2024 ᠣᠨ ᠤ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
      7 ᠰᠠᠷ᠎ᠠ ᠶᠢᠨ 16 - 17 ᠤ ᠡᠳᠦᠷ᠂ ᠪᠡᠭᠡᠵᠢᠩ ᠬᠤᠲᠠ ᠶᠢᠨ ᠰᠤᠷᠭᠠᠨ ᠬᠥᠮᠦᠵᠢᠯ  ᠢ ᠪᠠᠶᠢᠴᠠᠭᠠᠬᠤ ᠪᠦᠯᠬᠦᠮ ᠥᠪᠥᠷ ᠮᠣᠩᠭᠤᠯ ᠳᠤ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭ᠎ᠠ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠣᠳᠤᠯᠪᠠ᠃ 17 ᠤ ᠡᠳᠦᠷ ᠤᠨ ᠦᠳᠡ ᠶᠢᠨ ᠬᠤᠶᠢᠨ᠎ᠠ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠶᠠᠷᠢᠯᠴᠠᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃      ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠢᠦᠢ ᠶᠢᠩ ᠵᠢᠶᠧ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠬᠤᠷᠠᠯ ᠢ ᠡᠷᠬᠢᠯᠡᠪᠡ᠃      ᠢᠦᠢ ᠶᠢᠩ ᠵᠢᠶᠧ᠂ ᠪᠡᠭᠡᠵᠢᠩ ᠥᠪᠥᠷ ᠮᠣᠩᠭᠤᠯ ᠤᠨ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ᠂ ᠪᠡᠭᠡᠵᠢᠩ ᠥᠪᠥᠷ ᠮᠣᠩᠭᠤᠯ  ᠤᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠰᠠᠭᠤᠷᠢ ᠪᠠᠲᠤ ᠴᠢᠩᠭ᠎ᠠ᠂ ᠦᠷ᠎ᠡ ᠪᠦᠲᠦᠭᠡᠯ ᠡᠯᠪᠡᠭ ᠪᠠᠶᠠᠯᠢᠭ᠂ ᠠᠯᠤᠰ ᠢᠷᠡᠭᠡᠳᠦᠢ ᠭᠡᠭᠡᠨ ᠰᠠᠷᠠᠭᠤᠯ ᠶᠤᠮ᠃ ᠳᠠᠷᠠᠭ᠎ᠠ ᠠᠯᠬᠤᠮ ᠳᠤ᠂ ᠬᠤᠶᠠᠷ ᠲᠠᠯ᠎ᠠ ᠪᠠᠷ ᠢᠶᠠᠨ ᠪᠡᠭᠡᠵᠢᠩ ᠥᠪᠥᠷ ᠮᠣᠩᠭᠤᠯ ᠤᠨ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠴᠢᠷᠮᠠᠶᠢᠨ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠢ ᠴᠢᠨᠠᠷᠯᠢᠭ ᠬᠥᠭᠵᠢᠭᠦᠯᠬᠦ ᠰᠢᠨ᠎ᠡ  ᠪᠠᠶᠢᠷᠢᠰᠢᠯᠠᠭᠤᠯᠤᠯᠲᠠ ᠶᠢ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠭᠦᠨᠵᠡᠭᠡᠢ ᠬᠠᠮᠵᠢᠯᠴᠠᠬᠤ ᠰᠢᠨ᠎ᠡ ᠵᠠᠭᠪᠤᠷ ᠢ ᠰᠦᠪᠡᠭᠴᠢᠯᠡᠨ᠎ᠡ ᠭᠡᠪᠡ᠃      ᠪᠦᠦ ᠰᠢᠶᠠᠨ ᠬᠤᠸᠠ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠥᠪᠥᠷ ᠮᠣᠩᠭᠤᠯ ᠤᠨ ︽ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠦᠵᠡᠯᠲᠡ ᠶᠢ ᠬᠤᠪᠢᠷᠠᠭᠤᠯᠬᠤ ᠳᠤ ᠢᠳᠡᠪᠬᠢᠲᠡᠢ ᠦᠢᠯᠡᠳᠦᠯ           ᠦᠵᠡᠭᠦᠯᠪᠡ᠃ ᠬᠤᠶᠠᠷ ᠲᠠᠯ᠎ᠠ ᠪᠠᠷ ᠢᠶᠠᠨ ᠬᠠᠮᠵᠢᠯᠴᠠᠭᠠᠨ ᠤ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠲᠡᠶᠢᠰᠢ ᠭᠤᠣᠯᠳᠠᠯᠭ᠎ᠠ ᠲᠠᠢ ᠬᠡᠯᠪᠡᠶᠢᠯᠭᠡᠨ᠂ ᠬᠠᠮᠲᠤᠷᠠᠯᠴᠠᠬᠤ ᠲᠣᠭᠲᠠᠴᠠ ᠶᠢ ᠥᠭᠡᠷᠡᠴᠢᠯᠡᠵᠦ᠂ ᠪᠡᠭᠡᠵᠢᠩ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map