ᠠᠮᠤᠷ ᠲᠦᠪᠰᠢᠨ ᠲᠤ ︽ᠠᠮᠠᠷᠠᠯᠲᠠ︾ ᠦᠭᠡᠢ︕ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ ᠶᠢ ᠪᠠᠭᠰᠢ ᠰᠤᠷᠤᠭᠴᠢ ᠭᠡᠷ ᠤᠨ ᠠᠬᠠᠮᠠᠳ ᠲᠤ ᠳᠠᠮᠵᠢᠭᠤᠯᠬᠤ ᠨᠢ
ᠨᠡᠶᠢᠲᠡᠯᠡᠭᠰᠡᠨ ᠴᠠᠭ᠄
2024/7/2
      ᠵᠤᠨ ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠬᠡᠦᠬᠡᠳ ᠤᠳ ᠠᠮᠠᠷᠠᠯᠲᠠ ᠶᠢᠨ ᠬᠤᠭᠤᠴᠠᠭ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠶᠢᠨ ᠬᠠᠮᠲᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠴᠠᠭ ᠢᠮᠠᠭᠲᠠ ᠠᠩᠬᠠᠷᠬᠤ ᠬᠡᠷᠡᠭᠲᠡᠢ᠃ ᠬᠠᠮᠲᠤ ᠳᠤ ᠪᠠᠨ ︽2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ︾ ᠪᠠ ︽2024 ᠣᠨ ᠤ ᠬᠡᠦᠬᠡᠳ ᠤᠨ ᠴᠡᠴᠡᠷᠯᠢᠭ ᠤᠨ ᠵᠤᠨ  ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ︾ ᠶᠢ ᠦᠵᠡᠵᠡᠭᠡᠶ᠎ᠡ︕ 

89752610e3c94d822693b728319174bc.jpg

      2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ

      ᠵᠤᠨ ᠤ ᠠᠮᠠᠷᠠᠯᠲᠠ ᠶᠢᠨ ᠠᠮᠤᠷ ᠲᠦᠪᠰᠢᠨ ᠤ ᠰᠠᠨᠠᠭᠤᠯᠤᠮᠵᠢ

      ᠨᠢᠭᠡ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ

      1. ︽ᠬᠥᠮᠦᠨ ᠪᠦᠬᠦᠨ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ          

ᠮᠥᠨ︾ ᠭᠡᠬᠦ ᠣᠶᠢᠯᠠᠭᠠᠭᠳᠠᠬᠤᠨ ᠢ ᠰᠠᠨᠠᠭᠠᠴᠢᠯᠠᠵᠤ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ

ᠪᠠᠷᠢᠮᠲᠠᠯᠠᠨ᠂ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠬᠡᠷᠡᠭᠲᠡᠢ᠃ ᠬᠡᠦᠬᠡᠳ ᠤᠨ ᠡᠷᠡᠭᠦᠯ ᠮᠡᠨᠳᠦ ᠶᠢᠨ 

ᠪᠠᠶᠢᠴᠠᠭᠠᠯᠲᠠ ᠶᠢ ᠰᠠᠶᠢᠲᠤᠷ ᠬᠢᠵᠦ᠂ ᠡᠪ ᠦᠭᠡᠢ ᠪᠠᠶᠢᠳᠠᠯ ᠢᠯᠡᠷᠡᠪᠡᠯ᠂ ᠳᠠᠷᠤᠢ ᠳᠤ ᠨᠢ ᠡᠮᠨᠡᠯᠭᠡ ᠳᠤ ᠣᠴᠢᠨ

ᠦᠵᠡᠭᠦᠯᠬᠦ ᠬᠡᠷᠡᠭᠲᠡᠢ᠃

      2. ︽ᠭᠤᠷᠪᠠ ᠦᠭᠡᠢ︾ ᠢᠳᠡᠭᠡᠨ ᠢ ᠢᠳᠡᠬᠦ ᠦᠭᠡᠢ᠂ ᠤᠬᠢᠶᠠᠵᠤ ᠴᠡᠪᠡᠷᠯᠡᠭᠰᠡᠨ ᠦᠭᠡᠢ ᠢᠳᠡᠭᠡᠨ ᠢ ᠢᠳᠡᠬᠦ

ᠦᠭᠡᠢ᠂ ᠲᠦᠭᠦᠬᠡᠢ ᠤᠰᠤ ᠤᠤᠭᠤᠬᠤ ᠦᠭᠡᠢ᠃ ᠳᠠᠪᠤᠰᠤ ᠶᠡᠬᠡᠲᠡᠢ᠂ ᠰᠢᠬᠢᠷ ᠲᠠᠢ᠂ ᠲᠣᠰᠤᠨ ᠳᠤ ᠬᠠᠭᠠᠷᠢᠭᠰᠠᠨ᠂

ᠤᠲᠤᠭᠰᠠᠨ ᠢᠳᠡᠭᠡᠨ ᠢ ᠳᠤᠲᠠᠭᠤ ᠢᠳᠡᠨ᠎ᠡ᠃ ᠲᠠᠨᠢᠬᠤ ᠦᠭᠡᠢ ᠪᠤᠶᠤ ᠢᠷᠡᠯᠲᠡ ᠨᠢ ᠲᠣᠳᠣᠷᠬᠠᠢ ᠦᠭᠡᠢ ᠬᠡᠭᠡᠷ᠎ᠡ ᠶᠢᠨ

ᠪᠠᠺᠲ᠋ᠧᠷᠢ ᠶᠢᠨ ᠲᠥᠷᠥᠯ ᠢ ᠲᠡᠭᠦᠬᠦ ᠦᠭᠡᠢ᠂ ᠬᠤᠳᠠᠯᠳᠤᠨ ᠠᠪᠬᠤ ᠦᠭᠡᠢ ᠪᠤᠶᠤ ᠢᠳᠡᠬᠦ ᠦᠭᠡᠢ᠃

      3. ᠬᠡᠦᠬᠡᠳ ᠤᠨ ᠭᠦᠢᠴᠡᠳ ᠤᠨᠲᠠᠬᠤ ᠴᠠᠭ ᠢ ᠦᠨᠡᠨ ᠬᠦ ᠪᠠᠲᠤᠯᠠᠵᠤ᠂ ᠪᠠᠭ᠎ᠠ ᠰᠤᠷᠭᠠᠭᠤᠯᠢ ᠶᠢᠨ

ᠰᠤᠷᠤᠭᠴᠢ ᠶᠢᠨ ᠡᠳᠦᠷ ᠪᠦᠷᠢ ᠶᠢᠨ ᠤᠨᠲᠠᠬᠤ ᠴᠠᠭ ᠬᠠᠮᠤᠭ ᠤᠨ ᠪᠠᠭ᠎ᠠ ᠳᠤ ᠪᠠᠨ 10 ᠴᠠᠭ᠂ ᠠᠩᠬ᠎ᠠ ᠵᠡᠷᠭᠡ ᠶᠢᠨ

ᠳᠤᠮᠳᠠᠳᠤ ᠰᠤᠷᠭᠠᠭᠤᠯᠢ ᠶᠢᠨ ᠰᠤᠷᠤᠭᠴᠢ 9 ᠴᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ

8 ᠴᠠᠭ ᠪᠠᠶᠢᠬᠤ ᠬᠡᠷᠡᠭᠲᠡᠢ᠃

      4. ᠠᠮᠤᠷ ᠲᠦᠪᠰᠢᠨ ᠬᠥᠳᠡᠯᠭᠡᠭᠡᠨ ᠤ ᠲᠥᠷᠥᠯ ᠵᠦᠢᠯ ᠢ ᠰᠣᠩᠭᠤᠨ᠂ ᠵᠣᠬᠢᠰᠲᠠᠢ ᠪᠡᠶ᠎ᠡ ᠶᠢᠨ ᠲᠠᠮᠢᠷ ᠤᠨ

ᠪᠣᠯᠪᠠᠰᠤᠷᠠᠯ ᠬᠢᠬᠦ ᠶᠢ ᠪᠠᠷᠢᠮᠲᠠᠯᠠᠵᠤ᠂ ᠴᠤᠭ ᠵᠢᠪᠬᠤᠭ᠎ᠠ ᠰᠠᠶᠢᠨ ᠰᠠᠶᠢᠬᠠᠨ᠂ ᠪᠥᠷᠢᠨ ᠲᠡᠭᠦᠯᠳᠡᠷ ᠪᠠᠶᠢᠬᠤ ᠶᠢ

ᠪᠠᠲᠤᠯᠠᠬᠤ ᠬᠡᠷᠡᠭᠲᠡᠢ᠃

      ᠬᠤᠶᠠᠷ᠂ ᠤᠰᠤᠨ ᠳᠤ ᠠᠳᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ

      5. ᠭᠤᠣᠯ ᠮᠥᠷᠡᠨ ᠨᠠᠭᠤᠷ ᠴᠥᠭᠦᠷᠥᠮ ᠵᠡᠷᠭᠡ ᠤᠰᠤᠨ ᠤ ᠬᠥᠪᠡᠭᠡ᠂ ᠤᠰᠤᠨ ᠳᠡᠭᠡᠷᠡᠬᠢ ᠲᠠᠪᠴᠠᠩ᠂

ᠪᠠᠷᠢᠯᠭ᠎ᠠ ᠶᠢᠨ ᠭᠠᠵᠠᠷ ᠤᠨ ᠤᠰᠤᠨ ᠨᠦᠬᠡ ᠵᠡᠷᠭᠡ ᠤᠰᠤᠨ‌ᠣᠷᠣᠨ ᠳᠤ ᠨᠠᠭᠠᠳᠴᠤ᠂ ᠠᠯᠢᠶᠠᠷᠬᠠᠬᠤ            

ᠦᠭᠡᠢ᠃ ᠭᠤᠣᠯ ᠤᠨ ᠤᠷᠤᠰᠬᠠᠯ ᠵᠡᠷᠭᠡ ᠤᠰᠤᠨ ᠣᠷᠣᠨ ᠳᠤ ᠤᠨᠠᠭᠰᠠᠨ ᠡᠳ᠋ ᠪᠣᠳᠠᠰ ᠢ ᠲᠡᠭᠦᠬᠦ ᠦᠭᠡᠢ᠂ ᠭᠤᠣᠯ

ᠮᠥᠷᠡᠨ ᠨᠠᠭᠤᠷ ᠴᠥᠬᠦᠷᠦᠮ ᠤᠨ ᠬᠥᠪᠡᠭᠡᠨ ᠳᠤ ᠭᠠᠷ ᠢᠶᠠᠨ ᠤᠬᠢᠶᠠᠬᠤ ᠦᠭᠡᠢ᠂ ᠶᠠᠭᠤᠮ᠎ᠠ ᠪᠠᠨ ᠤᠬᠢᠶᠠᠬᠤ ᠦᠭᠡᠢ᠂

ᠵᠢᠭᠠᠰᠤ ᠵᠢᠷᠠᠭᠠᠬᠠᠢ᠂ ᠮᠡᠯᠡᠬᠡᠢ ᠶᠢ ᠪᠠᠷᠢᠬᠤ ᠦᠭᠡᠢ᠃

      6. ᠳᠤᠷ᠎ᠠ ᠪᠠᠷ ᠢᠶᠠᠨ ᠤᠰᠤᠨ ᠳᠤ ᠤᠮᠪᠠᠭ᠋ᠤ ᠦᠭᠡᠢ᠂ ᠳᠤᠷ᠎ᠠ ᠪᠠᠷ ᠢᠶᠠᠨ ᠪᠤᠰᠤᠳ ᠬᠥᠮᠦᠨ ᠲᠠᠢ ᠬᠠᠮᠲᠤ

ᠤᠰᠤᠨ ᠳᠤ ᠤᠮᠪᠠᠭ᠋ᠤ ᠦᠭᠡᠢ᠂ ᠭᠡᠷ ᠤᠨ ᠠᠬᠠᠮᠠᠳ ᠪᠤᠶᠤ ᠪᠠᠭᠰᠢ ᠶᠢᠨ ᠳᠠᠭᠠᠭᠤᠯᠭ᠎ᠠ ᠦᠭᠡᠢ ᠪᠠᠶᠢᠳᠠᠯ ᠳᠣᠣᠷ᠎ᠠ

ᠤᠰᠤᠨ ᠳᠤ ᠤᠮᠪᠠᠭ᠋ᠤ ᠦᠭᠡᠢ᠂ ᠠᠮᠤᠷ ᠲᠦᠪᠰᠢᠨ ᠤ ᠲᠥᠬᠦᠭᠡᠷᠦᠮᠵᠢ ᠦᠭᠡᠢ᠂ ᠠᠪᠤᠷᠠᠨ ᠲᠤᠰᠠᠯᠠᠬᠤ ᠬᠥᠮᠦᠨ ᠦᠭᠡᠢ

ᠤᠰᠤᠨ ᠳᠤ ᠤᠮᠪᠠᠭ᠋ᠤ ᠦᠭᠡᠢ᠂ ᠲᠠᠨᠢᠯ ᠪᠣᠰᠤ ᠤᠰᠤᠨ ᠣᠷᠣᠨ ᠳᠤ ᠣᠴᠢᠵᠤ ᠤᠮᠪᠠᠭ᠋ᠤ ᠦᠭᠡᠢ᠃

      7. ᠨᠠᠶᠢᠵᠠ ᠴᠢᠨᠢ ᠤᠰᠤᠨ ᠳᠤ ᠤᠨᠠᠭᠰᠠᠨ ᠢ ᠣᠯᠵᠤ ᠮᠡᠳᠡᠪᠡᠯ᠂ ᠳᠠᠷᠤᠢ ᠳᠤ ᠨᠢ ᠨᠠᠰᠤᠨ ᠳᠤ

ᠬᠦᠷᠦᠭᠰᠡᠳ ᠠᠴᠠ ᠬᠠᠪᠰᠤᠷᠤᠯᠭ᠎ᠠ ᠡᠷᠢᠵᠦ᠂ ᠰᠣᠬᠤᠷ ᠪᠠᠯᠠᠢ ᠪᠠᠷ ᠭᠠᠷ ᠬᠤᠯᠪᠤᠯᠴᠠᠨ ᠠᠪᠤᠷᠠᠯᠲᠠ ᠬᠢᠬᠦ ᠪᠤᠶᠤ

ᠤᠰᠤᠨ ᠳᠤ ᠣᠷᠣᠵᠤ ᠠᠪᠤᠷᠠᠯᠲᠠ ᠬᠢᠬᠦ ᠦᠭᠡᠢ᠃

      ᠭᠤᠷᠪᠠ᠂ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ

      8. ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠢᠴᠢ ᠠᠮᠤᠷ ᠲᠦᠪᠰᠢᠨ ᠤ ᠰᠡᠷᠡᠮᠵᠢᠯᠡᠭᠦᠯᠬᠦ ᠮᠡᠳᠡᠭᠡ

ᠵᠠᠩᠭᠢ ᠶᠢ ᠠᠩᠬᠠᠷᠴᠤ᠂ ᠠᠮᠤᠷ ᠲᠦᠪᠰᠢᠨ ᠤ ᠮᠡᠳᠡᠯᠭᠡ ᠶᠢ ᠰᠤᠷᠤᠯᠴᠠᠵᠤ᠂ ᠶᠠᠪᠤᠵᠤ ᠰᠠᠭᠤᠬᠤ ᠠᠴᠠ ᠡᠮᠦᠨ᠎ᠡ

ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠰᠢᠷᠦᠭᠦᠨ ᠪᠣᠷᠣᠭᠠᠨ᠂ ᠠᠶᠤᠩᠭ᠎ᠠ ᠴᠠᠬᠢᠯᠭᠠᠨ

ᠵᠡᠷᠭᠡ ᠴᠠᠭ ᠠᠭᠤᠷ ᠪᠣᠯᠤᠨ ᠰᠢᠪᠠᠷ ᠴᠢᠯᠠᠭᠤᠨ ᠤ ᠤᠷᠤᠰᠬᠠᠯ ᠬᠢᠯᠪᠠᠷᠬᠠᠨ ᠡᠭᠦᠰᠳᠡᠭ᠂ ᠶᠡᠭᠦᠷᠡᠳᠡᠭ᠂ ᠨᠤᠷᠠᠳᠠᠭ

ᠵᠡᠷᠭᠡ ᠭᠠᠮᠰᠢᠭ ᠤᠨ ᠭᠠᠵᠠᠷ ᠦᠯᠡᠳᠡᠨ ᠨᠠᠭᠠᠳᠴᠤ ᠲᠣᠭᠯᠠᠬᠤ ᠦᠭᠡᠢ᠃ ᠬᠡᠦᠬᠡᠳ ᠭᠠᠳᠠᠭᠰᠢ ᠭᠠᠷᠬᠤ ᠳᠤ ᠭᠡᠷ ᠤᠨ

ᠠᠬᠠᠮᠠᠳ ᠣᠴᠢᠬᠤ ᠭᠠᠵᠠᠷ᠂ ᠠᠭᠤᠯᠭ᠎ᠠ᠂ ᠬᠠᠮᠲᠤ ᠶᠠᠪᠤᠭᠴᠢ ᠪᠠ ᠪᠤᠴᠠᠬᠤ ᠴᠠᠭ ᠢ  ᠮᠡᠳᠡᠵᠦ᠂ ᠠᠮᠤᠷ ᠲᠦᠪᠰᠢᠨ ᠤ

ᠰᠠᠨᠠᠭᠤᠯᠤᠮᠵᠢ ᠶᠢ ᠴᠢᠩᠭ᠎ᠠ ᠬᠢᠬᠦ ᠬᠡᠷᠡᠭᠲᠡᠢ᠃

      9. ᠬᠡᠦᠬᠡᠳ ᠢ ᠵᠠᠮ ᠬᠠᠷᠢᠯᠴᠠᠭᠠᠨ ᠤ ᠳᠦᠷᠢᠮ ᠢ ᠴᠢᠩᠭ᠎ᠠ ᠵᠢᠷᠤᠮᠯᠠᠬᠤ ᠪᠠᠷ ᠬᠥᠮᠥᠵᠢᠭᠦᠯᠬᠦ ᠪᠤᠶᠤ ᠰᠠᠨᠠᠭᠤᠯᠵᠤ᠂

