ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2024 ᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ︽ᠬᠥᠯ ᠪᠥᠮᠪᠦᠭᠡ +︾ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/7/2
      6 ᠰᠠᠷ᠎ᠠ ᠶᠢᠨ 26 - 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠬᠢᠯᠡᠵᠦ᠂ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ︽ᠬᠥᠯ ᠪᠥᠮᠪᠦᠭᠡ +︾ ᠶᠢᠨ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠶᠢ ᠤᠯᠠᠭᠠᠨᠴᠠᠪ ᠬᠤᠲᠠ ᠶᠢᠨ ᠪᠡᠭᠡᠵᠢᠩ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠤᠯᠠᠭᠠᠨᠴᠠᠪ ᠬᠤᠪᠢᠶᠠᠷᠢ ᠰᠤᠷᠭᠠᠭᠤᠯᠢ ᠳᠤ ᠶᠠᠪᠤᠭᠳᠠᠭᠤᠯᠪᠠ᠃ ᠡᠯ᠎ᠡ ᠤᠷᠤᠯᠳᠤᠭᠠᠨ ᠳᠤ ᠣᠷᠣᠯᠴᠠᠭᠰᠠᠨ ᠳᠤᠭᠤᠶᠢᠯᠠᠩ ᠠᠶᠢᠮᠠᠭ ᠬᠤᠲᠠ ᠪᠠᠷ ᠨᠢᠭᠡᠴᠢ ᠪᠣᠯᠭᠠᠨ᠂ 10 ᠬᠥᠮᠦᠨ᠂ ᠲᠤᠬᠠᠶᠢᠯᠠᠪᠠᠯ᠂ ᠪᠠᠭ᠎ᠠ ᠰᠤᠷᠭᠠᠭᠤᠯᠢ 5 ᠬᠥᠮᠦᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 3 ᠬᠥᠮᠦᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ 2 ᠬᠥᠮᠦᠨ ᠢ ᠲᠣᠮᠢᠯᠠᠨ ᠤᠷ᠎ᠠ ᠴᠢᠳᠠᠪᠤᠷᠢ ᠶᠢᠨ ᠦᠵᠡᠭᠦᠯᠭᠡ ᠳᠤ ᠣᠷᠣᠯᠴᠠᠭᠤᠯᠵᠤ᠂ 120 ᠪᠠᠭᠰᠢ ᠡᠨᠡ ᠤᠳᠠᠭᠠᠨ ᠤ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠵᠠᠢ᠃ ᠡᠨᠡ ᠤᠳᠠᠭᠠᠨ ᠤ ᠤᠷ᠎ᠠ ᠴᠢᠳᠠᠪᠤᠷᠢ ᠶᠢᠨ ᠦᠵᠡᠭᠦᠯᠭᠡ ᠶᠢᠨ ᠬᠢᠷᠢ ᠪᠦᠲᠦᠮᠵᠢ ᠶᠢ ᠪᠦᠬᠦ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠪᠦᠯᠬᠦᠮ ᠤᠨ ᠬᠤᠪᠢ ᠬᠤᠷᠠᠮᠳᠤᠭᠤᠯᠬᠤ ᠲᠥᠷᠥᠯ ᠵᠦᠢᠯ ᠳᠤ ᠣᠷᠣᠭᠤᠯᠤᠨ᠎ᠠ᠃

1.jpg

2.jpg

3.jpg

4.jpg

5.jpg

6.jpg

7.jpg

8.jpg

9.jpg

10.jpg

11.jpg

12.jpg

13.jpg

14.jpg

      2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ

ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ︽ᠬᠥᠯ ᠪᠥᠮᠪᠦᠭᠡ +︾ ᠤᠷ᠎ᠠ ᠴᠢᠳᠠᠪᠤᠷᠢ ᠶᠢᠨ

ᠦᠵᠡᠭᠦᠯᠭᠡ ᠶᠢᠨ ᠠᠵᠢᠯᠯᠠᠭᠠᠨ ᠤ ᠠᠬᠤᠢ ᠲᠠᠯᠠᠪᠠᠢ

      ᠠᠵᠢᠯᠯᠠᠭ᠎ᠠ 3 ᠡᠳᠦᠷ ᠶᠠᠪᠤᠭᠳᠠᠵᠤ᠂ ᠶᠡᠷᠦᠩᠬᠡᠶᠢᠯᠡᠭᠰᠡᠨ ᠬᠥᠳᠡᠯᠭᠡᠭᠡᠨ ᠤ ᠤᠷ᠎ᠠ ᠴᠢᠳᠠᠪᠤᠷᠢ ᠶᠢᠨ ᠰᠢᠯᠭᠠᠯᠲᠠ᠂

ᠬᠥᠯ ᠪᠥᠮᠪᠦᠭᠡᠨ ᠤ ᠵᠢᠭᠠᠨ ᠰᠤᠷᠭᠠᠯᠲᠠ ᠶᠢᠨ ᠲᠥᠯᠥᠪᠯᠡᠭᠡ ᠪᠣᠯᠤᠨ ᠦᠢᠯᠡᠳᠦᠯᠭᠡ᠂ ᠪᠢᠴᠢᠯ ᠵᠢᠭᠠᠨ ᠰᠤᠷᠭᠠᠯᠲᠠ᠂ ᠪᠡᠶ᠎ᠡ

ᠮᠠᠬᠠᠪᠣᠳ ᠤᠨ ᠴᠢᠳᠠᠪᠤᠷᠢ ᠶᠢᠨ ᠪᠦᠲᠦᠭᠡᠯᠴᠢ ᠰᠡᠳᠬᠢᠮᠵᠢ ᠢ ᠵᠢᠭᠰᠠᠭᠠᠨ ᠦᠵᠡᠭᠦᠯᠬᠦ᠂ ᠪᠡᠶ᠎ᠡ ᠶᠢᠨ ᠲᠠᠮᠢᠷ ᠪᠣᠯᠤᠨ

