷᠢᠯᠠᠭᠤᠯᠤᠯᠲᠠ      ︵ᠨᠢᠭᠡ︶ ᠶᠡᠭᠡ ᠳᠡᠭᠡᠳᠦ ᠰᠤᠷᠭᠠᠭᠤᠯᠢ ᠵᠣᠬᠢᠶᠠᠨ ᠪᠠᠶᠢᠭᠤᠯᠬᠤ ︵8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ︶      ᠡᠯ᠎ᠡ ᠶᠡᠭᠡ ᠳᠡᠭᠡᠳᠦ ᠰᠤᠷᠭᠠᠭᠤᠯᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠭᠰᠢ ᠰᠤᠷᠤᠭᠴᠢᠳ ᠤᠨ ᠰᠡᠳᠦᠪ ᠬᠠᠷᠢᠭᠤᠯᠬᠤ ᠶᠢ ᠳᠠᠶᠢᠴᠢᠯᠠᠵᠤ᠂ ᠪᠦᠲᠦᠭᠡᠯ ᠢ ᠰᠣᠩᠭᠤᠨ ᠦᠵᠡᠭᠦᠯᠭᠡ ᠳᠤ ᠣᠷᠣᠯᠴᠠᠭᠤᠯᠤᠨ᠎ᠠ᠃ ︽ᠰᠣᠶᠤᠯ ᠤᠨ ᠰᠤᠳᠠᠰᠤ ᠶᠢ ᠡᠭᠦᠳᠦᠨ ᠵᠠᠯᠭᠠᠮᠵᠢᠯᠠᠶ᠎ᠠ︾ ᠭᠡᠬᠦ ᠶᠡᠭᠡ ᠳᠡᠭᠡᠳᠦ ᠰᠤᠷᠭᠠᠭᠤᠯᠢ ᠶᠢᠨ ᠭᠤᠣᠯ ᠰᠡᠳᠦᠪᠲᠦ ᠲᠣᠭᠠᠵᠢᠭᠰᠠᠨ ᠪᠢᠴᠢᠯ ᠦᠵᠡᠰᠬᠦᠯᠡᠩ᠂ ︽ᠰᠦᠭ ᠢ ᠱᠤᠭᠤᠵᠤ ᠰᠡᠳᠬᠢᠯ ᠢ ᠤᠮᠳᠠᠯᠠᠨᠠᠮ︾ ᠭᠡᠬᠦ ᠰᠣᠶᠣᠯ ᠢᠶᠠᠷ ᠬᠥᠮᠦᠨ ᠬᠥᠮᠦᠵᠢᠭᠦᠯᠬᠦ ᠰᠢᠨ᠎ᠡ ᠶᠢ ᠡᠭᠦᠳᠬᠦ ᠠᠵᠢᠯ ᠤᠨ ᠬᠡᠷᠡᠭ ᠤᠨ ᠵᠢᠱᠢᠶ᠎ᠡ᠂ ︽ᠲᠥᠮᠡᠨ ᠪᠣᠳᠠᠰ ᠲᠤ ᠰᠢᠩᠭᠡᠭᠰᠡᠨ ᠤᠷᠠᠨ ᠳᠠᠷᠬᠠᠨ ᠤ ᠰᠡᠳᠬᠢᠯ︾ ᠭᠡᠬᠦ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢ ᠤᠯᠠᠮᠵᠢᠯᠠᠨ ᠰᠢᠨ᠎ᠡ ᠶᠢ ᠡᠭᠦᠳᠬᠦ ᠸᠢᠳᠢᠣ᠋ ᠪᠢᠴᠢᠯ ᠬᠢᠴᠢᠶᠡᠯ ᠵᠡᠷᠭᠡ ᠭᠤᠷᠪᠠᠨ ᠲᠥᠷᠥᠯ ᠤᠨ ᠪᠦᠲᠦᠭᠡᠯ ᠢ ᠶᠡᠭᠡ ᠳᠡᠭᠡᠳᠦ ᠰᠤᠷᠭᠠᠭᠤᠯᠢ ᠪᠦᠷᠢ 1 ᠶᠢ ᠲᠠᠨᠢᠯᠴᠠᠭᠤᠯᠬᠤ ᠪᠠᠷ ᠬᠢᠵᠠᠭᠠᠷᠯᠠᠵᠤ᠂ 2024 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠰᠦᠯᠵᠢᠶᠡᠨ ᠤ ︽ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠮᠡᠳᠡᠭᠦᠯᠬᠦ ᠰᠢᠰᠲ᠋ᠧᠮ︾ ︵https://fuwu.sizhengwang.cn/control/login︶ ᠲᠤ           ᠮᠡᠳᠡᠭᠡ ᠵᠠᠩᠭᠢ ᠪᠠᠨ ᠲᠠᠭᠯᠠᠨ ᠮᠡᠳᠡᠭᠦᠯᠵᠦ᠂ ᠦᠷ᠎ᠡ ᠪᠥᠲᠦᠭᠡᠯ ᠣᠯᠤᠭᠰᠠᠨ ᠪᠦᠲᠦᠭᠡᠯ ᠵᠢᠴᠢ ᠰᠤᠷᠭᠠᠭᠤᠯᠢ ᠶᠢᠨ ᠠᠯᠪᠠᠨ ᠲᠠᠮᠠᠭ᠎ᠠ ᠳᠠᠷᠤᠭᠰᠠᠨ PDF ᠬᠡᠪᠯᠡᠯ ᠢ ᠳᠡᠭᠡᠭᠰᠢ ᠳᠡᠮᠵᠢᠭᠤᠯᠤᠨ᠎ᠠ ︵ᠳᠠᠭᠠᠯᠳᠤᠭᠤᠯᠤᠯ 4︶᠃           ︽ᠶᠣᠰᠤᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠤᠨ ᠪᠣᠳᠠᠳᠤ ᠦᠷ᠎ᠡ ᠪᠦᠲᠦᠭᠡᠯ ᠢ ᠮᠠᠨ ᠤ ᠣᠷᠣᠨ ᠤ ᠣᠨᠴᠠᠯᠢᠭᠲᠤ ᠠᠵᠢᠯᠯᠠᠭ᠎ᠠ ᠪᠣᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠠᠳᠠᠯᠢ ᠨᠢᠭᠡᠨ ᠬᠡᠯᠪᠡᠷᠢ ᠶᠢᠨ ᠪᠦᠲᠦᠭᠡᠯ ᠢ 1 ᠪᠠᠷ ᠬᠢᠵᠠᠭᠠᠷᠯᠠᠨ᠂ 2024 ᠣᠨ ᠤ 9 ᠰᠠᠷ᠎ᠠ ᠶᠢᠨ 15 ᠤ ᠡᠳᠦᠷ ᠠᠴᠠ ᠡᠮᠦᠨ᠎ᠡ ᠦᠷ᠎ᠡ ᠪᠦᠲᠦᠭᠡᠯ ᠣᠯᠤᠭᠰᠠᠨ ᠪᠦᠲᠦᠭᠡᠯ ᠵᠢᠴᠢ ᠰᠤᠷᠭᠠᠭᠤᠯᠢ ᠶᠢᠨ ᠠᠯᠪᠠᠨ ᠲᠠᠮᠠᠭ᠎ᠠ ᠳᠠᠷᠤᠭᠰᠠᠨ PDF ᠬᠡᠪᠯᠡᠯ ᠤᠨ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠶᠣᠰᠤᠯᠠᠯ﹀ ᠭᠡᠬᠦ           ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠤᠨ ᠪᠣᠳᠠᠳᠤ ᠦᠷ᠎ᠡ ᠪᠦᠲᠦᠭᠡᠯ ᠢ ᠴᠤᠭᠯᠠᠭᠤᠯᠬᠤ ᠬᠦᠰᠦᠨᠦᠭᠲᠦ︾ ︵ᠳᠠᠭᠠᠯᠳᠤᠭᠤᠯᠤᠯ 5︶ ᠶᠢ ᠰᠤᠷᠭᠠᠨ ᠬᠥᠮᠦᠵᠢᠯ ᠤᠨ ᠲᠢᠩᠬᠢᠮ ᠤᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠭᠠᠵᠠᠷ ︵ᠢᠮᠧᠯ᠄ nmgzzqjytsxzzgzc@163.com︶ ᠢᠯᠡᠭᠡᠨ᠎ᠡ᠃      ︵ᠬᠤᠶᠠᠷ︶ ᠬᠢᠨᠠᠨ ᠪᠠᠶᠢᠴᠠᠭᠠᠬᠤ ︵9 ᠰᠠᠷ᠎ᠠ ᠶᠢᠨ ᠡᠬᠢᠨ ᠠᠴᠠ 10 ᠰᠠᠷ᠎ᠠ ᠶᠢᠨ ᠳᠤᠮᠳᠠᠴᠢ︶      ᠮᠡᠳᠡᠯᠭᠡ ᠶᠢᠨ ᠰᠡᠴᠡᠯᠳᠦᠭᠡᠨ ᠳᠤ ᠶᠡᠷᠦᠩᠬᠡᠶᠢᠯᠡᠭᠰᠡᠨ ᠰᠡᠳᠦᠪ ᠢ ᠵᠥᠪ ᠬᠠᠷᠢᠭᠤᠯᠬᠤ ᠣᠨᠣᠪᠴᠢ ᠶᠢᠨ ᠬᠡᠮᠵᠢᠶ᠎ᠡ᠂ ᠪᠡᠶᠡᠯᠡᠭᠦᠯᠦᠭᠰᠡᠨ ᠴᠠᠭ ᠵᠡᠷᠭᠡ ᠡᠯᠧᠮᠧᠨ᠋ᠲ ᠤᠨ ᠨᠡᠷᠡᠰ ᠤᠨ ᠵᠢᠭᠰᠠᠭᠠᠯᠲᠠ ᠶᠢᠨ ᠡᠮᠦᠨ᠎ᠡ 5% ᠳᠤ ᠣᠷᠣᠭᠰᠠᠨ ᠰᠢᠯᠢᠳᠡᠭ ᠰᠤᠷᠤᠯᠭᠠᠲᠠᠨ ᠳᠤ ︽ᠤᠯᠤᠰ ᠤᠨ ᠰᠣᠳᠤᠯᠤᠯ ᠤᠨ ᠪᠢᠴᠢᠬᠠᠨ ᠠᠪᠢᠶᠠᠰᠲᠠᠨ︾ ᠤ ᠡᠯᠧᠺᠲᠷᠣᠨ ᠰᠤᠷᠤᠯᠴᠠᠯᠭ᠎ᠠ ᠶᠢᠨ ᠭᠡᠷᠡᠴᠢᠯᠡᠯ ᠤᠨ ᠦᠨᠡᠮᠯᠡᠯ ᠣᠯᠭᠤᠬᠤ ᠶᠢᠨ ᠬᠠᠮᠲᠤ ᠰᠤᠷᠭᠠᠨ ᠬᠥᠮᠦᠵᠢᠯ ᠤᠨ ᠶᠠᠮᠤᠨ ᠤ ᠠᠯᠪᠠᠨ ᠤ ᠸᠢᠴᠠᠲ ᠤᠨ ᠨᠡᠶᠢᠲᠡ ᠶᠢᠨ ᠳ᠋ᠤᠭᠠᠷ ᠤᠨ ︽ᠸᠧᠢ ᠶᠠᠨ ᠰᠤᠷᠭᠠᠨ ᠬᠥᠮᠦᠵᠢᠯ︾ ᠢᠶᠠᠷ ᠳᠠᠮᠵᠢᠭᠤᠯᠤᠨ ᠪᠠᠭᠤᠯᠭᠠᠬᠤ᠂ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ ᠡᠯ᠎ᠡ ᠰᠤᠷᠭᠠᠭᠤᠯᠢ ᠶᠢᠨ ᠲᠠᠨᠢᠯᠴᠠᠭᠤᠯᠤᠭᠰᠠᠨ ︽ᠰᠣᠶᠤᠯ ᠤᠨ ᠰᠤᠳᠠᠰᠤ ᠶᠢ ᠡᠭᠦᠳᠦᠨ ᠵᠠᠯᠭᠠᠮᠵᠢᠯᠠᠶ᠎ᠠ︾ ᠭᠡᠬᠦ ᠶᠡᠭᠡ ᠳᠡᠭᠡᠳᠦ ᠰᠤᠷᠭᠠᠭᠤᠯᠢ ᠶᠢᠨ ᠭᠤᠣᠯ ᠰᠡᠳᠦᠪᠲᠦ ᠲᠣᠭᠠᠵᠢᠭᠰᠠᠨ ᠪᠢᠴᠢᠯ ᠦᠵᠡᠰᠬᠦᠯᠡᠩ᠂ ︽ᠰᠦᠭ ᠢ ᠱᠤᠭᠤᠵᠤ ᠰᠡᠳᠬᠢᠯ ᠢ ᠤᠮᠳᠠᠯᠠᠨᠠᠮ︾ ᠭᠡᠬᠦ ᠰᠣᠶᠣᠯ ᠢᠶᠠᠷ ᠬᠥᠮᠦᠨ ᠬᠥᠮᠦᠵᠢᠭᠦᠯᠵᠦ ᠰᠢᠨ᠎ᠡ ᠶᠢ ᠡᠭᠦᠳᠬᠦ ᠠᠵᠢᠯ ᠤᠨ ᠬᠡᠷᠡᠭ ᠤᠨ ᠵᠢᠱᠢᠶ᠎ᠡ᠂ ︽ᠲᠥᠮᠡᠨ ᠪᠣᠳᠠᠰ ᠲᠤ ᠰᠢᠩᠭᠡᠭᠰᠡᠨ ᠤᠷᠠᠨ ᠳᠠᠷᠬᠠᠨ ᠤ ᠰᠡᠳᠬᠢᠯ︾ ᠭᠡᠬᠦ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠴᠢᠳᠠᠪᠤᠷᠢ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠸᠢᠳᠢᠣ᠋ ᠪᠢᠴᠢᠯ ᠬᠢᠴᠢᠶᠡᠯ ᠵᠡᠷᠭᠡ ᠭᠤᠷᠪᠠᠨ ᠲᠥᠷᠥᠯ ᠤᠨ ᠪᠦᠲᠦᠭᠡᠯ ᠢ ᠰᠤᠷᠭᠠᠨ ᠬᠥᠮᠦᠵᠢᠯ ᠤᠨ ᠶᠠᠮᠤᠨ ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ︽ᠶᠣᠰᠤᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠤᠨ ᠪᠣᠳᠠᠳᠤ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ  ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ᠂ ᠲᠥᠪᠯᠡᠷᠡᠭᠦᠯᠦᠨ ᠳᠡᠯᠭᠡᠨ ᠦᠵᠡᠭᠦᠯᠬᠦ ᠳᠤ ᠣᠷᠣᠯᠴᠠᠭᠰᠠᠨ ᠪᠦᠲᠦᠭᠡᠯ ᠤᠨ ᠤᠳᠤᠷᠢᠳᠤᠮᠵᠢ ᠵᠥᠪ ᠣᠨᠣᠪᠴᠢᠲᠠᠢ᠂ ᠦᠵᠡᠯ ᠰᠠᠨᠠᠭ᠎ᠠ ᠢᠳᠡᠪᠬᠢᠲᠡᠢ᠂ ᠴᠢᠨᠠᠷ ᠴᠢᠨᠰᠠᠭ᠎ᠠ ᠴᠢᠩᠭ᠎ᠠ ᠪᠠᠶᠢᠬᠤ ᠶᠢ ᠪᠠᠲᠤᠯᠠᠨ᠎ᠠ᠃      ︵ᠭᠤᠷᠪᠠ︶ ᠤᠬᠠᠭᠤᠯᠬᠤ ᠪᠠ ᠳᠡᠯᠭᠡᠨ ᠦᠵᠡᠭᠦᠯᠬᠦ ︵10 ᠰᠠᠷ᠎ᠠ ᠶᠢᠨ ᠳᠤᠮᠳᠠᠴᠢ ᠠᠴᠠ 12 ᠰᠠᠷ᠎ᠠ︶      ᠰᠢᠯᠢᠳᠡᠭ ᠪᠦᠲᠦᠭᠡᠯ ᠢ ᠵᠠᠭᠤᠴᠢᠯᠠᠭᠤᠷ ᠤᠨ ᠲᠠᠪᠴᠠᠩ ᠢᠶᠠᠷ ᠪᠦᠬᠦ ᠰᠦᠯᠵᠢᠶᠡᠨ ᠳᠤ ᠬᠦᠷᠭᠡᠨ᠎ᠡ᠃ ᠠᠵᠢᠯᠯᠠᠭᠠᠨ ᠤ ᠬᠤᠭᠤᠴᠠᠭᠠᠨ ᠳᠤ᠂ ᠲᠠᠪᠴᠠᠩ ᠨᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠩᠭᠤ ᠬᠦᠷᠭᠡᠵᠦ᠂ ᠠᠵᠢᠯᠯᠠᠭᠠᠨ ᠤ ᠦᠷ᠎ᠡ ᠪᠦᠲᠦᠮᠵᠢ ᠶᠢ ᠥᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠰᠢᠯᠢᠳᠡᠭ ︽ᠶᠣᠰᠤᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ  ᠤᠨ ᠪᠣᠳᠠᠳᠤ ᠦᠷ᠎ᠡ ᠪᠦᠲᠦᠭᠡᠯ ᠢ ᠰᠣᠩᠭᠤᠨ ᠳᠡᠯᠭᠡᠨ ᠦᠵᠡᠭᠦᠯᠵᠦ ᠨᠡᠪᠲᠡᠷᠡᠭᠦᠯᠦᠨ᠎ᠡ᠃      ᠲᠠᠪᠤ᠂ ᠠᠵᠢᠯᠯᠠᠭᠠᠨ ᠤ ᠱᠠᠭᠠᠷᠳᠠᠯᠭ᠎ᠠ      ︵ᠨᠢᠭᠡ︶ ᠤᠳᠤᠷᠢᠳᠤᠯᠭ᠎ᠠ ᠶᠢ ᠴᠢᠩᠭᠠᠳᠬᠠᠵᠤ᠂ ᠥᠷᠭᠡᠨ ᠢᠶᠠᠷ ᠳᠠᠶᠢᠴᠢᠯᠠᠨ᠎ᠠ᠃ ᠡᠯ᠎ᠡ ᠶᠡᠭᠡ ᠳᠡᠭᠡᠳᠦ ᠰᠤᠷᠭᠠᠭᠤᠯᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠪᠣᠳᠠᠲᠠᠢ ᠲᠠᠢ ᠤᠶᠠᠯᠳᠤᠭᠤᠯᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠯᠠᠭᠤᠯᠵᠤ᠂ ᠬᠤᠶᠠᠳᠤᠭᠠᠷ ᠬᠢᠴᠢᠶᠡᠯ ᠤᠨ ᠲᠠᠩᠬᠢᠮ  ᠤᠨ ᠬᠢᠷᠢ ᠪᠦᠲᠦᠮᠵᠢ ᠶᠢᠨ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠦᠬᠦ ᠰᠤᠷᠤᠭᠴᠢ ᠣᠷᠣᠯᠴᠠᠬᠤ ᠶᠢ ᠵᠣᠷᠢᠭᠵᠢᠭᠤᠯᠤᠨ᠎ᠠ᠃      ︵ᠬᠤᠶᠠᠷ︶ ᠨᠡᠷᠡᠲᠦ ᠲᠡᠮᠳᠡᠭᠲᠦ ᠶᠢ ᠡᠭᠦᠳᠴᠦ᠂ ᠳᠠᠭᠤᠷᠢᠶᠠᠯ ᠦᠵᠡᠭᠦᠯᠦᠨ᠎ᠡ᠃ ᠡᠯ᠎ᠡ ᠶᠡᠭᠡ ᠳᠡᠭᠡᠳᠦ ᠰᠤᠷᠭᠠᠭᠤᠯᠢ ᠪᠠᠭᠰᠢ ᠰᠤᠷᠤᠭᠴᠢᠳ ᠲᠠᠢ ᠣᠶᠢᠷᠠᠲᠤᠬᠤ᠂ ᠪᠣᠳᠠᠲᠤ ᠪᠠᠶᠢᠳᠠᠯ ᠲᠠᠢ ᠣᠶᠢᠷᠠᠲᠤᠬᠤ ᠶᠢ ᠪᠠᠷᠢᠮᠲᠠᠯᠠᠨ᠂ ᠴᠠᠭ ᠦᠶ᠎ᠡ ᠶᠢᠨ ᠣᠨᠴᠠᠯᠢᠭ ᠢᠶᠠᠷ ᠪᠠᠶᠠᠯᠢᠭ᠂ ᠰᠣᠶᠣᠯ ᠤᠨ ᠠᠭᠤᠯᠤᠭᠳᠠᠬᠤᠨ ᠢ ᠢᠯᠡᠷᠡᠭᠦᠯᠬᠦ᠂ ᠥᠷᠲᠡᠭ ᠤᠨ ᠤᠳᠤᠷᠢᠳᠤᠮᠵᠢ ᠪᠦᠬᠦᠢ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠨᠡᠷᠡᠲᠦ ᠲᠡᠮᠳᠡᠭᠲᠦ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭ ᠲᠤᠬᠠᠢ ᠳᠤ ᠨᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠠᠭᠤᠷ ᠠᠮᠢᠰᠬᠤᠯ ᠢ ᠪᠣᠢ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠨ᠎ᠠ᠃      ︵ᠭᠤᠷᠪᠠ︶ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠎ᠡ᠃ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠢᠨ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠷᠢᠮᠲᠠᠯᠠᠵᠤ᠂ ᠤᠯᠠᠮᠵᠢᠯᠠᠬᠤ ᠵᠢᠮ᠎ᠡ ᠶᠣᠰᠣ ᠶᠢ ᠡᠵᠡᠮᠳᠡᠨ᠂ ᠤᠬᠠᠭᠤᠯᠬᠤ ᠡᠬᠢ ᠪᠠᠶᠠᠯᠢᠭ ᠢ ᠨᠡᠶᠢᠳᠬᠡᠵᠦ᠂ ᠰᠢᠨ᠎ᠡ ᠪᠠᠷ ᠮᠠᠨᠳᠤᠭᠰᠠᠨ ᠮᠡᠷᠭᠡᠵᠢᠯ ᠢ ᠬᠡᠷᠡᠭᠯᠡᠵᠦ᠂ ᠲᠣᠭᠲᠠᠴᠠ ᠶᠢᠨ ᠰᠢᠨ᠎ᠡ ᠶᠢ ᠡᠭᠦᠳᠴᠦ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠴᠣᠭᠴᠠᠯᠠᠨ᠎ᠠ᠃ ᠲᠤᠰᠬᠠᠢ ᠬᠥᠮᠦᠨ ᠢᠶᠠᠷ ᠬᠠᠷᠢᠭᠤᠴᠠᠭᠤᠯᠵᠤ᠂ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠬᠤᠯᠪᠣᠭᠳᠠᠯ ᠪᠦᠬᠦᠢ ᠠᠷᠭ᠎ᠠ ᠪᠠᠷᠢᠯ ᠪᠠ ᠲᠤᠷᠰᠢᠯᠭ᠎ᠠ ᠶᠢ ᠴᠠᠭ ᠲᠤᠬᠠᠢ ᠳᠤ ᠨᠢ ᠮᠡᠳᠡᠭᠡ ᠵᠠᠩᠭᠢ᠂ ᠲᠣᠪᠴᠢ ᠮᠡᠳᠡᠭᠡ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠢᠩᠬᠢᠮ ᠳᠤ ᠮᠡᠳᠡᠭᠦᠯᠦᠨ᠎ᠡ᠃      ᠵᠢᠷᠭᠤᠭ᠎ᠠ᠂ ᠬᠠᠷᠢᠯᠴᠠᠬᠤ ᠠᠷᠭ᠎ᠠ      ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠄ 021 - 34206231      ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ       ᠰᠦᠯᠵᠢᠶ᠎ᠡ᠄ 010 - 56803635    010-56803616      ᠳᠤᠮᠳᠠᠳᠤ ᠤᠯᠤᠰ ᠤᠨ ᠣᠶᠤᠲᠠᠨ ᠰᠦᠯᠵᠢᠶᠡᠨ ᠳᠤ᠄ 010 - 58603676      ᠰᠤᠷᠭᠠᠨ ᠬᠥᠮᠦᠵᠢᠯ ᠤᠨ ᠶᠠᠮᠤᠨ ᠤ ᠤᠬᠠᠭᠤᠯᠭ᠎ᠠ ᠬᠥᠮᠦᠵᠢᠯ ᠤᠨ ᠲᠥᠪ᠄ 010-66096859      ᠰᠤᠷᠭᠠᠨ ᠬᠥᠮᠦᠵᠢᠯ ᠤᠨ ᠶᠠᠮᠤᠨ ᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠡᠯᠲᠡᠰ᠄       010 - 66096689      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ       ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠭᠠᠵᠠᠷ᠄ 0471 - 2857028      ᠳᠠᠭᠠᠯᠳᠤᠭᠤᠯᠤᠯ᠄ 1. ᠮᠡᠳᠡᠯᠭᠡ ᠶᠢᠨ ᠰᠡᠴᠡᠯᠳᠦᠭᠡᠨ ᠤ ᠠᠵᠢᠯ ᠤᠨ ᠱᠠᠭᠠᠷᠳᠠᠯᠭ᠎ᠠ      2. ᠲᠣᠭᠠᠵᠢᠭᠰᠠᠨ ᠪᠢᠴᠢᠯ ᠦᠵᠡᠰᠬᠦᠯᠡᠩ᠂ ᠠᠵᠢᠯ ᠤᠨ ᠬᠡᠷᠡᠭ ᠤᠨ ᠵᠢᠱᠢᠶ᠎ᠡ᠂ ᠸᠢᠳᠢᠣ᠋ ᠪᠢᠴᠢᠯ ᠬᠢᠴᠢᠶᠡᠯ ᠵᠡᠷᠭᠡ ᠪᠦᠲᠦᠭᠡᠯ ᠢ ᠮᠡᠳᠡᠭᠦᠯᠦᠨ ᠬᠦᠷᠭᠡᠬᠦ ᠱᠠᠭᠠᠷᠳᠠᠯᠭ᠎ᠠ      3. ︽ᠶᠣᠰᠣᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠮᠡᠳᠡᠭᠦᠯᠦᠨ ᠬᠦᠷᠭᠡᠬᠦ ᠱᠠᠭᠠᠷᠳᠠᠯᠭ᠎ᠠ      4. 2024 ᠣᠨ ᠤ ᠶᠡᠭᠡ ᠳᠡᠭᠡᠳᠦ ᠰᠤᠷᠭᠠᠭᠤᠯᠢ ᠶᠢᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠭᠡᠳᠦᠯᠡᠶ᠎ᠡ︾ ᠭᠡᠬᠦ ᠤᠬᠠᠭᠤᠯᠭ᠎ᠠ ᠬᠥᠮᠦᠵᠢᠯ ᠤᠨ ᠠᠵᠢᠯᠯᠠᠭᠠᠨ ᠤ ᠦᠷ᠎ᠡ ᠪᠦᠲᠦᠭᠡᠯ ᠢ ᠴᠤᠭᠯᠠᠭᠤᠯᠬᠤ ᠬᠦᠰᠦᠨᠦᠭᠲᠦ      5. 