ᠪᠦᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠢᠴᠢᠶᠡᠯ ᠢ ᠲᠥᠯᠥᠪᠯᠡᠬᠦ ᠵᠢᠴᠢ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠴᠢᠩᠭᠠᠳᠬᠠᠬᠤ ᠬᠤᠶᠠᠳᠡᠬᠢ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/7/18
      7 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ           ᠬᠥᠮᠦᠵᠢᠯ ᠤᠨ ᠲᠢᠩᠬᠢᠮ ᠪᠦᠬᠦ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠬᠢᠴᠢᠶᠡᠯ ᠢ ᠲᠥᠯᠦᠪᠯᠡᠬᠦ ᠵᠢᠴᠢ ᠦᠢᠯᠡᠳᠦᠯᠭᠡ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ ᠬᠤᠶᠠᠳᠡᠬᠢ ᠤᠷᠤᠯᠳᠤᠭᠠᠨ ᠢ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ  ᠤ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠡᠬᠢᠯᠡᠯᠲᠡ  ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃   

1.webp.png

      ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠪᠣᠯ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ᠂

ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠰᠠᠭᠤᠷᠢ          

ᠪᠣᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠢ

ᠴᠢᠩᠭᠠᠳᠬᠠᠬᠤ ᠨᠢ ᠰᠤᠷᠤᠭᠴᠢᠳ ᠤᠨ ᠰᠣᠨᠢᠭᠤᠴᠢ ᠰᠡᠳᠬᠢᠯᠭᠡ ᠶᠢ ᠬᠥᠭᠵᠢᠭᠡᠬᠦ᠂ ᠰᠤᠷᠤᠭᠴᠢᠳ ᠤᠨ ᠰᠢᠨ᠎ᠡ ᠶᠢ

ᠡᠭᠦᠳᠬᠦ ᠰᠡᠳᠬᠢᠮᠵᠢ ᠪᠣᠯᠤᠨ ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠳᠤ ᠲᠦᠢᠯ ᠤᠨ ᠴᠢᠬᠤᠯᠠ ᠠᠴᠢ

ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠡᠨᠡ ᠤᠳᠠᠭᠠᠨ  ᠤ

ᠤᠷᠤᠯᠳᠤᠭᠠᠨ ᠢ ᠡᠷᠬᠢᠯᠡᠬᠦ ᠪᠠᠷ ᠳᠠᠮᠵᠢᠭᠤᠯᠤᠨ᠂ ᠥᠷᠭᠡᠨ ᠣᠯᠠᠨ ᠪᠠᠭᠰᠢ ᠳᠤ ᠵᠢᠭᠠᠨ ᠰᠤᠷᠭᠠᠯᠲᠠ ᠶᠢᠨ ᠬᠡᠪ

ᠨᠠᠮᠪᠠ ᠶᠢ ᠳᠡᠯᠭᠡᠨ ᠦᠵᠡᠭᠦᠯᠵᠦ᠂ ᠵᠢᠭᠠᠨ ᠰᠤᠷᠭᠠᠯᠲᠠ ᠶᠢᠨ ᠲᠤᠷᠰᠢᠯᠭ᠎ᠠ ᠰᠣᠯᠢᠯᠴᠠᠬᠤ ᠲᠠᠪᠴᠠᠩ ᠢ ᠪᠠᠶᠢᠭᠤᠯᠤᠨ

ᠥᠭᠴᠦ᠂ ᠰᠢᠨᠵᠢᠯᠡᠬᠦ ᠤᠬᠠᠭᠠᠨ ᠤ ᠪᠠᠭᠰᠢ ᠶᠢᠨ ᠠᠵᠢᠯ ᠮᠡᠷᠭᠡᠵᠢᠯ ᠤᠨ ᠬᠡᠪ ᠪᠣᠯᠪᠠᠰᠤᠷᠠᠯ᠂ ᠰᠢᠨ᠎ᠡ ᠶᠢ ᠡᠭᠦᠳᠬᠦ

ᠵᠣᠷᠢᠭ ᠰᠠᠨᠠᠭ᠎ᠠ ᠪᠠ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂

ᠮᠠᠨ ᠤ ᠣᠷᠣᠨ ᠤ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠶᠠᠪᠤᠴᠠ ᠳᠠᠬᠢ ᠰᠢᠨᠵᠢᠯᠡᠬᠦ ᠤᠬᠠᠭᠠᠨ ᠤ