ᠣᠯᠠᠨ ᠨᠡᠶᠢᠲᠡ ᠶᠢᠨ ᠲᠠᠯᠠᠪᠤᠷ ᠲᠤ᠂ ᠶᠠᠭᠤᠨ ᠤ ᠡᠮᠦᠨ᠎ᠡ ᠠᠮᠤᠷ ᠲᠦᠪᠰᠢᠨ ᠭᠠᠷᠬᠤ ᠡᠭᠦᠳᠡ ᠶᠢ ᠠᠩᠬᠠᠷᠤᠨ᠂ ᠡᠮᠬᠢ

ᠵᠢᠷᠤᠮ ᠲᠠᠢ ᠪᠠᠶᠢᠵᠤ᠂ ᠰᠢᠬᠠᠯᠳᠤᠬᠤ ᠦᠭᠡᠢ᠂ ᠵᠢᠯᠣᠭᠤᠳᠬᠤ ᠶᠢ ᠳᠠᠭᠠᠵᠤ᠂ ᠭᠢᠰᠬᠢᠯᠳᠦᠬᠦ ᠠᠴᠠ ᠵᠠᠶᠢᠯᠠᠰᠬᠢᠨ᠂ ᠲᠡᠷᠭᠡᠨ ᠤ

ᠪᠠᠯᠠᠢ ᠣᠷᠣᠨ ᠢ ᠰᠡᠷᠡᠮᠵᠢᠯᠡᠬᠦ ᠬᠡᠷᠡᠭᠲᠡᠢ᠃

     10. ᠪᠦᠬᠦᠯᠢ 12 ᠨᠠᠰᠤ ᠬᠦᠷᠦᠭᠡ ᠪᠣᠯ ᠳᠤᠭᠤᠢ ᠲᠡᠷᠭᠡ ᠤᠨᠤᠬᠤ ᠦᠭᠡᠢ᠂ ᠪᠦᠬᠦᠯᠢ 16 ᠨᠠᠰᠤ ᠬᠦᠷᠦᠭᠡ

ᠦᠭᠡᠢ ᠪᠣᠯ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠣᠨᠣᠬᠤ ᠦᠭᠡᠢ᠃ ᠬᠤᠷᠳᠤᠴᠠ ᠬᠡᠲᠦᠷᠡᠭᠰᠡᠨ᠂

ᠬᠡᠲᠦᠷᠡᠲᠡᠯ᠎ᠡ ᠠᠴᠢᠶᠠᠯᠠᠭᠰᠠᠨ᠂ ᠠᠷᠢᠬᠢ ᠤᠤᠭᠤᠭᠠᠳ ᠵᠢᠯᠣᠭᠤᠳᠤᠭᠰᠠᠨ᠂ ᠬᠤᠣᠷ ᠲᠠᠲᠠᠭᠠᠳ ᠵᠢᠯᠣᠭᠤᠳᠤᠭᠰᠠᠨ᠂

ᠶᠠᠳᠠᠷᠠᠭᠠᠳ ᠵᠢᠯᠣᠭᠤᠳᠣᠭᠰᠠᠨ ᠲᠡᠷᠭᠡᠨ ᠳᠤ ᠰᠠᠭᠤᠬᠤ ᠦᠭᠡᠢ᠂ ᠭᠤᠷᠪᠠᠨ ᠬᠦᠷᠳᠦᠲᠦ ᠲᠡᠷᠭᠡᠨ ᠳᠤ ᠰᠠᠭᠤᠬᠤ ᠦᠭᠡᠢ᠂

ᠲᠠᠷᠢᠶᠠᠯᠠᠩ ᠳᠤ ᠬᠡᠷᠡᠭᠯᠡᠬᠦ ᠲᠡᠷᠭᠡ ᠵᠡᠷᠭᠡ ᠠᠶᠠᠨᠴᠢᠳ ᠤᠨ ᠲᠡᠭᠡᠭᠡᠪᠦᠷᠢ ᠶᠢᠨ ᠬᠢᠷᠢ ᠭᠡᠮ ᠦᠭᠡᠢ ᠲᠡᠷᠭᠡᠨ ᠳᠤ ᠰᠠᠭᠤᠬᠤ

ᠦᠭᠡᠢ᠂ ᠲᠠᠨᠢᠯ ᠪᠤᠰᠤ ᠬᠥᠮᠦᠨ ᠤ ᠲᠡᠷᠭᠡᠨ ᠳᠤ ᠰᠠᠭᠤᠬᠤ ᠦᠭᠡᠢ᠃

     ᠳᠥᠷᠪᠡ᠂ ᠠᠮᠤᠷ ᠲᠠᠶᠢᠪᠤᠭᠤᠨ ᠪᠠᠶᠠᠷ ᠬᠦᠷ ᠲᠠᠢ ᠪᠠᠷ ᠠᠮᠠᠷᠠᠯᠲᠠ ᠢᠶᠠᠨ ᠥᠩᠭᠡᠷᠡᠭᠡᠨ᠎ᠡ

     11. ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ᠂

ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠣᠷᠣᠯᠴᠠᠭᠰᠠᠨ ᠬᠡᠦᠬᠡᠳ ᠲᠤ

ᠴᠢᠭᠯᠡᠭᠦᠯᠦᠨ᠂ ᠬᠡᠦᠬᠡᠳ ᠤᠨ ᠬᠢᠵᠠᠭᠠᠷᠯᠠᠯ ᠦᠭᠡᠢ ᠨᠠᠭᠠᠳᠤᠨ ᠴᠡᠩᠭᠡᠬᠦ᠂ ᠪᠠᠴᠢᠮᠳᠠᠬᠤ ᠵᠣᠪᠠᠨᠢᠬᠤ᠂ ᠭᠤᠲᠤᠷᠠᠬᠤ

ᠥᠪᠡᠷ ᠢ ᠢᠶᠠᠨ ᠵᠢᠮᠡᠯᠡᠬᠦ ᠵᠡᠷᠭᠡ ᠰᠢᠯᠭᠠᠯᠲᠠ ᠶᠢᠨ ᠳᠠᠷᠠᠭᠠᠬᠢ ᠤᠷᠮ᠎ᠠ ᠮᠠᠭᠤ ᠪᠠᠶᠢᠳᠠᠯ ᠢ ᠠᠩᠬᠠᠷᠴᠤ᠂ ᠬᠡᠦᠬᠡᠳ ᠢ

ᠰᠢᠯᠭᠠᠯᠲᠠ ᠳᠤ ᠵᠥᠪ ᠢᠶᠠᠷ ᠬᠠᠨᠳᠤᠭᠤᠯᠬᠤ ᠪᠠᠷ ᠬᠠᠨᠳᠤᠯᠭᠠᠲᠠᠢ ᠰᠤᠷᠭᠠᠨ ᠬᠥᠮᠦᠵᠢᠭᠦᠯᠵᠦ᠂ ᠰᠠᠨᠠᠭᠤᠯᠵᠤ᠂

ᠬᠥᠲᠥᠯᠥᠨ ᠵᠢᠯᠣᠭᠤᠳᠴᠤ᠂ ᠲᠤᠰᠢᠶᠠᠯ ᠬᠠᠪᠰᠤᠷᠭᠠᠬᠤ ᠠᠮᠤᠷ ᠲᠦᠪᠰᠢᠨ᠂ ᠵᠤᠭᠠᠴᠠᠬᠤ ᠠᠮᠤᠷ ᠲᠦᠪᠰᠢᠨ ᠢ

ᠠᠩᠬᠠᠷᠤᠨ᠂ ᠳᠤᠷ᠎ᠠ ᠪᠠᠷ ᠢᠶᠠᠨ ᠪᠣᠰᠤᠳ ᠬᠥᠮᠦᠨ ᠲᠠᠢ ᠶᠠᠪᠤᠵᠤ ᠰᠠᠭᠤᠬᠤ ᠦᠭᠡᠢ᠂ ᠰᠢᠨᠵᠢᠯᠡᠬᠦ ᠤᠬᠠᠭᠠᠨᠴᠢ ᠪᠠᠷ

ᠠᠵᠢᠯᠯᠠᠵᠤ ᠠᠮᠠᠷᠠᠬᠤ ᠶᠢ ᠪᠠᠲᠤᠯᠠᠨ᠎ᠠ᠃

     12. ᠭᠡᠷ ᠪᠦᠯᠢ ᠶᠢᠨ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠵᠡᠯᠲᠡ ᠶᠢ ᠪᠣᠢ ᠪᠣᠯᠭᠠᠵᠤ᠂ ᠬᠡᠪ

ᠴᠢᠨᠠᠷ ᠤᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠨᠠᠰᠤᠨ ᠳᠤ ᠦᠯᠦ ᠬᠦᠷᠦᠭᠰᠡᠳ ᠤᠨ ᠪᠡᠶ᠎ᠡ

ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠬᠡᠦᠬᠡᠳ ᠤᠨ ᠰᠠᠶᠢᠨ ᠰᠠᠶᠢᠬᠠᠨ ᠦᠵᠡᠯ ᠰᠠᠨᠠᠭ᠎ᠠ

ᠶᠣᠰᠣ ᠮᠣᠷᠠᠯ᠂ ᠦᠢᠯᠡ ᠠᠵᠢᠯᠯᠠᠭ᠎ᠠ ᠶᠢᠨ ᠳᠠᠳᠬᠠᠯ ᠪᠠ ᠡᠷᠡᠭᠦᠯ ᠴᠢᠭᠢᠷᠠᠭ ᠪᠡᠶ᠎ᠡ ᠰᠡᠳᠬᠢᠯ ᠢ ᠬᠥᠮᠦᠵᠢᠭᠦᠯᠬᠦ ᠶᠢ

ᠴᠢᠬᠤᠯᠠᠴᠢᠯᠠᠵᠤ᠂ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ︔ ᠪᠣᠳᠠᠭᠠᠯᠢ ᠪᠡᠶ᠎ᠡ ᠶᠢᠨ ᠵᠥᠷᠢᠶ᠎ᠡ ᠶᠢ

ᠬᠦᠨᠳᠦᠳᠬᠡᠵᠦ᠂ ᠬᠡᠦᠬᠡᠳ ᠤᠨ ᠥᠰᠦᠨ ᠪᠤᠶᠢᠵᠢᠬᠤ ᠬᠠᠷᠠᠯᠲᠠ ᠶᠢ ᠣᠶᠤᠨᠴᠢ ᠪᠠᠷ ᠲᠣᠭᠲᠠᠭᠠᠨ᠎ᠠ︔ ᠢᠯᠡᠭᠦᠦ

ᠬᠦᠨᠳᠦᠳᠬᠡᠵᠦ ᠢᠯᠡᠭᠦᠦ ᠣᠶᠢᠯᠠᠭᠠᠨ᠂ ᠡᠷᠬᠡ ᠲᠡᠭᠰᠢ ᠪᠠᠷ ᠨᠡᠪᠲᠡᠷᠡᠯᠴᠡᠬᠦ ᠶᠢ ᠴᠢᠩᠭᠠᠳᠬᠠᠵᠤ᠂ ᠰᠤᠷᠭᠠᠨ

ᠬᠥᠮᠥᠵᠢᠭᠦᠯᠬᠦ ᠠᠷᠭ᠎ᠠ ᠮᠠᠶ᠋ᠢᠭ ᠢ  ᠡᠷᠬᠢᠮᠯᠡᠨ᠎ᠡ᠃ ᠭᠡᠷ ᠲᠤ ᠪᠠᠨ ᠬᠤᠴᠣᠷᠤᠭᠰᠠᠨ ᠬᠡᠦᠬᠡᠳ ᠤᠨ ᠭᠡᠷ ᠤᠨ ᠠᠬᠠᠮᠠᠳ

ᠲᠣᠭᠲᠠᠭᠰᠠᠨ ᠬᠤᠭᠤᠴᠠᠭ᠎ᠠ ᠲᠠᠢ ᠬᠡᠦᠬᠡᠳ ᠲᠠᠢ ᠪᠠᠨ ᠬᠠᠷᠢᠯᠴᠠᠵᠤ᠂ ᠬᠠᠯᠠᠮᠵᠢᠯᠠᠨ ᠬᠠᠶᠢᠷᠠᠯᠠᠬᠤ ᠬᠡᠷᠡᠭᠲᠡᠢ᠃

     13. ᠴᠠᠬᠢᠯᠭᠠᠨ᠂ ᠬᠡᠢ ᠶᠢ ᠵᠥᠪ ᠬᠡᠷᠡᠭᠯᠡᠵᠦ᠂ ᠭᠡᠷ ᠪᠦᠯᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ

ᠲᠦᠪᠰᠢᠨ ᠢ ᠰᠠᠶᠢᠲᠤᠷ ᠬᠢᠬᠦ ᠬᠡᠷᠡᠭᠲᠡᠢ᠃ ᠬᠡᠦᠬᠡᠳ ᠢᠶᠠᠨ  ︽ᠯᠥᠸᠧ ᠪᠥᠸᠧ ᠳ᠋ᠣᠤ︾᠂ ᠯᠠᠶᠢᠰᠧᠷ ᠪᠢᠷ᠂

ᠪᠦᠳᠦᠭᠦᠯᠢᠭ ᠱᠧᠦ ᠪᠠᠨ ᠵᠡᠷᠭᠡ ᠠᠮᠤᠷ ᠲᠦᠪᠰᠢᠨ ᠤ ᠠᠶᠤᠯ ᠲᠦᠭᠰᠢᠭᠦᠷᠢ ᠪᠤᠶᠤ ᠬᠦᠴᠦᠷᠬᠡᠭᠯᠡᠯ ᠢ ᠠᠮᠠᠷᠬᠠᠨ

ᠡᠭᠦᠰᠭᠡᠳᠡᠭ ᠮᠠᠭᠤ ᠦᠢᠯᠡ ᠠᠵᠢᠯᠯᠠᠭ᠎ᠠ ᠶᠢᠨ ᠬᠡᠯᠪᠡᠷᠢᠯ ᠲᠠᠢ ᠲᠣᠭᠯᠠᠭᠠᠮ ᠪᠠ ᠰᠤᠷᠤᠭᠴᠢ ᠶᠢᠨ ᠬᠡᠷᠡᠭᠰᠡᠯ ᠢ

ᠬᠤᠳᠠᠯᠳᠤᠨ ᠠᠪᠬᠤ ᠦᠭᠡᠢ᠂ ᠠᠪᠴᠤ ᠶᠠᠪᠤᠬᠤ ᠦᠭᠡᠢ  ᠨᠠᠭᠠᠳᠬᠤ ᠦᠭᠡᠢ ᠪᠠᠷ ᠬᠥᠮᠦᠵᠢᠭᠦᠯᠦᠨ ᠵᠢᠯᠣᠭᠤᠳᠤᠨ᠎ᠠ᠃

     14. ᠪᠤᠰᠤᠳ ᠢ ᠳᠣᠷᠣᠮᠵᠢᠯᠠᠬᠤ ᠦᠭᠡᠢ᠂ ᠲᠠᠮᠠᠬᠢ ᠲᠠᠲᠠᠬᠤ ᠦᠭᠡᠢ᠂ ᠠᠷᠢᠬᠢ ᠤᠤᠭᠤᠬᠤ ᠦᠭᠡᠢ᠂ ᠫᠠᠢ

ᠨᠠᠭᠠᠳᠬᠤ ᠦᠭᠡᠢ᠂ ᠬᠤᠣᠷ ᠲᠠᠲᠠᠬᠤ ᠦᠭᠡᠢ᠂ ᠮᠤᠬᠤᠷ ᠪᠢᠰᠢᠷᠡᠯ᠂ ᠭᠠᠵᠢᠭᠤ ᠨᠣᠮᠯᠠᠯ᠂ ᠳᠠᠮᠵᠢᠭᠤᠯᠤᠨ

ᠪᠣᠷᠣᠯᠠᠭᠤᠯᠬᠤ ᠵᠡᠷᠭᠡ ᠠᠵᠢᠯᠯᠠᠭ᠎ᠠ ᠳᠤ ᠣᠷᠣᠯᠴᠠᠬᠤ ᠦᠭᠡᠢ᠂ ᠭᠠᠷ ᠤᠲᠠᠰᠤ᠂ ᠰᠦᠯᠵᠢᠶᠡᠨ ᠳᠤ ᠰᠢᠨᠤᠬᠠᠶᠢᠷᠠᠬᠤ

ᠦᠭᠡᠢ᠂ ᠰᠦᠯᠵᠢᠶᠡᠨ ᠤ ᠪᠠᠭᠠᠷ᠂ ᠠᠷᠢᠬᠢᠨ ᠮᠤᠬᠤᠯᠠᠭ ᠵᠢᠴᠢ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠲᠤ

ᠣᠴᠢᠬᠤ ᠦᠭᠡᠢ᠂ ᠱᠠᠯᠢᠭ ᠵᠠᠪᠬᠠᠢ᠂ ᠬᠦᠴᠦᠷᠬᠡᠭᠯᠡᠯ ᠤᠨ ᠲᠣᠭᠯᠠᠭᠠᠮ ᠢ ᠤᠬᠠᠮᠰᠠᠷ ᠠᠴᠠ ᠪᠠᠨ ᠬᠤᠷᠢᠭᠯᠠᠨ᠎ᠠ᠃ ᠢ

ᠲᠦᠸᠧ ᠮᠢ ᡁᠢ ᠠᠭᠤᠯᠤᠭᠳᠠᠭᠰᠠᠨ ︽ᠲᠣᠯᠤᠭᠠᠢ ᠳᠤ ᠭᠠᠷᠬᠤ ᠡᠯᠧᠺᠲᠷᠣᠨ ᠲᠠᠮᠠᠬᠢ︾ ᠵᠡᠷᠭᠡ ᠰᠢᠨ᠎ᠡ ᠬᠡᠯᠪᠡᠷᠢ ᠶᠢᠨ