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠶᠣᠰᠤᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠤᠨ ᠪᠣᠳᠠᠳᠤ ᠦᠷ᠎ᠡ ᠪᠦᠲᠦᠭᠡᠯ ᠢ ᠴᠤᠭᠯᠠᠭᠤᠯᠬᠤ ᠬᠦᠰᠦᠨᠦᠭᠲᠦ          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ            2024 ᠣᠨ ᠤ 7 ᠰᠠᠷ᠎ᠠ ᠶᠢᠨ 17 ᠤ ᠡᠳᠦᠷ   ᠳᠠᠭᠠᠯᠳᠤᠭᠤᠯᠤᠯ 1᠄ ᠮᠡᠳᠡᠯᠭᠡ ᠶᠢᠨ ᠰᠡᠴᠡᠯᠳᠦᠭᠡᠨ ᠤ ᠠᠵᠢᠯ ᠤᠨ ᠱᠠᠭᠠᠷᠳᠠᠯᠭ᠎ᠠ .docxᠳᠠᠭᠠᠯᠳᠤᠭᠤᠯᠤᠯ 2᠄ ᠲᠣᠭᠠᠵᠢᠭᠰᠠᠨ ᠪᠢᠴᠢᠯ ᠦᠵᠡᠰᠬᠦᠯᠡᠩ᠂ ᠠᠵᠢᠯ ᠤᠨ ᠬᠡᠷᠡᠭ ᠤᠨ ᠵᠢᠱᠢᠶ᠎ᠡ᠂ ᠸᠢᠳᠢᠣ᠋ ᠪᠢᠴᠢᠯ ᠬᠢᠴᠢᠶᠡᠯ ᠵᠡᠷᠭᠡ ᠪᠦᠲᠦᠭᠡᠯ ᠢ ᠮᠡᠳᠡᠭᠦᠯᠦᠨ ᠬᠦᠷᠭᠡᠬᠦ ᠱᠠᠭᠠᠷᠳᠠᠯᠭ᠎ᠠ.docxᠳᠠᠭᠠᠯᠳᠤᠭᠤᠯᠤᠯ 3᠄ ︽ᠶᠣᠰᠣᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠮᠡᠳᠡᠭᠦᠯᠦᠨ ᠬᠦᠷᠭᠡᠬᠦ ᠱᠠᠭᠠᠷᠳᠠᠯᠭ᠎ᠠ.docxᠳᠠᠭᠠᠯᠳᠤᠭᠤᠯᠤᠯ 4᠄ 2024 ᠣᠨ ᠤ ᠶᠡᠭᠡ ᠳᠡᠭᠡᠳᠦ ᠰᠤᠷᠭᠠᠭᠤᠯᠢ ᠶᠢᠨ ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠳᠡᠭᠡᠳᠦᠯᠡᠶ᠎ᠡ︾ ᠭᠡᠬᠦ ᠤᠬᠠᠭᠤᠯᠭ᠎ᠠ ᠬᠥᠮᠦᠵᠢᠯ ᠤᠨ ᠠᠵᠢᠯᠯᠠᠭᠠᠨ ᠤ ᠦᠷ᠎ᠡ ᠪᠦᠲᠦᠭᠡᠯ ᠢ ᠴᠤᠭᠯᠠᠭᠤᠯᠬᠤ ᠬᠦᠰᠦᠨᠦᠭᠲᠦ.docxᠳᠠᠭᠠᠯᠳᠤᠭᠤᠯᠤᠯ 5᠄ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠶᠣᠰᠤᠯᠠᠯ︾ ᠭᠡᠬᠦ ᠪᠣᠯᠪᠠᠰᠤᠨ ᠶᠣᠰᠣᠯᠠᠯ ᠤᠨ ᠰᠤᠷᠭᠠᠨ ᠬᠥᠮᠦᠵᠢᠯ ᠤᠨ ᠪᠣᠳᠠᠳᠤ ᠦᠷ᠎ᠡ ᠪᠦᠲᠦᠭᠡᠯ ᠢ ᠴᠤᠭᠯᠠᠭᠤᠯᠬᠤ ᠬᠦᠰᠦᠨᠦᠭᠲᠦ.docx 
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map