ᠡᠷᠡᠭᠦᠯ ᠮᠡᠨᠳᠦ ᠶᠢᠨ ᠮᠡᠳᠡᠯᠭᠡ ᠶᠢᠨ ᠪᠢᠷ ᠤᠨ ᠰᠢᠯᠭᠠᠯᠲᠠ ᠵᠡᠷᠭᠡ 5 ᠬᠡᠰᠡᠭ ᠢ ᠪᠠᠭᠲᠠᠭᠠᠵᠠᠢ᠃

15.jpg

16.jpg

17.jpg

      ᠱᠠᠩᠨᠠᠯ ᠣᠯᠤᠭᠰᠠᠨ ᠲᠥᠯᠥᠭᠡᠯᠡᠭᠴᠢᠳ ᠤᠨ ᠳᠤᠭᠤᠶᠢᠯᠠᠩ ᠤᠨ ᠬᠠᠮᠲᠤ ᠶᠢᠨ ᠰᠡᠭᠦᠳᠡᠷ

      ᠤᠷᠤᠯᠳᠤᠭᠠᠨ ᠳᠤ ᠣᠷᠣᠯᠴᠠᠭᠰᠠᠨ ᠪᠠᠭᠰᠢ ᠨᠠᠷ ᠤᠷ᠎ᠠ ᠴᠢᠳᠠᠪᠤᠷᠢ ᠶᠢᠨ ᠦᠵᠡᠭᠦᠯᠭᠡ  ᠶᠢᠨ ᠶᠠᠪᠤᠴᠠ            

 ᠳᠤ ᠬᠠᠮᠲᠤ ᠳᠤ ᠪᠠᠨ ᠮᠥᠷᠦᠶᠢᠴᠡᠯᠳᠦᠵᠦ᠂ ᠬᠡᠪ ᠨᠠᠮᠪᠠᠭ᠎ᠠ ᠪᠠᠨ ᠭᠠᠶᠢᠬᠠᠭᠤᠯᠤᠨ᠂ ᠲᠤᠷᠰᠢᠯᠭ᠎ᠠ ᠪᠠᠨ          

ᠰᠣᠯᠢᠯᠴᠠᠪᠠ᠃ ᠬᠤᠷᠴᠠ ᠰᠢᠷᠦᠭᠦᠨ ᠮᠥᠷᠦᠶᠢᠴᠡᠭᠡᠨ ᠢᠶᠠᠷ ᠳᠠᠮᠵᠢᠨ᠂ ᠠᠵᠢᠯᠯᠠᠭ᠎ᠠ ᠳᠤ ᠡᠴᠦᠰ ᠲᠤ ᠪᠠᠨ 96 ᠬᠤᠪᠢ

ᠬᠥᠮᠦᠨ ᠤ ᠱᠠᠩᠨᠠᠯ ᠪᠠ 18 ᠬᠠᠮᠲᠤ ᠶᠢᠨ ᠱᠠᠩᠨᠠᠯ ᠲᠣᠳᠤᠷᠠᠵᠤ᠂ ᠣᠷᠳᠣᠰ ᠬᠤᠲᠠ ᠶᠢᠨ ᠲᠥᠯᠥᠭᠡᠯᠡᠭᠴᠢᠳ ᠤᠨ

ᠠᠩᠭᠢ ᠪᠥᠯᠬᠦᠮ ᠤᠨ ᠲᠡᠷᠢᠭᠦᠨ ᠳᠤ ᠣᠷᠣᠵᠤ᠂ ᠬᠥᠬᠡᠬᠤᠲᠠ ᠶᠢᠨ ᠲᠥᠯᠥᠭᠡᠯᠡᠭᠴᠢᠳ ᠤᠨ ᠠᠩᠭᠢ ᠪᠣᠯᠤᠨ ᠪᠤᠭᠤᠲᠤ

ᠬᠤᠲᠠ ᠶᠢᠨ ᠲᠥᠯᠥᠭᠡᠯᠡᠭᠴᠢᠳ ᠤᠨ ᠠᠩᠭᠢ ᠲᠤᠰ ᠲᠤᠰ ᠳᠡᠳ᠋ ᠪᠠ ᠭᠤᠲᠠᠭᠠᠷ ᠲᠤ ᠣᠷᠣᠪᠠ᠃

      ᠡᠨᠡ ᠤᠳᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ︽ᠬᠥᠯ

ᠪᠥᠮᠪᠦᠭᠡ +︾ ᠤᠷ᠎ᠠ ᠴᠢᠳᠠᠪᠤᠷᠢ ᠶᠢᠨ ᠦᠵᠡᠭᠦᠯᠭᠡ ᠶᠢᠨ ᠠᠵᠢᠯᠯᠠᠭ᠎ᠠ ᠨᠢ ᠮᠠᠨ ᠤ ᠣᠷᠣᠨ ᠤ ᠳᠤᠮᠳᠠᠳᠤ ᠪᠠᠭ᠎ᠠ

ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ

ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠳᠤ ᠵᠢᠱᠢᠶ᠎ᠡ ᠦᠵᠡᠭᠦᠯᠵᠦ

ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠬᠦ ᠪᠣᠯᠤᠨ᠎ᠠ᠃

   

 

 
ᠢᠷᠡᠯᠲᠡ᠄ ᠥᠪᠥᠷ ᠮᠣᠩᠭᠤᠯ ‍ᠤᠨ‌ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map