ᠬᠤᠣᠷᠲᠤ ᠡᠳ᠋ ᠪᠣᠯᠤᠨ ︽ᠰᠢᠶᠣᠤ ᠴᠢ︾ ︵ᠪᠠᠰᠠ ᠬᠤᠶᠠᠷ ᠠᠽᠣᠲ ᠤᠨ ᠲᠠᠩ ᠢᠰᠦᠯ ᠭᠡᠳᠡᠭ︶ ᠵᠡᠷᠭᠡ ᠬᠦᠨᠳᠦ

ᠨᠣᠴᠢᠲᠠᠢ ᠬᠤᠣᠷ ᠬᠥᠨᠥᠭᠡᠯ ᠲᠠᠢ ᠪᠣᠳᠠᠰ ᠢ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ ᠶᠢ ᠲᠠᠨᠢᠭᠤᠯᠵᠤ᠂ ︽ᠤᠷᠮ᠎ᠠ

ᠰᠡᠷᠭᠦᠭᠡᠬᠦ︾᠂ ︽ᠮᠠᠷᠢᠶ᠎ᠠ ᠪᠠᠭᠤᠷᠠᠭᠤᠯᠬᠤ︾᠂ ︽ᠰᠢᠨᠤᠭᠤᠯᠬᠤ ᠦᠭᠡᠢ︾᠂ ︽ᠬᠤᠣᠷ ᠦᠭᠡᠢ︾ ᠵᠡᠷᠭᠡ ᠥᠳᠦᠭᠡᠨ

ᠬᠤᠣᠷ ᠲᠠᠲᠠᠭᠤᠯᠬᠤ ᠮᠡᠬᠡᠯᠡᠬᠦ ᠠᠷᠭ᠎ᠠ ᠶᠢ ᠠᠩᠬᠠᠷᠤᠨ ᠰᠡᠷᠭᠡᠶᠢᠯᠡᠬᠦ ᠬᠡᠷᠡᠭᠲᠡᠢ᠃

     15. ᠴᠠᠬᠢᠯᠭᠠᠨ ᠬᠤᠯᠪᠣᠭ᠎ᠠ᠂ ᠰᠦᠯᠵᠢᠶᠡᠨ ᠤ ᠮᠡᠬᠡᠯᠡᠯ ᠢ ᠰᠡᠷᠭᠡᠶᠢᠯᠡᠵᠦ᠂ ᠰᠦᠯᠵᠢᠶᠡᠨ  ᠤ ᠮᠡᠳᠡᠭᠡ ᠵᠠᠩᠭᠢ ᠶᠢ

ᠠᠮᠠᠷᠬᠠᠨ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ᠂ ᠲᠠᠨᠢᠯ ᠪᠤᠰᠤ ᠰᠦᠯᠵᠢᠶᠡᠨ ᠠᠨᠳᠠ ᠨᠠᠷ ᠲᠠᠢ

ᠠᠭᠤᠯᠵᠠᠬᠤ ᠦᠭᠡᠢ᠃

     16. ᠤᠯᠤᠰ ᠤᠨ ︽ᠬᠤᠶᠠᠷ ᠢ ᠬᠥᠩᠭᠡᠷᠡᠭᠦᠯᠬᠦ︾ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ

ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠪᠠᠶᠠᠷ

ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠵᠢᠴᠢ ᠡᠪᠦᠯ ᠵᠤᠨ ᠤ ᠠᠮᠠᠷᠠᠯᠲᠠ ᠶᠢᠨ ᠡᠳᠦᠷ ᠢ ᠡᠵᠡᠯᠡᠨ ᠬᠡᠷᠡᠭᠯᠡᠵᠦ

ᠪᠣᠯᠬᠤ ᠦᠭᠡᠢ᠃ ᠪᠣᠳᠠᠲᠤ ᠠᠵᠢᠯᠯᠠᠭ᠎ᠠ ᠪᠠᠷ ᠢᠶᠠᠨ ᠳᠡᠮᠵᠢᠯᠭᠡ ᠦᠵᠡᠭᠦᠯᠵᠦ᠂ ᠬᠡᠦᠬᠡᠳ ᠤᠨ ᠠᠮᠠᠷᠠᠯᠲᠠ ᠶᠢᠨ

ᠬᠤᠭᠤᠴᠠᠭᠠᠨ ᠤ ᠠᠮᠢᠳᠤᠷᠠᠯ ᠢ ᠵᠦᠢ ᠵᠣᠬᠢᠰᠲᠠᠢ ᠲᠣᠬᠢᠷᠠᠭᠤᠯᠬᠤ ᠪᠠᠷ ᠵᠢᠯᠣᠭᠤᠳᠴᠤ᠂ ᠪᠣᠯᠪᠠᠰᠤᠷᠠᠭᠤᠯᠤᠯ ᠤᠨ

ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃

     17᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠳᠤ ᠪᠠᠨ ᠵᠢᠷᠤᠭ ᠰᠢᠪᠡᠬᠦ ᠶᠢ ᠵᠠᠰᠠᠬᠤ ᠲᠤᠬᠠᠢ ᠤᠯᠤᠰ ᠤᠨ

ᠱᠠᠭᠠᠷᠳᠠᠯᠭ᠎ᠠ ᠶᠢ ᠦᠨᠳᠦᠰᠦᠯᠡᠨ᠂ ᠨᠠᠰᠤᠨ ᠳᠤ ᠦᠯᠦ ᠬᠦᠷᠦᠭᠰᠡᠳ  ᠤᠨ ᠡᠴᠢᠭᠡ ᠡᠬᠡ ᠪᠤᠶᠤ ᠪᠤᠰᠤᠳ ᠬᠢᠨᠠᠨ

ᠬᠠᠮᠠᠭᠠᠯᠠᠭᠴᠢ ᠨᠠᠰᠤᠨ ᠳᠤ ᠦᠯᠦ ᠬᠦᠷᠦᠭᠰᠡᠳ ᠪᠡᠶ᠎ᠡ ᠳᠤ ᠪᠠᠨ ᠵᠢᠷᠤᠭ ᠰᠢᠪᠡᠬᠦ ᠰᠠᠨᠠᠭ᠎ᠠ ᠲᠠᠢ ᠪᠤᠶᠤ ᠦᠢᠯᠡ