ᠰᠤᠷᠭᠠᠨ ᠬᠥᠮᠦᠵᠢᠯ ᠤᠨ ᠨᠡᠮᠡᠯᠲᠡ ᠦᠢᠯᠡᠳᠦᠯ ᠢ ᠰᠠᠶᠢᠲᠤᠷ ᠪᠠᠳᠠᠷᠠᠭᠤᠯᠬᠤ ᠶᠢ ᠠᠬᠢᠭᠤᠯᠪᠠ᠃

2.webp.png

3.webp.png

4.webp.png

      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠤᠷᠤᠯᠳᠤᠭᠠᠨ ᠳᠤ

ᠣᠷᠣᠯᠴᠠᠭᠰᠠᠳ ᠤᠷᠤᠯᠳᠤᠭᠠᠨ ᠢ ᠰᠤᠷᠤᠯᠴᠠᠨ ᠲᠣᠯᠢᠯᠠᠭᠤᠯᠵᠤ᠂ ᠤᠷᠤᠯᠳᠤᠭᠠᠨ ᠢᠶᠠᠷ ᠰᠤᠷᠭᠠᠨ ᠬᠥᠮᠦᠵᠢᠯ ᠢ

ᠠᠬᠢᠭᠤᠯᠵᠤ᠂ ᠲᠡᠷᠢᠭᠦᠨ ᠤ ᠰᠤᠷᠭᠠᠨ ᠬᠥᠮᠦᠵᠢᠯ ᠤᠨ ᠣᠨᠣᠯᠵᠢᠬᠤᠨ ᠪᠠ ᠵᠢᠭᠠᠨ ᠰᠤᠷᠭᠠᠯᠲᠠ ᠶᠢᠨ ᠠᠷᠭ᠎ᠠ ᠶᠢ

ᠬᠢᠴᠢᠶᠡᠯ ᠤᠨ ᠲᠥᠯᠥᠪᠯᠡᠭᠡ ᠪᠠ ᠦᠢᠯᠡᠳᠦᠯᠭᠡ ᠳᠤ ᠠᠭᠤᠰᠬᠠᠨ᠂ ᠰᠢᠨᠵᠢᠯᠡᠬᠦ ᠤᠬᠠᠭᠠᠨ ᠤ ᠬᠢᠴᠢᠶᠡᠯ ᠤᠨ

ᠪᠠᠷᠢᠮᠵᠢᠶ᠎ᠠ ᠶᠢᠨ ᠲᠤᠬᠠᠢ ᠣᠶᠢᠯᠠᠭᠠᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠤ

ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ          

ᠬᠡᠷᠡᠭᠲᠡᠢ᠃ ᠪᠦᠬᠦ ᠣᠷᠣᠨ ᠤ ᠡᠯ᠎ᠡ ᠭᠠᠵᠠᠷ ᠤᠨ ᠡᠯ᠎ᠡ ᠰᠤᠷᠭᠠᠭᠤᠯᠢ ᠣᠯᠠᠨ ᠬᠡᠯᠪᠡᠷᠢᠲᠦ ᠰᠢᠨᠵᠢᠯᠡᠬᠦ ᠤᠬᠠᠭᠠᠨ ᠤ

ᠬᠢᠴᠢᠶᠡᠯ ᠢ ᠰᠢᠨ᠎ᠡ ᠪᠠᠷ ᠡᠭᠦᠳᠴᠦ᠂ ᠰᠢᠨᠵᠢᠯᠡᠬᠦ ᠤᠬᠠᠭᠠᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ

ᠴᠢᠩᠭᠠᠳᠬᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠨᠡᠩ ᠰᠢᠯᠢᠳᠡᠭ ᠰᠢᠨᠵᠢᠯᠡᠬᠦ ᠤᠬᠠᠭᠠᠨ ᠤ

ᠰᠤᠷᠭᠠᠨ ᠬᠥᠮᠦᠵᠢᠯ ᠢ ᠬᠠᠩᠭᠠᠵᠤ᠂ ᠰᠢᠨᠵᠢᠯᠡᠬᠦ ᠤᠬᠠᠭᠠᠨ ᠤ ᠦᠢᠯᠡᠰ ᠤᠨ ᠳᠠᠯᠳᠠ ᠬᠦᠴᠦᠨ ᠢ ᠪᠦᠷᠢᠯᠳᠦᠭᠦᠯᠦᠭᠰᠡᠨ᠂

ᠰᠢᠨᠵᠢᠯᠡᠬᠦ ᠤᠬᠠᠭᠠᠨ ᠤ ᠦᠢᠯᠡᠰ ᠲᠤ ᠠᠮᠢ ᠪᠡᠶ᠎ᠡ ᠪᠠᠨ ᠵᠣᠷᠢᠭᠤᠯᠬᠤ ᠰᠢᠨ᠎ᠡ ᠶᠢ ᠡᠭᠦᠳᠬᠦ ᠴᠢᠳᠠᠪᠤᠷᠢᠲᠠᠨ ᠢ ᠨᠡᠩ

ᠣᠯᠠᠨ ᠬᠥᠮᠦᠵᠢᠭᠦᠯᠬᠦ ᠬᠡᠷᠡᠭᠲᠡᠢ ᠭᠡᠵᠦ ᠱᠠᠭᠠᠷᠳᠠᠪᠠ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map