ᠠᠵᠢᠯᠯᠠᠭ᠎ᠠ ᠲᠠᠢ ᠪᠣᠯ ᠴᠠᠭ ᠲᠤᠬᠠᠢ ᠳᠤ ᠨᠢ ᠢᠳᠬᠠᠨ ᠬᠤᠷᠢᠭᠯᠠᠵᠤ᠂ ᠨᠠᠰᠤᠨ ᠳᠤ ᠦᠯᠦ ᠬᠦᠷᠦᠭᠰᠡᠳ ᠤᠨ

ᠪᠡᠶ᠎ᠡ ᠳᠤ ᠪᠠᠨ ᠵᠢᠷᠤᠭ ᠰᠢᠪᠡᠬᠦ ᠶᠢ ᠳᠤᠷ᠎ᠠ ᠪᠠᠷ ᠨᠢ ᠲᠠᠯᠪᠢᠵᠤ ᠪᠣᠯᠬᠤ ᠦᠭᠡᠢ᠃ ᠪᠣᠳᠠᠲᠤ ᠠᠵᠢᠯᠯᠠᠭ᠎ᠠ ᠪᠠᠷ ᠢᠶᠠᠨ

ᠳᠡᠮᠵᠢᠯᠭᠡ ᠦᠵᠡᠭᠦᠯᠵᠦ᠂ ᠬᠡᠦᠬᠡᠳ ᠢ ᠬᠥᠮᠦᠵᠢᠭᠦᠯᠦᠨ ᠬᠠᠪᠰᠤᠷᠴᠤ ᠨᠡᠶᠢᠭᠡᠮ ᠵᠢᠷᠤᠮ ᠤᠨ ᠭᠤᠣᠯᠯᠠᠭᠴᠢ

ᠥᠷᠲᠡᠭ ᠤᠨ ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠵᠦ᠂ ᠪᠡᠶ᠎ᠡ ᠳᠤ ᠪᠠᠨ ᠵᠢᠷᠤᠭ ᠰᠢᠪᠡᠬᠦ ᠶᠢᠨ ᠬᠤᠣᠷ

ᠬᠥᠨᠥᠭᠡᠯ ᠢ ᠭᠦᠢᠴᠡᠳ ᠲᠠᠨᠢᠭᠤᠯᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠨᠢ ᠴᠢᠩᠭᠠᠳᠬᠠᠵᠤ᠂

ᠪᠡᠶ᠎ᠡ ᠳᠤ ᠪᠠᠨ ᠵᠢᠷᠤᠭ ᠰᠢᠪᠡᠬᠦ ᠢ ᠣᠶᠤᠨᠴᠢ ᠪᠠᠷ ᠲᠡᠪᠴᠢᠭᠦᠯᠬᠦ ᠬᠡᠷᠡᠭᠲᠡᠢ᠃

     18. ᠪᠣᠯᠪᠠᠰᠤᠨ ᠬᠡᠪ ᠰᠤᠷᠲᠠᠯ ᠢ ᠰᠠᠨᠠᠭᠠᠴᠢᠯᠠᠵᠤ᠂ ᠡᠴᠢᠭᠡ ᠡᠬᠡ ᠦᠷ᠎ᠡ ᠬᠡᠦᠬᠡᠳ ᠤᠨ ᠨᠡᠪᠲᠡᠷᠡᠯᠴᠡᠭᠡ ᠶᠢ

ᠠᠩᠬᠠᠷᠤᠨ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠢᠯᠡᠭᠦᠬᠡᠨ ᠶᠠᠷᠢᠯᠴᠠᠵᠤ᠂ ᠡᠷᠡᠭᠦᠯ ᠮᠡᠨᠳᠦ ᠶᠢᠨ ᠰᠣᠶᠣᠯ

ᠪᠡᠶ᠎ᠡ ᠶᠢᠨ ᠲᠠᠮᠢᠷ ᠤᠨ ᠠᠵᠢᠯᠯᠠᠭ᠎ᠠ᠂ ᠰᠠᠶᠢᠨ ᠳᠤᠷ᠎ᠠ  ᠶᠢᠨ ᠦᠢᠯᠡᠴᠢᠯᠡᠭᠡ ᠵᠢᠴᠢ ᠪᠤᠰᠤᠳ ᠠᠰᠢᠭᠲᠠᠢ ᠨᠡᠶᠢᠭᠡᠮ ᠤᠨ

ᠦᠢᠯᠡᠳᠦᠯᠭᠡ ᠶᠢᠨ ᠠᠵᠢᠯᠯᠠᠭ᠎ᠠ  ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠡᠦᠬᠡᠳ ᠲᠤ ᠪᠠᠨ ᠵᠤᠰᠠᠯᠠᠩ᠂

ᠵᠤᠭᠠᠴᠠᠨ ᠰᠤᠷᠤᠯᠴᠠᠬᠤ᠂ ᠰᠤᠳᠤᠯᠤᠨ ᠰᠤᠷᠤᠯᠴᠠᠬᠤ ᠵᠡᠷᠭᠡ ᠵᠤᠨ ᠤ ᠠᠮᠠᠷᠠᠯᠲᠠ ᠶᠢᠨ ᠠᠵᠢᠯᠯᠠᠭ᠎ᠠ ᠶᠢ ᠰᠣᠩᠭᠤᠪᠠᠯ᠂

ᠭᠤᠣᠯᠯᠠᠨ ᠡᠷᠬᠢᠯᠡᠬᠦ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠷᠢ ᠭᠡᠮ ᠢ ᠨᠠᠷᠢᠨ ᠬᠢᠨᠠᠮᠠᠭᠠᠢ ᠣᠶᠢᠯᠠᠭᠠᠵᠤ᠂

ᠪᠦᠲᠦᠮᠵᠢᠲᠡᠢ ᠭᠡᠷ᠎ᠡ ᠲᠣᠭᠲᠠᠵᠤ᠂ ᠬᠡᠦᠬᠡᠳ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠬᠤ ᠬᠡᠷᠡᠭᠲᠡᠢ᠃

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map